ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠭᠡᠯ ᠤᠨ ᠲᠤᠪᠴᠢᠶ᠎ᠠ | ᠤᠯᠤᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠦᠪᠦᠷ ᠮᠤᠩᠭᠤᠯ ᠳᠠᠬᠢ ᠪᠠᠶᠢᠴᠠᠭᠠᠯᠲᠠ ᠶᠢᠨ | ᠶᠡᠷᠦᠩᠬᠡᠢ ᠠᠩᠬᠢ | ᠨᠢᠭᠡᠳᠦᠭᠡᠷ ᠤᠯᠠᠷᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠳᠠᠶᠠᠭᠠᠷ ᠢᠶᠠᠨ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ | ᠪᠣᠯᠤᠨ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ | ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠯᠡᠳᠡᠭᠡᠯ ᠲᠦᠷᠦ ᠶᠢᠨ ᠪᠤᠳᠤᠯᠭ᠎ᠠ ᠪᠣᠯᠤᠨ ᠨᠡᠮᠡᠭᠳᠡᠯ ᠤᠨ ᠲᠦᠷᠦ ᠶᠢᠨ | ᠪᠤᠳᠤᠯᠭ᠎ᠠ ᠶᠢ ᠦᠷᠭᠦᠯᠵᠢᠯᠡᠨ ᠬᠦᠴᠦᠯᠡᠵᠦ ᠦᠷ᠎ᠡ ᠪᠦᠲᠦᠮᠵᠢ ᠶᠢ ᠢᠯᠡᠷᠡᠭᠦᠯᠵᠦ᠂ ᠦᠢᠯᠡᠳᠪᠦᠷᠢᠯᠡᠯ ᠬᠠᠩᠭᠠᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ | ᠲᠣᠭᠲᠠᠭᠤᠨ ᠡᠮᠬᠢ ᠵᠢᠷᠤᠮ ᠲᠠᠢ ᠶᠠᠪᠤᠭᠳᠠᠭᠤᠯᠪᠠ᠃ | ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠬᠠᠷᠭᠤᠭᠤᠯᠤᠨ ᠪᠣᠳᠣᠭᠰᠠᠨ | ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ 5816 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠬᠤ ᠦᠭᠡᠢ | ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠪᠡ᠃ ᠠᠵᠤ ᠦᠢᠯᠡᠰ ᠬᠤᠪᠢᠶᠠᠵᠤ | ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 177 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 2547 ᠳ᠋ᠦᠩᠰᠢᠭᠤᠷ ᠲᠥᠭᠦᠷᠢᠭ ᠲᠤ ᠬᠦᠷᠴᠦ᠂ 6.4% ᠪᠠᠷ ᠨᠡᠮᠡᠭᠳᠡᠪᠡ︔ ᠭᠤᠷᠪᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 3091 ᠳ᠋ᠦᠩᠰᠢᠭᠤᠷ ᠲᠥᠭᠦᠷᠢᠭ ᠲᠤ ᠬᠦᠷᠴᠦ᠂ 4.6% ᠪᠠᠷ ᠨᠡᠮᠡᠭᠳᠡᠪᠡ᠃ | ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠤ᠂ ᠮᠠᠯ ᠠᠵᠤ ᠠᠬᠤᠶ ᠶᠡᠷᠦᠩᠬᠡᠶ ᠳᠡᠭᠡᠨ | ᠲᠣᠭᠲᠠᠭᠤᠨ ᠪᠠᠶᠢᠨ᠎ᠠ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ | ᠠᠬᠤᠶ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠃ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠮᠬᠢ ᠵᠢᠷᠤᠮ ᠲᠠᠢ ᠠᠬᠢᠭᠤᠯᠵᠤ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ ᠭᠦᠢᠴᠡᠳ ᠪᠠᠶᠢᠨ᠎ᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ | ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 45.9 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃ ᠡᠭᠦᠨ ᠳᠤ ᠦᠬᠡᠷ ᠤᠨ ᠮᠢᠬ᠎ᠠ᠂ ᠬᠤᠨᠢᠨ ᠮᠢᠬᠠᠨ ᠤ | ᠭᠠᠷᠤᠯᠲᠠ ᠲᠣᠰ ᠲᠣᠰ 9.5% ᠪᠠ 9.6% ᠨᠡᠮᠡᠭᠳᠡᠪᠡ᠃ ᠰᠦ ᠶᠢᠨ ᠭᠠᠷᠤᠯᠲᠠ 0.8 ᠨᠡᠮᠡᠭᠳᠡᠪᠡ᠃ ᠨᠢᠭᠡᠳᠦᠭᠡᠷ | ᠤᠯᠠᠷᠢᠯ ᠤᠨ ᠡᠴᠦᠰ ᠲᠤ᠂ ᠪᠥᠬᠦ ᠣᠷᠣᠨ ᠤ ᠭᠠᠭ᠋ᠠᠶ ᠶᠢᠨ ᠲᠤᠭ᠎ᠠ ᠲᠣᠯᠣᠭᠠᠢ 623.7 ᠲᠦᠮᠡ ᠳᠤ ᠬᠦᠷᠴᠦ᠂ 5. | 3% ᠪᠠᠷ ᠨᠡᠮᠡᠭᠳᠡᠪᠡ︔ ᠦᠬᠡᠷ ᠤᠨ ᠲᠤᠭ᠎ᠠ ᠲᠣᠯᠣᠭᠠᠢ 946.2 ᠲᠦᠮᠡ ᠳᠤ ᠬᠦᠷᠴᠦ᠂ 0.4% ᠪᠠᠷ | ᠪᠠᠭᠤᠷᠠᠪᠠ︔ ᠬᠤᠨᠢᠨ ᠤ ᠲᠤᠭ᠎ᠠ ᠲᠣᠯᠣᠭᠠᠢ 6486.5 ᠲᠦᠮᠡ ᠳᠤ ᠬᠦᠷᠴᠦ᠂ 6.6% ᠪᠠᠷ ᠪᠠᠭᠤᠷᠠᠪᠠ᠃ | ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠲᠣᠨᠣᠭᠯᠠᠯ ᠦᠢᠯᠡᠳᠬᠦ | ᠦᠢᠯᠡᠰ ᠪᠣᠯᠤᠨ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠨᠡᠯᠢᠶᠡᠳ ᠲᠦᠷᠭᠡᠨ ᠨᠡᠮᠡᠭᠳᠡᠪᠡ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠪᠡ᠃ ᠭᠤᠷᠪᠠᠨ ᠲᠣᠮᠣ ᠲᠥᠷᠥᠯ | ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 4.9% ᠨᠡᠮᠡᠭᠳᠡᠵᠦ᠂ ᠦᠢᠯᠡᠳᠬᠦ ᠦᠢᠯᠡᠰ 10.7% ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ | ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 6.2% ᠨᠡᠮᠡᠭᠳᠡᠪᠡ᠃ | ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 32. | 5% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 23.1% ᠪᠠᠷ | ᠨᠡᠮᠡᠭᠳᠡᠪᠡ᠃ ᠠᠵᠤ ᠠᠬᠤᠶ ᠶᠢᠨ ᠲᠦᠷᠦᠯ ᠬᠡᠯᠪᠡᠷᠢ ᠪᠠᠷ ᠦᠵᠡᠪᠡᠯ᠂ ᠤᠯᠤᠰ ᠤᠨ ᠥᠮᠴᠢᠯᠡᠯ ᠤᠨ ᠬᠤᠪᠢ | ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 7.1% ᠪᠠᠷ | ᠨᠡᠮᠡᠭᠳᠡᠪᠡ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 6.7% ᠪᠠᠷ ᠨᠡᠮᠡᠭᠳᠡᠵᠦ᠂ ᠭᠠᠳᠠᠭᠠᠳᠤ ᠶᠢᠨ | ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 9. | 6% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯ ᠪᠣᠯᠬᠤ ᠦᠢᠯᠡᠳᠬᠦᠨ ᠤ | ᠭᠠᠷᠤᠯᠲᠠ ᠠᠴᠠ ᠦᠵᠡᠪᠡᠯ᠂ ᠲᠦᠭᠦᠬᠡᠶ ᠨᠡᠭᠦᠷᠡᠰᠦᠨ ᠤ ᠭᠠᠷᠤᠯᠲᠠ 3.3 ᠳ᠋ᠦᠩᠰᠢᠭᠤᠷ ᠲᠣᠨ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.9% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 2044.5 | ᠳ᠋ᠦᠩᠰᠢᠭᠤᠷ ᠺᠢᠯᠣᠸᠠᠲ ᠴᠠᠭ ᠲᠤ ᠬᠦᠷᠴᠦ᠂ 1.3% ᠪᠠᠷ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠭᠰᠠᠨ ᠬᠡᠮᠵᠢᠶ᠎ᠡ 550.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 31.4% ᠪᠠᠷ | ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 114.2 ᠲᠦᠮᠡᠨ ᠲᠣᠨ ᠳᠤ ᠬᠦᠷᠴᠦ᠂ 4.1% ᠪᠠᠷ ᠨᠡᠮᠡᠭᠳᠡᠪᠡ︔ | ᠪᠣᠯᠣᠳ ᠮᠠᠲ᠋ᠧᠷᠢᠶᠠᠯ ᠤᠨ ᠭᠠᠷᠤᠯᠲᠠ 903.2 ᠲᠦᠮᠡᠨ ᠲᠣᠨ ᠳᠤ ᠬᠦᠷᠴᠦ᠂ 5.7% ᠪᠠᠷ ᠨᠡᠮᠡᠭᠳᠡᠪᠡ︔ ᠮᠠᠰᠢᠨ | ᠲᠡᠷᠭᠡᠨ ᠤ ᠭᠠᠷᠤᠯᠲᠠ 3.0 ᠲᠦᠮᠡ ᠳᠤ ᠬᠦᠷᠴᠦ᠂ 38.3% ᠪᠠᠷ ᠨᠡᠮᠡᠭᠳᠡᠪᠡ᠃ 1 - 2 ᠳ᠋ᠤᠭᠠᠷ ᠰᠠᠷ᠎ᠠ ᠳᠤ᠂ | ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ | ᠣᠷᠣᠯᠭ᠎ᠠ 4448.2 ᠳ᠋ᠦᠩᠰᠢᠭᠤᠷ ᠲᠥᠭᠦᠷᠢᠭ ᠲᠤ ᠬᠦᠷᠴᠦ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ | ᠶᠡᠷᠦᠩᠬᠡᠶ ᠲᠤᠭ᠎ᠠ 407.2 ᠳ᠋ᠦᠩᠰᠢᠭᠤᠷ ᠲᠥᠭᠦᠷᠢᠭ ᠲᠤ ᠬᠦᠷᠪᠡ᠃ | ᠭᠤᠷᠪᠠ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠳᠡᠭᠡᠭᠰᠢᠯᠡᠵᠦ᠂ ᠤᠳᠤ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠰᠠᠶᠢᠨ ᠪᠠᠶᠢᠨ᠎ᠠ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ | ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠵᠦ᠂ ᠵᠠᠮ | ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ 4.5% ᠪᠠᠷ ᠨᠡᠮᠡᠭᠳᠡᠵᠦ᠂ ᠬᠤᠨᠤᠭ ᠪᠠᠭᠤᠳᠠᠯ | ᠪᠠ ᠢᠳᠡᠭᠡᠨ ᠤᠮᠳᠠᠭᠠᠨ ᠤ ᠦᠢᠯᠡᠰ 4.4% ᠪᠠᠷ ᠨᠡᠮᠡᠭᠳᠡᠪᠡ᠃ 1 - 2 ᠳ᠋ᠤᠭᠠᠷ ᠰᠠᠷ᠎ᠠ ᠳᠤ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 4.0% ᠨᠡᠮᠡᠭᠳᠡᠪᠡ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠤᠨ 10 ᠠᠵᠢᠯ ᠲᠥᠷᠥᠯ ᠤᠨ ᠳᠣᠲᠣᠷ᠎ᠠ᠂ 8 ᠠᠵᠢᠯ ᠲᠥᠷᠥᠯ ᠤᠨ ᠡᠵᠡᠩᠨᠡᠯᠲᠡ ᠶᠢᠨ | ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ | ᠨᠡᠯᠢᠶᠡᠳ ᠲᠦᠷᠭᠡᠨ ᠨᠡᠮᠡᠭᠳᠡᠵᠦ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠦ᠂ | ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ 26.7% ᠪᠠᠷ ᠨᠡᠮᠡᠭᠳᠡᠪᠡ᠃ | ᠳᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠬᠦ ᠶᠢ ᠪᠠᠲᠤᠯᠠᠵᠤ᠂ ᠨᠢᠭᠡᠳᠦᠭᠡᠷ | ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠬᠦᠴᠦᠲᠡᠶ ᠪᠠᠶᠢᠨ᠎ᠠ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ | ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 20.0% ᠨᠡᠮᠡᠭᠳᠡᠪᠡ᠃ ᠬᠦᠷᠢᠶ᠎ᠡ ᠴᠠᠷᠠᠭ᠎ᠠ | ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 43. | 3% ᠨᠡᠮᠡᠭᠳᠡᠵᠦ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ 17.9% ᠨᠡᠮᠡᠭᠳᠡᠵᠦ᠂ ᠬᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 0.2% ᠪᠠᠭᠤᠷᠠᠪᠠ᠃ ᠠᠵᠤ ᠦᠢᠯᠡᠰ ᠬᠤᠪᠢᠶᠠᠵᠤ | ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 102.4% ᠨᠡᠮᠡᠭᠳᠡᠪᠡ︔ ᠬᠤᠶᠠᠳᠤᠭᠠᠷ ᠠᠵᠤ | ᠦᠢᠯᠡᠰ ᠤᠨ ᠪᠡᠯᠡ ᠣᠷᠣᠭᠤᠯᠤᠯᠲᠠ 17.9% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ 14.3% ᠨᠡᠮᠡᠭᠳᠡᠪᠡ᠃ | ᠲᠠᠪᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠲᠣᠭᠲᠠᠭᠤᠨ ᠢᠶᠠᠷ ᠲᠦᠷᠭᠡᠳᠴᠦ᠂ ᠬᠠᠭᠤᠴᠢᠨ ᠢᠶᠠᠷ ᠰᠢᠨ᠎ᠡ ᠶᠢ | ᠰᠣᠯᠢᠬᠤ ᠬᠠᠮᠢᠶ᠎ᠠ ᠪᠥᠬᠦᠶ ᠲᠠᠸᠠᠷ ᠤᠨ ᠪᠣᠷᠣᠯᠠᠭᠤᠯᠭ᠎ᠠ ᠰᠠᠶᠢᠨ ᠪᠠᠶᠢᠨ᠎ᠠ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠪᠥᠬᠦ ᠲᠤᠭ᠎ᠠ 1302.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6. | 7% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ | ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6. | 6% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 7. | 2% ᠢᠶᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ | ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠬᠤ ᠬᠡᠮᠵᠢᠶ᠎ᠡ 7. | 2% ᠢᠶᠠᠷ ᠨᠡᠮᠡᠭᠳᠡᠪᠡ᠃ ᠬᠡᠷᠡᠭᠯᠡᠭᠡ ᠶᠢᠨ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ | ᠦᠷᠭᠦᠯᠵᠢᠯᠡᠨ ᠢᠯᠡᠷᠬᠡᠶ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ ᠤ ᠲᠥᠷᠥᠯ᠂ | ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠴᠢᠮᠡᠭᠡ | ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ | 21.9%᠂ 35.4% ᠪᠠ 79.6% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 80.6% ᠪᠠᠷ ᠨᠡᠮᠡᠭᠳᠡᠪᠡ᠃ | ᠵᠢᠷᠭᠤᠭ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠳᠣᠤᠷ᠎ᠠ ᠪᠠᠶᠢᠷᠢᠨ ᠳᠤ ᠣᠷᠣᠰᠢᠵᠤ᠂ ᠠᠵᠤ | ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠡ ᠪᠠᠭᠤᠷᠠᠪᠠ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ | ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠪᠠ᠃ ᠲᠥᠷᠥᠯ ᠬᠤᠪᠢᠶᠠᠨ ᠦᠵᠡᠪᠡᠯ᠂ ᠢᠳᠡᠭᠡᠨ ᠪᠠ | ᠠᠷᠢᠬᠢ ᠲᠠᠮᠠᠬᠢᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 2.0% ᠪᠠᠭᠤᠷᠠᠵᠤ᠂ ᠬᠤᠪᠴᠠᠰᠤ | ᠬᠤᠨᠠᠷ ᠤᠨ ᠦᠨ᠎ᠡ ᠬᠠᠩᠰᠢ 0.5% ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ ᠠᠳᠠᠯᠢ | ᠬᠤᠭᠤᠴᠠᠭᠠᠨ ᠤ ᠬᠢ ᠲᠠᠢ ᠠᠳᠠᠯᠢ ᠪᠠᠶᠢᠵᠤ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 0. | 8% ᠥᠰᠴᠦ᠂ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠦᠨ᠎ᠡ ᠬᠠᠩᠰᠢ 2.2% ᠪᠠᠭᠤᠷᠠᠵᠤ᠂ ᠰᠤᠷᠭᠠᠨ | ᠬᠥᠮᠦᠵᠢᠯ ᠰᠣᠶᠣᠯ ᠴᠡᠩᠭᠡᠯ ᠤᠨ ᠦᠨ᠎ᠡ ᠬᠠᠩᠰᠢ 0.2% ᠪᠠᠭᠤᠷᠠᠵᠤ᠂ ᠡᠮᠴᠢᠯᠡᠭᠡ ᠡᠷᠡᠭᠦᠯᠵᠢᠯ ᠤᠨ ᠦᠨ᠎ᠡ ᠬᠠᠩᠰᠢ | 0.2% ᠪᠠᠭᠤᠷᠠᠵᠤ᠂ ᠪᠤᠰᠤᠳ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 7.5% ᠥᠰᠴᠡᠢ᠃ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ | ᠦᠢᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 5.7% ᠪᠠᠷ ᠪᠠᠭᠤᠷᠠᠵᠤ᠂ ᠠᠵᠤ | ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭᠠᠨ ᠤ ᠬᠢ ᠠᠴᠠ 4. | 9% ᠪᠠᠷ ᠪᠠᠭᠤᠷᠠᠪᠠ᠃ | ᠳᠣᠯᠤᠭ᠎ᠠ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠤᠲᠠ ᠪᠠᠯᠭᠠᠰᠤᠨ ᠤ ᠰᠠᠭᠤᠭᠠᠯᠢ ᠠᠷᠠᠳ ᠠᠴᠠ ᠲᠦᠷᠭᠡᠳᠪᠡ | ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ 11303 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.3% ᠪᠠᠷ | ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13984 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6950 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ ᠨᠢ 2.01 ᠪᠠᠶᠢᠵᠤ᠂ ᠲᠦᠷᠦᠭᠦᠦ ᠵᠢᠯ ᠤᠨ ᠠᠳᠠᠯᠢ | ᠬᠤᠭᠤᠴᠠᠭᠠᠨ ᠠᠴᠠ 0.02 ᠪᠠᠭᠠᠰᠴᠠᠢ᠃ | ᠶᠡᠷᠦᠩᠬᠡᠢ ᠳᠤᠨᠢ ᠠᠪᠴᠤ ᠦᠵᠡᠪᠡᠯ᠂ ᠡᠯ᠎ᠡ ᠵᠦᠢᠯ ᠤᠨ ᠬᠤᠷᠸ᠎ᠠ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ | ᠬᠦᠴᠦᠯᠡᠬᠦ ᠶᠢ ᠳᠠᠭᠠᠯᠳᠤᠨ᠂ ᠨᠢᠭᠡᠳᠦᠭᠡᠷ ᠤᠯᠠᠷᠢᠯ ᠳᠤ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ | ᠲᠣᠭᠲᠠᠭᠤᠨ ᠪᠠᠶᠢᠵᠤ᠂ ᠬᠥᠭᠵᠢᠯᠲᠡ ᠶᠢᠨ ᠰᠠᠶᠢᠨ ᠬᠠᠨᠳᠤᠰᠢ ᠶᠢ ᠦᠷᠭᠦᠯᠵᠢᠯᠡᠨ ᠪᠠᠲᠤᠯᠠᠪᠠ᠃ ᠡᠭᠦᠨ ᠤ ᠬᠠᠮᠲᠤ᠂ | ᠭᠠᠳᠠᠭᠠᠳᠤ ᠣᠷᠴᠢᠨ ᠨᠥᠬᠦᠴᠡᠯ ᠤᠨ ᠠᠵᠤ ᠠᠬᠤᠢ ᠶᠢᠨ ᠦᠶᠡᠯᠡᠯ ᠤᠨ ᠴᠢᠨᠠᠷᠲᠠᠢ ᠪᠦᠲᠦᠴᠡ ᠶᠢᠨ ᠴᠢᠨᠠᠷᠲᠠᠢ | ᠠᠰᠠᠭᠤᠳᠠᠯ ᠢ ᠰᠠᠮᠠᠭᠤᠷᠠᠭᠤᠯᠵᠤ᠂ ᠲᠣᠭᠲᠠᠭᠤᠨ ᠪᠤᠰᠤ ᠲᠤᠭᠳᠠᠪᠤᠷᠢ ᠪᠤᠰᠤ ᠬᠦᠴᠦᠨ ᠵᠦᠢᠯ ᠮᠥᠨ ᠬᠦ ᠨᠡᠯᠢᠶᠡᠳ | ᠠᠷᠪᠢᠨ ᠪᠠᠶᠢᠵᠤ᠂ ᠠᠵᠤ ᠠᠬᠤᠢ ᠶᠢᠨ ᠲᠣᠭᠲᠠᠭᠤᠨ ᠢᠶᠠᠷ ᠰᠠᠶᠢᠵᠢᠷᠠᠬᠤ ᠰᠠᠭᠤᠷᠢ ᠬᠠᠷᠠᠬᠠᠨ ᠪᠠᠲᠤ ᠪᠠᠬᠢ ᠪᠢᠰᠢ | ᠪᠠᠶᠢᠬᠤ ᠶᠢ ᠣᠯᠵᠤ ᠬᠠᠷᠠᠬᠤ ᠬᠡᠷᠡᠭᠲᠡᠢ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠦᠷᠭᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠦᠷᠭᠦᠯᠵᠢᠯᠡᠨ ᠠᠬᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠢ ᠭᠦᠢᠴᠡᠳ ᠬᠥᠭᠵᠢᠭᠡᠵᠦ᠂ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ᠂ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ | ᠳᠠᠭᠠᠯᠲᠠ ᠲᠠᠶᠢᠯᠪᠤᠷᠢ | ︵1︶ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠴᠢ ᠲᠥᠷᠥᠯ ᠬᠤᠪᠢᠶᠠᠭᠰᠠᠨ | ᠲᠥᠷᠥᠯ ᠵᠦᠢᠯ ᠤᠨ ᠨᠡᠮᠡᠭᠳᠡᠯ ᠤᠨ ᠬᠤᠷᠳᠤᠴᠠ ᠶᠢ ᠦᠯᠦ ᠬᠤᠪᠢᠷᠠᠬᠤ ᠦᠨ᠎ᠡ ᠪᠠᠷ ᠪᠣᠳᠣᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢᠯ ᠤᠨ | ᠨᠡᠮᠡᠭᠳᠡᠯ ᠤᠨ ᠬᠤᠷᠳᠤᠴᠠ ᠶᠢ ᠬᠠᠷᠢᠴᠠᠭᠤᠯᠵᠤ ᠪᠣᠯᠬᠤ ᠦᠨ᠎ᠡ ᠪᠠᠷ ᠪᠣᠳᠣᠵᠤ᠂ ᠴᠥᠮ ᠪᠣᠳᠠᠲᠠᠢ ᠨᠡᠮᠡᠭᠳᠡᠯ ᠤᠨ | ᠬᠤᠷᠳᠤᠴᠠ ᠪᠠᠷ ᠪᠤᠳᠤᠨ᠎ᠠ︔ ᠪᠤᠰᠤᠳ ᠭᠦᠢᠴᠡᠳᠬᠡᠯ ᠲᠤᠭ᠎ᠠ ᠳᠤ ᠣᠨᠴᠠᠭᠠᠢ ᠲᠣᠳᠣᠷᠬᠠᠶᠢᠯᠠᠯᠲᠠ ᠬᠢᠭᠰᠡᠨ ᠠᠴᠠ | ᠭᠠᠳᠠᠨ᠎ᠠ᠂ ᠣᠳᠣ ᠶᠢᠨ ᠦᠨ᠎ᠡ ᠪᠠᠷ ᠪᠣᠳᠣᠵᠤ᠂ ᠨᠡᠷ᠎ᠡ ᠶᠢᠨ ᠨᠡᠮᠡᠭᠳᠡᠯ ᠤᠨ ᠬᠤᠷᠳᠤᠴᠠ ᠪᠣᠯᠣᠨ᠎ᠠ᠃ | ︵2︶ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠄ ᠲᠤᠭ᠎ᠠ ᠪᠦᠷᠢᠳᠬᠡᠯ ᠤᠨ ᠬᠦᠷᠢᠶ᠎ᠡ ᠬᠡᠪᠴᠢᠶ᠎ᠡ ᠨᠢ | ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ ᠲᠥᠭᠦᠷᠢᠭ ᠵᠢᠴᠢ | ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ᠎ᠠ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪᠴᠢᠶ᠎ᠡ ᠳᠤ ᠵᠢᠯ ᠪᠦᠷᠢ ᠬᠤᠪᠢᠷᠠᠯᠲᠠ ᠭᠠᠷᠤᠭᠰᠠᠨ ᠠᠴᠠ ᠪᠣᠯᠵᠤ | ᠲᠤᠰ ᠵᠢᠯ ᠤᠨ ᠲᠤᠭ᠎ᠠ ᠪᠠᠷᠢᠮᠲᠠ ᠶᠢ ᠳᠡᠭᠡᠷ᠎ᠡ ᠵᠢᠯ ᠤᠨ ᠬᠢ ᠲᠠᠢ ᠠᠳᠠᠯᠢᠳᠬᠠᠵᠤ ᠪᠣᠯᠬᠤ ᠶᠢ ᠪᠠᠲᠤᠯᠠᠬᠤ ᠶᠢᠨ | ᠲᠤᠰᠠᠳᠠ᠂ ᠦᠢᠯᠡᠳᠬᠦᠨ ᠤ ᠭᠠᠷᠤᠯᠲᠠ ᠵᠡᠷᠭᠡ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠠᠳᠠᠯᠢ | ᠬᠤᠭᠤᠴᠠᠭᠠᠨ ᠤ ᠨᠡᠮᠡᠭᠳᠡᠯ ᠤᠨ ᠬᠤᠷᠳᠤᠴᠠ ᠶᠢᠨ ᠬᠡᠷᠡᠭᠯᠡᠭᠰᠡᠨ ᠠᠳᠠᠯᠢ ᠬᠤᠭᠤᠴᠠᠭᠠᠨ ᠤ ᠲᠤᠭ᠎ᠠ ᠪᠣᠯᠤᠨ ᠲᠤᠰ | ᠬᠤᠭᠤᠴᠠᠭᠠᠨ ᠤ ᠠᠵᠤ ᠠᠬᠤᠶᠢᠯᠠᠯ ᠤᠨ ᠪᠦᠷᠢᠳᠬᠡᠬᠦ ᠬᠦᠷᠢᠶ᠎ᠡ ᠬᠡᠪᠴᠢᠶ᠎ᠡ ᠯᠦᠭᠡ ᠠᠯᠢ ᠪᠣᠯᠬᠤᠶᠢᠴᠠ ᠨᠢᠭᠡᠳᠦᠯᠲᠡᠢ | ᠪᠠᠶᠢᠵᠤ᠂ ᠳᠡᠭᠡᠷ᠎ᠡ ᠵᠢᠯ ᠤᠨ ᠨᠡᠶᠢᠲᠡᠯᠡᠭᠰᠡᠨ ᠲᠤᠭ᠎ᠠ ᠪᠠᠷᠢᠮᠲᠠ ᠲᠠᠢ ᠢᠯᠭᠠᠯ ᠤᠨ ᠵᠥᠷᠢᠶ᠎ᠡ ᠣᠷᠣᠰᠢᠵᠤ ᠪᠠᠶᠢᠨ᠎ᠠ᠃ | ᠭᠤᠣᠯ ᠰᠢᠯᠲᠠᠭᠠᠨ ᠨᠢ ᠪᠣᠯ᠄ ᠨᠢᠭᠡ ᠳᠤ᠂ ᠲᠤᠭ᠎ᠠ ᠪᠦᠷᠢᠳᠬᠡᠯ ᠤᠨ ᠨᠢᠭᠡᠴᠡ ᠶᠢᠨ ᠬᠡᠪᠴᠢᠶᠡᠨ ᠳᠤ ᠬᠤᠪᠢᠷᠠᠯᠲᠠ | ᠭᠠᠷᠪᠠ᠃ ᠵᠢᠯ ᠪᠦᠷᠢ ᠬᠡᠰᠡᠭ ᠠᠵᠤ ᠠᠬᠤᠶᠢᠯᠠᠯ ᠨᠢ ᠬᠡᠪᠴᠢᠶᠡᠵᠢᠯ ᠳᠤ ᠬᠦᠷᠴᠦ ᠪᠠᠶᠢᠴᠠᠭᠠᠬᠤ ᠬᠦᠷᠢᠶ᠎ᠡ | ᠬᠡᠪᠴᠢᠶᠡᠨ ᠳᠤ ᠣᠷᠣᠭᠤᠯᠵᠤ᠂ ᠪᠠᠰᠠ ᠬᠡᠰᠡᠭ ᠠᠵᠤ ᠠᠬᠤᠶᠢᠯᠠᠯ ᠨᠢ ᠬᠡᠪᠴᠢᠶᠡᠵᠢᠯ ᠪᠠᠭ᠎ᠠ ᠪᠣᠯᠵᠤ ᠪᠠᠶᠢᠴᠠᠭᠠᠬᠤ | ᠬᠦᠷᠢᠶ᠎ᠡ ᠬᠡᠪᠴᠢᠶ᠎ᠡ ᠠᠴᠠ ᠭᠠᠷᠴᠦ᠂ ᠪᠠᠰᠠ ᠰᠢᠨ᠎ᠡ ᠪᠠᠷ ᠪᠠᠶᠢᠭᠤᠯᠤᠭᠰᠠᠨ ᠠᠰᠢᠭᠯᠠᠯᠲᠠ ᠳᠤ ᠣᠷᠣᠭᠤᠯᠤᠭᠰᠠᠨ ᠠᠵᠤ | ᠠᠬᠤᠶᠢᠯᠠᠯ᠂ ᠳᠠᠮᠫᠤᠷᠠᠭᠰᠠᠨ᠂ ᠬᠦᠴᠦᠨ ᠦᠭᠡᠢ ᠪᠣᠯᠭᠠᠭᠰᠠᠨ ᠠᠵᠤ ᠠᠬᠤᠶᠢᠯᠠᠯ ᠵᠡᠷᠭᠡ ᠶᠢᠨ ᠨᠥᠯᠥᠭᠡ ᠪᠠᠶᠢᠨ᠎ᠠ᠃ | ᠬᠤᠶᠠᠷ ᠲᠤ᠂ ᠬᠡᠰᠡᠭ ᠠᠵᠤ ᠠᠬᠤᠶᠢᠯᠠᠯ ᠤᠨ ᠪᠦᠯᠦᠭᠯᠡᠯ ︵ᠺᠣᠮᠫᠠᠨᠢ︶ ᠤᠨ ᠦᠢᠯᠡᠳᠬᠦᠨ ᠤ ᠭᠠᠷᠤᠯᠲᠠ ᠶᠢᠨ ᠲᠤᠭ᠎ᠠ | ᠪᠠᠷᠢᠮᠲᠠ ᠶᠢ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠢ | ᠪᠠᠶᠢᠴᠠᠭᠠᠯᠲᠠ ᠶᠢ ᠦᠨᠳᠦᠰᠦᠯᠡᠨ ᠠᠵᠤ ᠠᠬᠤᠶᠢᠯᠠᠯ ᠤᠨ ᠪᠦᠯᠦᠭᠯᠡᠯ ︵ᠺᠣᠮᠫᠠᠨᠢ︶ ᠤᠨ ᠭᠠᠵᠠᠷ ᠣᠷᠣᠨ | ᠠᠯᠤᠰᠯᠠᠭᠰᠠᠨ ᠳᠠᠪᠬᠤᠷᠳᠠᠭᠤᠯᠤᠨ ᠦᠢᠯᠡᠳᠪᠦᠷᠢᠯᠡᠬᠦ ᠬᠡᠮᠵᠢᠶ᠎ᠡ ᠳᠤ ᠬᠦᠨᠳᠦ ᠶᠢ ᠨᠢ ᠪᠠᠭᠤᠷᠠᠭᠤᠯᠪᠠ᠃ | ︵3︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶᠄ | ᠬᠤᠲᠠ ᠪᠠᠯᠭᠠᠰᠤ ᠪᠣᠯᠤᠨ ᠬᠥᠳᠡᠭᠡ ᠲᠣᠰᠬᠤᠨ ᠤ ᠡᠯ᠎ᠡ ᠵᠦᠢᠯ ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠶᠢᠨ | ᠠᠵᠤ ᠠᠬᠤᠶᠢᠯᠠᠯ᠂ ᠠᠵᠢᠯ ᠦᠢᠯᠡᠰ᠂ ᠵᠠᠰᠠᠭ ᠵᠠᠬᠢᠷᠭᠠᠨ ᠤ ᠨᠢᠭᠡᠴᠡ ᠵᠢᠴᠢ ᠬᠤᠲᠠ ᠪᠠᠯᠭᠠᠰᠤ ᠶᠢᠨ ᠬᠤᠪᠢ ᠶᠢᠨ | ᠬᠤᠳᠠᠯᠳᠤᠭᠠᠴᠢᠨ ᠡᠷᠦᠬᠡ ᠶᠢᠨ ᠲᠥᠯᠥᠪᠯᠡᠭᠰᠡᠨ ᠶᠡᠷᠦᠩᠬᠡᠢ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ | ᠵᠢᠴᠢ 500 ᠲᠦᠮᠡᠨ ᠲᠥᠭᠦᠷᠢᠭ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ | ᠣᠷᠣᠭᠤᠯᠤᠯᠲᠠ ᠪᠣᠯᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢ ᠵᠢᠭᠠᠵᠤ | ᠪᠤᠢ᠂ ᠡᠭᠦᠨ ᠳᠤ ᠤᠤᠯ ᠤᠨ ᠰᠢᠰᠲ᠋ᠧᠮᠵᠢᠭᠰᠡᠨ ᠬᠤᠲᠠ ᠪᠠᠯᠭᠠᠰᠤ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠳᠡᠭᠡᠷ᠎ᠡ ᠬᠥᠳᠡᠭᠡ ᠲᠣᠰᠬᠤᠨ ᠤ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ | ᠪᠠᠶᠢᠭᠤᠯᠤᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠪᠠᠭᠲᠠᠭᠠᠨ᠎ᠠ᠃ | ︵4 ︶ ᠲᠠᠸᠠᠷ ᠤᠨ ᠭᠡᠷ ᠪᠠᠶᠢᠰᠢᠩ ᠤᠨ ᠪᠤᠷᠤᠯᠠᠭᠤᠯᠤᠭᠰᠠᠨ ᠲᠠᠯᠠᠪᠠᠢ᠄ ᠮᠡᠳᠡᠭᠦᠯᠦᠯᠳᠡ ᠶᠢᠨ ᠬᠤᠭᠤᠴᠠᠭᠠᠨ ᠳᠤ | ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠬᠤ ᠭᠡᠷ᠎ᠡ ᠶᠢᠨ ᠶᠡᠷᠦᠩᠬᠡᠢ ᠲᠠᠯᠠᠪᠠᠢ ︵ᠳᠠᠷᠤᠢ | ᠬᠤᠶᠠᠷ ᠲᠠᠯ᠎ᠠ ᠪᠠᠷ ᠢᠶᠠᠨ ᠭᠠᠷ ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭᠠᠨ ᠤ ᠭᠡᠷ᠎ᠡ ᠳᠤ ᠨᠤᠳᠠᠯᠠᠭᠰᠠᠨ | ᠪᠠᠷᠢᠯᠭ᠎ᠠ ᠶᠢᠨ ᠲᠠᠯᠠᠪᠠᠢ ᠶᠢ ᠵᠢᠭᠠᠨ᠎ᠠ︶ ᠲᠣᠰ ᠵᠢᠭᠠᠯᠲᠠ ᠲᠤᠭ᠎ᠠ ᠪᠣᠯ ᠲᠤᠭ᠎ᠠ ᠪᠠᠷᠢᠮᠲᠠ ᠶᠢᠨ ᠨᠡᠶᠢᠯᠡᠪᠦᠷᠢ᠃ | ᠲᠤᠭ᠎ᠠ ᠪᠦᠷᠢᠳᠬᠡᠯ ᠤᠨ ᠬᠡᠪᠴᠢᠶ᠎ᠡ᠄ ᠨᠡᠭᠡᠭᠡᠨ ᠬᠥᠭᠵᠢᠭᠦᠯᠵᠦ ᠡᠵᠡᠩᠨᠡᠬᠦ ᠠᠵᠢᠯᠯᠠᠭ᠎ᠠ ᠲᠠᠢ ᠪᠦᠬᠦ ᠭᠡᠷ ᠪᠠᠶᠢᠰᠢᠩ | ᠭᠠᠵᠠᠷ ᠬᠥᠷᠥᠩᠭᠡ ᠶᠢ ᠨᠡᠭᠡᠭᠡᠨ ᠬᠥᠭᠵᠢᠭᠦᠯᠵᠦ ᠡᠵᠡᠩᠨᠡᠬᠦ ᠬᠠᠤᠯᠢ ᠶᠢᠨ ᠡᠷᠬᠡᠲᠡᠨ ᠤ ᠨᠢᠭᠡᠴᠡ᠃ | ᠪᠠᠶᠢᠴᠠᠭᠠᠬᠤ ᠠᠷᠭ᠎ᠠ ᠮᠠᠶ᠋ᠢᠭ᠄ ᠰᠠᠷ᠎ᠠ ︵1 ᠳ᠋ᠦ᠋ᠭᠡᠷ ᠰᠠᠷ᠎ᠠ ᠠᠴᠠ ᠭᠠᠳᠠᠨ᠎ᠠ︶ ᠳᠤ ᠪᠥᠬᠦ ᠲᠠᠯ᠎ᠠ ᠶᠢᠨ | ᠪᠠᠶᠢᠴᠠᠭᠠᠯᠲᠠ ᠬᠢᠨ᠎ᠡ᠃ | ︵5 ︶ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠭ᠎ᠠ ᠶᠢᠨ ᠬᠡᠮᠵᠢᠶ᠎ᠡ᠄ ᠭᠡᠷ ᠪᠠᠶᠢᠰᠢᠩ ᠭᠠᠵᠠᠷ | ᠬᠦᠷᠦᠩᠭᠡ ᠶᠢ ᠨᠡᠭᠡᠭᠡᠨ ᠠᠰᠢᠭᠯᠠᠬᠤ ᠠᠵᠤ ᠠᠬᠤᠶᠢᠯᠠᠯ ᠤᠨ ᠲᠤᠰ ᠵᠢᠯ ᠤᠨ ᠬᠤᠳᠠᠯᠳᠤᠭᠰᠠᠨ ᠲᠠᠸᠠᠷ ᠤᠨ ᠭᠡᠷ | ᠪᠠᠶᠢᠰᠢᠩ ᠤᠨ ᠭᠡᠷ᠎ᠡ ᠶᠢᠨ ᠶᠡᠷᠦᠩᠬᠡᠢ ᠦᠨ᠎ᠡ ︵ᠳᠠᠷᠤᠢ ᠬᠤᠶᠠᠷ ᠲᠠᠯ᠎ᠠ ᠶᠢᠨ ᠭᠠᠷ ᠤᠨ ᠦᠰᠦᠭ ᠵᠢᠷᠤᠭᠰᠠᠨ ᠵᠢᠩᠬᠢᠨᠢ | ᠬᠤᠳᠠᠯᠳᠤᠭᠠᠨ ᠤ ᠭᠡᠷ᠎ᠡ ᠳᠤ ᠲᠤᠭᠳᠠᠭᠠᠭᠰᠠᠨ ᠭᠡᠷ᠎ᠡ ᠶᠢᠨ ᠶᠡᠷᠦᠩᠬᠡᠢ ᠦᠨ᠎ᠡ︶ ᠲᠤᠰ ᠵᠢᠭᠠᠯᠲᠠ ᠲᠤᠭ᠎ᠠ ᠨᠢ | ᠲᠠᠸᠠᠷ ᠤᠨ ᠭᠡᠷ ᠪᠠᠶᠢᠰᠢᠩ ᠤᠨ ᠬᠤᠳᠠᠯᠳᠤᠭᠰᠠᠨ ᠲᠠᠯᠠᠪᠠᠢ ᠲᠠᠢ ᠠᠳᠠᠯᠢᠬᠠᠨ᠃ | ︵6 ︶ ᠨᠡᠶᠢᠬᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠲᠠᠯᠲᠤᠭᠰᠠᠨ ᠶᠡᠷᠦᠩᠭᠡᠢ ᠲᠤᠭ᠎ᠠ᠄ ᠠᠵᠤ | ᠠᠬᠤᠶᠢᠯᠠᠯ ︵ᠨᠢᠭᠡᠴᠡ᠂ ᠬᠤᠪᠢ ᠶᠢᠨ ᠬᠤᠳᠠᠯᠳᠤᠭᠠᠴᠢᠨ ᠡᠷᠦᠭᠡ︶ ᠠᠷᠠᠯᠵᠢᠶ᠎ᠠ ᠪᠠᠷ ᠳᠠᠮᠵᠢᠨ ᠬᠤᠪᠢ ᠬᠥᠮᠦᠨ᠂ | ᠨᠡᠶᠢᠭᠡᠮ ᠤᠨ ᠪᠦᠯᠦᠭᠯᠡᠯ ᠤᠨ ᠦᠢᠯᠡᠳᠪᠦᠷᠢᠯᠡᠯ ᠤᠨ ᠪᠤᠰᠤ ᠪᠠ ᠡᠵᠡᠩᠨᠡᠯᠲᠡ ᠳᠤ ᠬᠡᠷᠡᠭᠯᠡᠬᠦ ᠪᠤᠰᠤ ᠪᠣᠳᠠᠲᠤ ᠲᠠᠸᠠᠷ ᠤᠨ | ᠵᠣᠭᠤᠰ ᠤᠨ ᠲᠤᠭ᠎ᠠ ᠵᠢᠴᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠠᠳ ᠣᠯᠤᠭᠰᠠᠨ ᠣᠷᠣᠯᠭ᠎ᠠ ᠶᠢᠨ | ᠵᠣᠭᠤᠰ ᠤᠨ ᠲᠤᠭ᠎ᠠ ᠶᠢ ᠵᠢᠭᠠᠨ᠎ᠠ᠃ ᠬᠤᠪᠢ ᠬᠥᠮᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠪᠣᠯᠤᠨ | ᠬᠢᠯᠢ ᠪᠠᠷ ᠣᠷᠣᠵᠤ ᠢᠷᠡᠬᠦ ᠬᠥᠮᠦᠰ ᠪᠠᠭᠲᠠᠨ᠎ᠠ᠂ ᠨᠡᠶᠢᠭᠡᠮ ᠤᠨ ᠪᠦᠯᠦᠭᠯᠡᠯ ᠳᠤ ᠪᠠᠶᠢᠭᠤᠯᠭ᠎ᠠ᠂ ᠨᠡᠶᠢᠭᠡᠮ ᠤᠨ | ᠪᠦᠯᠬᠦᠮ᠂ ᠴᠡᠷᠢᠭ ᠠᠩᠭᠢ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠠᠭᠤᠭᠠᠯᠢ | ᠠᠷᠠᠳ ᠤᠨ ᠵᠥᠪᠯᠡᠯ ᠪᠤᠶᠤ ᠲᠣᠰᠬᠤᠨ ᠤ ᠠᠷᠠᠳ ᠤᠨ ᠵᠥᠪᠯᠡᠯ ᠵᠡᠷᠭᠡ ᠪᠠᠭᠲᠠᠨ᠎ᠠ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠪᠦᠷᠢᠳᠬᠡᠬᠦ ᠬᠡᠪᠴᠢᠶ᠎ᠡ | ᠪᠣᠯ᠄ ᠲᠠᠸᠠᠷ ᠵᠢᠵᠢᠭᠯᠡᠨ ᠬᠤᠳᠠᠯᠳᠤᠬᠤ ᠠᠵᠢᠯᠯᠠᠭ᠎ᠠ ᠡᠷᠬᠢᠯᠡᠬᠦ ᠪᠤᠶᠤ ᠬᠤᠭᠤᠯᠠ ᠤᠮᠳᠠᠭᠠᠨ ᠤ ᠦᠢᠯᠡᠴᠢᠯᠡᠭᠡ | ᠬᠠᠩᠭᠠᠬᠤ ᠬᠠᠤᠯᠢ ᠶᠢᠨ ᠡᠷᠬᠡᠲᠡᠨ ᠤ ᠠᠵᠤ ᠠᠬᠤᠶᠢᠯᠠᠯ᠂ ᠠᠵᠤ ᠦᠢᠯᠡᠰ ᠤᠨ ᠠᠵᠢᠯᠯᠠᠭᠠᠨ ᠤ ᠨᠢᠭᠡᠴᠡ ᠪᠣᠯᠤᠨ | ᠬᠤᠪᠢ ᠶᠢᠨ ᠬᠤᠳᠠᠯᠳᠤᠭᠠᠴᠢᠨ ᠡᠷᠦᠬᠡ᠃ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ | ᠭᠡᠳᠡᠭ ᠨᠢ ᠵᠢᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2000 ᠲᠦᠮᠡᠨ | ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ︵ᠨᠢᠭᠡᠴᠢ᠂ | ᠬᠤᠪᠢ ᠶᠢᠨ ᠡᠷᠦᠬᠡ︶᠂ 500 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ | ᠠᠵᠤ ᠠᠬᠤᠶᠢᠯᠠᠯ ︵ᠨᠢᠭᠡᠴᠢ᠂ ᠬᠤᠪᠢ ᠶᠢᠨ ᠡᠷᠦᠬᠡ︶᠂ 200 ᠲᠦᠮᠡᠨ ᠲᠥᠭᠦᠷᠢᠭ ᠵᠢᠴᠢ ᠲᠡᠭᠦᠨ ᠠᠴᠠ | ᠳᠡᠭᠡᠭᠰᠢᠬᠢ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ ᠤᠨ ᠠᠵᠤ ᠠᠬᠤᠶᠢᠯᠠᠯ ︵ᠨᠢᠭᠡᠴᠡ᠂ | ᠬᠤᠪᠢ ᠶᠢᠨ ᠡᠷᠦᠬᠡ︶ ᠢ ᠵᠢᠭᠠᠵᠤ ᠪᠣᠶ᠃ | ︵7︶ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ | ᠳ᠋ᠦᠩ ᠢ ᠦᠨᠳᠦᠰᠦᠯᠡᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ | ᠲᠤᠭ᠎ᠠ ᠪᠠᠷᠢᠮᠲᠠ ᠳᠤ ᠵᠠᠰᠠᠪᠤᠷᠢ ᠣᠷᠣᠭᠤᠯᠪᠠ᠃ | ︵8︶ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭᠠᠯᠢ ᠠᠷᠠᠳ ᠤᠨ ᠡᠵᠡᠮᠳᠡᠵᠦ ᠪᠣᠯᠬᠤ | ᠣᠷᠣᠯᠭ᠎ᠠ ᠪᠣᠯ ᠰᠠᠭᠤᠭᠠᠯᠢ ᠠᠷᠠᠳ ᠤᠨ ᠡᠴᠦᠰ ᠤᠨ ᠬᠡᠷᠡᠭᠯᠡᠭᠡᠨ ᠤ ᠵᠠᠷᠤᠯᠭ᠎ᠠ ᠪᠠ ᠬᠠᠳᠠᠭᠠᠯᠠᠮᠵᠢ ᠳᠤ ᠬᠡᠷᠡᠭᠯᠡᠬᠦ | ᠶᠡᠷᠦᠩᠬᠡᠶ ᠨᠡᠶᠢᠯᠡᠪᠦᠷᠢ ᠶᠢ ᠵᠢᠭᠠᠵᠤ ᠪᠤᠶ᠂ ᠲᠤᠬᠠᠶᠢᠯᠠᠪᠠᠯ ᠰᠠᠭᠤᠭᠠᠯᠢ ᠠᠷᠠᠳ ᠤᠨ ᠴᠢᠯᠥᠭᠡᠲᠡᠶ ᠡᠵᠡᠮᠰᠢᠬᠦ ᠳᠤ | ᠬᠡᠷᠡᠭᠯᠡᠵᠦ ᠪᠣᠯᠬᠤ ᠣᠷᠣᠯᠭ᠎ᠠ᠂ ᠪᠡᠯᠡᠨ ᠵᠣᠭᠤᠰ ᠤᠨ ᠣᠷᠣᠯᠭ᠎ᠠ ᠶᠢ ᠪᠠᠭᠲᠠᠭᠠᠬᠤ ᠮᠥᠷᠲᠡᠭᠡᠨ ᠪᠠᠰᠠ ᠪᠣᠳᠠᠲᠤ | ᠪᠣᠳᠠᠰ ᠤᠨ ᠣᠷᠣᠯᠭ᠎ᠠ ᠶᠢ ᠪᠠᠭᠲᠠᠭᠠᠨ᠎ᠠ᠃ ᠣᠷᠣᠯᠭ᠎ᠠ ᠶᠢᠨ ᠢᠷᠡᠯᠲᠡ ᠶᠣᠰᠣᠭᠠᠷ᠂ ᠡᠵᠡᠮᠳᠡᠵᠦ ᠪᠣᠯᠬᠤ ᠴᠠᠯᠢᠩ ᠳᠤ | ᠴᠠᠯᠢᠩ ᠤᠨ ᠴᠢᠨᠠᠷᠲᠠᠶ ᠣᠷᠣᠯᠭ᠎ᠠ᠂ ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ | ᠪᠠ ᠴᠡᠪᠡᠷ ᠣᠷᠣᠯᠭ᠎ᠠ ᠶᠢ ᠪᠠᠭᠲᠠᠭᠠᠨ᠎ᠠ᠃ | ︵9 ︶ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠢᠯᠡᠳᠬᠡᠭᠴᠢ ᠲᠤᠭ᠎ᠠ Consumer | Price Index ᠳᠦᠭᠦᠮᠴᠢᠯᠡᠨ᠎ᠡ︶ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠵᠦᠢᠯ ᠪᠠ | ᠦᠢᠯᠡᠴᠢᠯᠡᠭᠡᠨ ᠤ ᠦᠨ᠎ᠡ ᠬᠠᠩᠰᠢ ᠶᠢᠨ ᠬᠢᠷᠢ ᠲᠦᠪᠰᠢᠨ ᠨᠢ ᠴᠠᠭ ᠬᠤᠭᠤᠴᠠᠭᠠᠨ ᠤ ᠬᠤᠪᠢᠷᠠᠯᠲᠠ ᠶᠢᠨ | ᠬᠠᠷᠢᠴᠠᠩᠭᠤᠢ ᠲᠤᠭ᠎ᠠ ᠶᠢ ᠳᠠᠭᠠᠯᠳᠤᠨ᠂ ᠰᠠᠭᠤᠭᠠᠯᠢ ᠠᠷᠠᠳ ᠤᠨ ᠬᠤᠳᠠᠯᠳᠤᠨ ᠠᠪᠤᠭᠰᠠᠨ ᠠᠮᠢᠳᠤᠷᠠᠯ ᠤᠨ | ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠦᠨ᠎ᠡ ᠬᠠᠩᠰᠢ ᠶᠢᠨ ᠬᠢᠷᠢ ᠲᠦᠪᠰᠢᠨ ᠤ ᠬᠤᠪᠢᠷᠠᠯᠲᠠ ᠶᠢᠨ ᠪᠠᠶᠢᠳᠠᠯ ᠢ | ᠶᠡᠷᠦᠩᠬᠡᠶᠢᠯᠡᠨ ᠲᠤᠰᠬᠠᠨ᠎ᠠ᠃ | ︵10︶ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ᠄ | ᠡᠭᠦᠨ ᠳᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ ᠦᠨ᠎ᠡ ᠬᠠᠩᠰᠢ ᠶᠢᠨ | ᠵᠢᠭᠠᠯᠲᠠ ᠲᠤᠭ᠎ᠠ ︵ProducericeIndexfor Industrial Products ᠭᠡᠵᠦ ᠲᠣᠪᠴᠢᠯᠠᠨ᠎ᠠ︶︶ | ᠪᠠ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ᠃ | ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢ ᠠᠴᠠ ᠭᠠᠷᠬᠤ ᠦᠨ᠎ᠡ ᠶᠢᠨ ᠢᠯᠡᠳᠬᠡᠭᠴᠢ ᠨᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠢ ᠠᠩᠬ᠎ᠠ ᠤᠳᠠᠭ᠎ᠠ ᠬᠤᠳᠠᠯᠳᠤᠬᠤ ᠦᠶ᠎ᠡ ᠶᠢᠨ | ᠦᠢᠯᠡᠳᠪᠦᠷᠢ ᠠᠴᠠ ᠭᠠᠷᠬᠤ ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ | ᠲᠤᠰᠬᠠᠪᠠ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠶᠢᠨ ᠢᠯᠡᠳᠬᠡᠭᠴᠢ | ᠲᠤᠭ᠎ᠠ ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠤᠮᠳᠠᠬᠢ ᠤᠷᠤᠭᠤᠯᠤᠯᠳᠠ ᠶᠢᠨ ᠦᠢᠯᠡᠳᠬᠦᠨ ᠤ | ᠬᠤᠳᠠᠯᠳᠤᠨ ᠠᠪᠬᠤ ᠦᠨ᠎ᠡ ᠶᠢᠨ ᠬᠤᠪᠢᠷᠠᠯᠲᠠ ᠶᠢᠨ ᠬᠠᠨᠳᠤᠰᠢ ᠪᠠ ᠬᠤᠪᠢᠷᠠᠯᠲᠠ ᠶᠢᠨ ᠬᠡᠮᠵᠢᠶ᠎ᠡ ᠶᠢ ᠲᠤᠰᠬᠠᠪᠠ᠃ | ︵11︶ ᠭᠠᠭ᠋ᠠᠶ ᠬᠤᠨᠢ ᠵᠢᠭᠦᠷᠲᠡᠨ ᠤ ᠮᠢᠬᠠᠨ ᠤ ᠭᠠᠷᠤᠯᠲᠠ᠂ ᠦᠨᠢᠶᠡᠨ ᠰᠦ ᠶᠢᠨ ᠭᠠᠷᠤᠯᠲᠠ᠂ ᠭᠠᠭ᠋ᠠᠶ ᠬᠤᠨᠢ | ᠵᠢᠭᠦᠷᠲᠡᠨ ᠤ ᠲᠤᠭ᠎ᠠ᠂ ᠦᠨ᠎ᠡ ᠬᠠᠩᠰᠢ ᠶᠢᠨ ᠵᠢᠭᠠᠯᠲᠠ ᠲᠤᠭ᠎ᠠ᠂ ᠰᠠᠭᠤᠭᠠᠯᠢ ᠠᠷᠠᠳ ᠤᠨ ᠣᠷᠣᠯᠭ᠎ᠠ ᠶᠢᠨ ᠲᠤᠭ᠎ᠠ | ᠪᠠᠷᠢᠮᠲᠠ ᠶᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ | ᠶᠡᠷᠦᠩᠬᠡᠶ ᠠᠩᠭᠢ ᠠᠴᠠ ᠢᠷᠡᠯᠲᠡᠢ᠃ | ︵12︶ ᠨᠢᠭᠡ ᠪᠦᠯᠦᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠤ ᠲᠠᠪᠤ ᠶᠢ ᠳᠡᠪᠰᠢᠬᠦᠯᠦᠭᠰᠡᠨ | ᠰᠢᠯᠳᠠᠭᠠᠨ ᠠᠴᠠ ᠪᠣᠯᠵᠤ᠂ ᠶᠡᠷᠦᠩᠬᠡᠢ ᠲᠤᠭ᠎ᠠ ᠬᠢᠭᠡᠳ ᠬᠤᠪᠢᠶᠠᠷᠢ ᠲᠥᠷᠥᠯ ᠨᠢ ᠲᠡᠩᠴᠡᠭᠦᠦ ᠪᠤᠰᠤ ᠪᠠᠶᠢᠳᠠᠯ | ᠣᠷᠣᠰᠢᠵᠤ ᠪᠠᠶᠢᠨ᠎ᠠ᠃ |