ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ 2024 ᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/4/23
    ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠵᠤᠷᠭᠠᠨ ᠤ ︽ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠪᠠᠶᠢᠴᠠᠭᠠᠯᠲᠠ ᠶᠢᠨ ᠣᠨ ᠤ ᠮᠡᠳᠡᠭᠦᠯᠦᠯᠲᠡ ᠶᠢᠨ ᠮᠤᠵᠢ ᠶᠢᠨ ᠱᠠᠲᠤᠨ ᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠭᠠᠵᠠᠷ ᠤᠨ ︽ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠪᠠᠶᠢᠴᠠᠭᠠᠯᠲᠠ ᠶᠢᠨ ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠠᠰᠤ ᠴᠢᠨᠠᠷ ᠢ ᠤᠯᠠᠮ ᠨᠢᠭᠡ ᠠᠯᠬᠤᠮ ᠪᠠᠬᠢᠵᠢᠭᠦᠯᠵᠤ᠂ ᠪᠥᠬᠦ ᠴᠤᠪᠤᠷᠠᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ 4 ᠰᠠᠷ᠎ᠠ ᠶᠢᠨ 7 ᠤ ᠡᠳᠦᠷ ᠠᠴᠠ 4 ᠰᠠᠷ᠎ᠠ ᠶᠢᠨ 18 ᠤ ᠡᠳᠦᠷ ᠪᠣᠯᠲᠠᠯ᠎ᠠ᠂ ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ᠂ ᠵᠢᠨᠢᠩ ᠲᠣᠭᠤᠷᠢᠭ ᠪᠠ ᠹᠧᠩᠵᠧᠨ ᠬᠤᠲᠠ ᠰᠤᠭᠤᠴᠢᠨ ᠠᠪᠤᠭᠰᠠᠨ ᠠᠵᠤ ᠠᠬᠤᠶᠢᠯᠠᠯ ᠢ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠪᠠ᠃   
乌兰察布市统计局开展2024年企业研发和创新年报数据质量实地核查.png
    ᠲᠣᠰ ᠤᠳᠠᠭᠠᠨ ᠤ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠠᠵᠢᠯ ᠢ ᠭᠦᠨᠵᠡᠭᠡᠶ ᠥᠷᠨᠢᠭᠦᠯᠬᠦ ᠪᠠᠷ ᠳᠡᠮᠵᠢᠨ᠂ ᠠᠵᠤ ᠠᠬᠤᠶᠢᠯᠠᠯ ᠤᠨ ᠲᠠᠭᠯᠠᠨ ᠮᠡᠳᠡᠭᠦᠯᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠪᠣᠳᠠᠲᠤ ᠪᠠᠶᠢᠳᠠᠯ ᠵᠢᠴᠢ ᠠᠵᠢᠯ ᠤᠨ ᠬᠢᠯᠠᠰ ᠴᠡᠭ ᠢ ᠴᠦ ᠣᠶᠢᠯᠠᠭᠠᠪᠠ᠃ ᠣᠷᠣᠰᠢᠵᠤ ᠪᠠᠢᠭ᠎ᠠ ᠠᠰᠠᠭᠤᠳᠠᠯ ᠳᠤ᠂ ᠬᠤᠲᠠ ᠶᠢᠨ ᠲᠣᠪᠴᠢᠶᠠᠨ ᠤ ᠲᠤᠰᠬᠠᠶ ᠮᠡᠷᠭᠡᠵᠢᠯ ᠤᠨ ᠠᠵᠢᠯᠲᠠᠨ ᠮᠡᠳᠡᠭᠦᠯᠦᠯᠲᠡ ᠶᠢᠨ ᠬᠦᠰᠦᠨᠦᠭᠲᠦ ᠶᠢᠨ ᠣᠶᠢᠯᠠᠭᠠᠬᠤ ᠳᠤ ᠬᠦᠴᠢᠷᠲᠡᠶ ᠭᠦᠢᠴᠡᠳᠭᠡᠯ ᠲᠤᠭ᠎ᠠ ᠶᠢ ᠲᠤᠬᠠᠶ ᠶᠢᠨ ᠭᠠᠵᠠᠷ ᠲᠤᠨᠢ ᠪᠣᠯᠪᠠᠰᠤᠷᠠᠯ ᠬᠢᠪᠡ︔ ᠠᠵᠤ ᠠᠬᠤᠶᠢᠯᠠᠯ ᠤᠨ ᠠᠵᠢᠯ ᠳᠤ ᠣᠷᠣᠰᠢᠵᠤ ᠪᠠᠶᠢᠭ᠎ᠠ ᠬᠢᠯᠠᠰ ᠴᠡᠭ ᠢ ᠬᠤᠲᠠ ᠶᠢᠨ ᠲᠣᠪᠴᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠨᠤᠲᠠᠯᠠᠬᠤ ᠶᠢᠨ ᠬᠠᠮᠲᠤ ᠡᠯ᠎ᠡ ᠭᠠᠵᠠᠷ ᠲᠤ ᠳᠡᠯᠭᠡᠷᠡᠬᠦᠯᠦᠨ ᠰᠤᠷᠤᠯᠴᠠᠨ ᠲᠣᠯᠢᠳᠠᠪᠡ᠃    ᠲᠣᠰ ᠤᠳᠠᠭᠠᠨ ᠤ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠭᠰᠠᠨ ᠦᠷ᠎ᠡ ᠪᠦᠲᠦᠮᠵᠢ ᠨᠢ ᠰᠠᠶᠢᠨ ᠪᠠᠶᠢᠵᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠢᠶᠠᠷ ᠪᠠᠷᠠᠬᠤ ᠥᠬᠡᠶ 2024 ᠣᠨ ᠤ ᠪᠥᠬᠦ ᠬᠤᠲᠠ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠪᠠᠶᠢᠴᠠᠭᠠᠨ ᠪᠦᠷᠢᠳᠬᠡᠬᠦ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠠᠢ᠃
 
ᠢᠷᠡᠯᠲᠡ᠄ ᠤᠯᠠᠭᠠᠨᠴᠠᠪ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号