ᠪᠠᠶᠠᠨᠨᠠᠭᠤᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠬᠤᠲᠠ ᠶᠢᠨ ᠠᠷᠠᠯᠵᠢᠶᠠᠨ ᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2025/4/25
     ᠪᠥᠬᠦ ᠬᠤᠲᠠ ᠶᠢᠨ ᠠᠷᠠᠯᠵᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 24 ᠤ ᠡᠳᠦᠷ᠂ ᠪᠠᠶᠠᠨᠨᠠᠭᠤᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠬᠤᠲᠠ ᠶᠢᠨ ᠠᠷᠠᠯᠵᠢᠶᠠᠨ ᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠪᠡ᠃ ᠡᠯ᠎ᠡ ᠬᠤᠰᠢᠭᠤ ᠰᠢᠶᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠵᠢᠴᠢ ᠬᠤᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠠᠵᠢᠯᠲᠠᠨ ᠨᠡᠶᠢᠲᠡ 20 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠠᠩ ᠳ᠋ᠧᠩ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠭᠤᠤᠯᠳᠠᠭᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠤᠭ᠎ᠠ ᠪᠦᠷᠢᠳᠬᠡᠯ ᠤᠨᠬᠠᠤᠯᠢ︾᠂ ᠬᠢᠵᠠᠭᠠᠷᠯᠠᠭᠰᠠᠨ ᠠᠴᠠ ᠳᠡᠭᠡᠭᠰᠢᠬᠢ᠂ ᠬᠢᠵᠠᠭᠠᠷᠯᠠᠭᠰᠠᠨ ᠠᠴᠠ ᠳᠤᠷᠤᠭᠰᠢᠬᠢ ᠠᠷᠠᠯᠵᠢᠶ᠎ᠠ  ᠬᠥᠮᠥᠷᠭᠡ ᠳᠤ ᠣᠷᠣᠭᠤᠯᠵᠤ ᠬᠥᠮᠥᠷᠭᠡ ᠠᠴᠠ ᠭᠠᠷᠭᠠᠬᠤ ᠶᠢ ᠬᠢᠨᠠᠨ ᠬᠠᠷᠭᠤᠭᠤᠯᠬᠤ ᠭᠤᠤᠯᠳᠠᠯᠭ᠎ᠠ᠂ ᠣᠯᠠᠨ ᠠᠵᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢᠨ ᠲᠤᠭ᠎ᠠ ᠪᠦᠷᠢᠳᠬᠡᠯ ᠤᠨ ᠠᠷᠭ᠎ᠠ ᠵᠡᠷᠭᠡ ᠭᠤᠤᠯᠯᠠᠬᠤ ᠲᠤᠬᠠᠶᠢᠯᠠᠭᠰᠠᠨ ᠠᠵᠢᠯ ᠤᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃ ︽ᠣᠨᠣᠯ ᠤᠨ ᠲᠠᠶᠢᠯᠪᠤᠷᠢᠯᠠᠯᠲᠠ + ᠬᠡᠷᠡᠭ ᠤᠨ ᠵᠢᠱᠢᠶ᠎ᠡ ᠶᠢᠨ ᠵᠠᠳᠠᠯᠤᠯᠲᠠ + ᠰᠢᠰᠲ᠋ᠧᠮ ᠤᠨ ᠪᠣᠳᠠᠲᠤ ᠠᠵᠢᠯᠯᠠᠭ᠎ᠠ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠭ᠎ᠠ ᠪᠠᠷᠢᠮᠲᠠ ᠴᠤᠭᠯᠠᠭᠤᠯᠬᠤ᠂ ᠬᠢᠨᠠᠨ ᠬᠠᠷᠭᠤᠭᠤᠯᠵᠤ ᠦᠨᠡᠯᠡᠨ ᠵᠢᠱᠢᠬᠦ᠂ ᠭᠡᠷᠡᠴᠢ ᠪᠠᠷᠢᠮᠲᠠ ᠶᠢ ᠵᠢᠷᠤᠮᠵᠢᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠠᠵᠢᠯᠯᠠᠭᠠᠨ ᠤ ᠵᠢᠷᠤᠮᠵᠢᠯ ᠢ ᠰᠢᠰᠲ᠋ᠧᠮ ᠲᠠᠢ ᠡᠮᠬᠢᠯᠡᠨ ᠳᠢᠭᠯᠡᠬᠦ ᠶᠢᠨ ᠬᠠᠮᠲᠤ ᠦᠨᠳᠦᠰᠦᠨ ᠱᠠᠲᠤᠨ ᠤ ᠪᠠᠶᠢᠩᠭᠤ ᠲᠣᠬᠢᠶᠠᠯᠳᠤᠳᠠᠭ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠠᠰᠠᠭᠤᠯᠲᠠ ᠶᠢ ᠬᠠᠷᠢᠭᠤᠯᠪᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠪᠢᠲᠡᠭᠦᠮᠵᠢᠯᠡᠭᠰᠡᠨ ᠰᠢᠯᠭᠠᠯᠲᠠ ᠶᠢ ᠵᠣᠬᠢᠶᠠᠨ ᠪᠠᠶᠢᠭᠤᠯᠵᠤ᠂ ᠰᠤᠷᠤᠯᠭ᠎ᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠰᠢᠯᠭᠠᠨ ᠪᠠᠶᠢᠴᠠᠭᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠠᠷᠠᠯᠵᠢᠶᠠᠨ ᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠣᠯ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ᠂ ᠠᠵᠤ ᠠᠬᠤᠶ ᠳᠤ ᠦᠢᠯᠡᠴᠢᠯᠡᠬᠦ ᠰᠢᠢᠳᠪᠦᠷᠢᠳᠦ ᠪᠣᠳᠣᠯᠭ᠎ᠠ ᠶᠢᠨ ᠴᠢᠬᠤᠯᠠ ᠦᠨᠳᠦᠰᠦᠯᠡᠯ ᠮᠥᠨ᠂ ᠡᠯ᠎ᠡ ᠬᠤᠰᠢᠭᠤ ᠰᠢᠶᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤᠲᠠᠭᠤᠳᠠᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠣᠨᠢᠨ ᠳᠡᠭᠡᠷ᠎ᠡ ᠨᠢ ᠬᠦᠴᠦᠯᠡᠬᠦ ᠬᠡᠷᠡᠭᠲᠡᠶ᠃ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠡᠷᠡᠰ ᠬᠤᠷᠢᠭᠯᠠᠵᠤ᠂ ︽ᠲᠤᠭ᠎ᠠ ᠪᠦᠷᠢᠳᠬᠡᠯ ᠤᠨ ᠬᠠᠤᠯᠢ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠡᠵᠡᠮᠳᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠬᠤᠶᠠᠷ ᠲᠤ᠂ ᠠᠵᠤ ᠠᠬᠤᠶᠢᠯᠠᠯ ᠤᠨ ᠬᠥᠮᠥᠷᠭᠡ ᠳᠤ ᠣᠷᠣᠭᠤᠯᠬᠤ ᠪᠠ ᠬᠠᠮᠢᠶᠠᠷᠬᠤ ᠶᠢ ᠴᠢᠩᠭ᠎ᠠ ᠠᠳᠬᠤᠵᠤ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠬᠥᠳᠡᠯᠦᠩᠭᠦᠶ ᠪᠠᠷ ᠬᠢᠨᠠᠨ ᠰᠢᠨᠵᠢᠵᠦ᠂ ︽ᠨᠢᠭᠡ ᠡᠷᠦᠬᠡ ᠳᠤ ᠬᠦᠷᠪᠡᠯ᠂ ᠨᠢᠭᠡ ᠡᠷᠦᠬᠡ ᠳᠤ ᠣᠷᠣᠭᠤᠯᠬᠤ︾ ᠶᠢ ᠪᠡᠶᠡᠯᠡᠭᠦᠯᠬᠦ ᠬᠡᠷᠡᠭᠲᠡᠶ︔ ᠭᠤᠷᠪᠠ ᠳᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠤᠭ᠎ᠠ ᠪᠠᠷᠢᠮᠲᠠ ᠶᠢᠨ ᠲᠠᠶᠢᠯᠤᠮᠵᠢ ᠪᠠ ᠬᠠᠨᠳᠤᠰᠢ ᠶᠢᠨ ᠮᠠᠭᠠᠳᠯᠠᠯᠲᠠ ᠶᠢ ᠴᠢᠩᠭᠠᠳᠬᠠᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠣᠨᠣᠪᠴᠢᠲᠠᠶ  ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠬᠤ ᠬᠡᠷᠡᠭᠲᠡᠶ ᠭᠡᠵᠡᠢ᠃    ᠲᠠᠷᠠᠭᠠᠴᠢ ᠶᠢᠨ ᠠᠯᠬᠤᠮ ᠳᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠨ ᠤ ᠲᠤᠭ᠎ᠠ ᠪᠦᠷᠢᠳᠬᠡᠯ ᠤᠨ ᠡᠩᠨᠡᠭᠡᠨ ᠤ ᠲᠤᠰᠬᠠᠶᠢᠵᠢᠭᠰᠠᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ ᠪᠣᠯᠤᠨ᠎ᠠ᠃
 
ᠢᠷᠡᠯᠲᠡ᠄ ᠪᠠᠶᠠᠨᠨᠠᠭᠤᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号