ᠬᠤᠷᠸ᠎ᠠ ᠠᠵᠤ ᠠᠬᠤᠶ ᠶᠢᠨ ᠵᠢᠱᠢᠯᠲᠡ ᠶᠢᠨ ᠦᠢᠯᠡᠳᠦᠯ
ᠨᠡᠶᠢᠲᠡᠯᠡᠭᠰᠡᠨ ᠴᠠᠭ᠄
2025/4/7
      ᠬᠤᠷᠸ᠎ᠠ ᠠᠵᠤ ᠠᠬᠤᠢ ᠶᠢᠨ ᠵᠢᠱᠢᠯᠲᠡ ᠨᠢ ᠠᠵᠤ ᠠᠬᠤᠢ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠵᠠᠰᠠᠭ ᠤᠨ ᠣᠷᠳᠣᠨ ᠤ ᠳᠠᠪᠬᠤᠷᠭ᠎ᠠ ᠳᠤ᠂ ᠬᠤᠷᠸ᠎ᠠ ᠠᠵᠤ ᠠᠬᠤᠢ ᠶᠢᠨ ᠵᠢᠱᠢᠯᠲᠡ ᠪᠣᠯ ᠤᠯᠤᠰ ᠠᠴᠠ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠤᠷᠸ᠎ᠠ ᠠᠵᠤ ᠠᠬᠤᠢ ᠶᠢᠨ ᠲᠤᠬᠢᠷᠠᠭᠤᠯᠤᠯ ᠡᠵᠡᠮᠳᠡᠯ ᠬᠢᠬᠦ ᠶᠢᠨ ᠴᠢᠬᠤᠯᠠ ᠦᠨᠳᠦᠰᠦᠯᠡᠯ ᠮᠥᠨ︔ ᠠᠵᠤ ᠠᠬᠤᠶᠢᠯᠠᠯ ᠤᠨ ᠳᠠᠪᠬᠤᠷᠭ᠎ᠠ ᠳᠤ᠂ ᠬᠤᠷᠸ᠎ᠠ ᠠᠵᠤ ᠠᠬᠤᠶ ᠶᠢᠨ ᠬᠠᠨᠳᠤᠰᠢ ᠶᠢᠨ ᠲᠤᠬᠠᠶ ᠮᠠᠭᠠᠳᠯᠠᠯᠲᠠ ᠪᠣᠯ ᠠᠵᠤ ᠠᠬᠤᠶᠢᠯᠠᠯ ᠤᠨ ᠦᠢᠯᠡᠳᠪᠦᠷᠢᠯᠡᠯ᠂ ᠪᠣᠷᠣᠯᠠᠭᠤᠯᠭ᠎ᠠ ᠵᠢᠴᠢ ᠪᠠᠯᠠ ᠣᠷᠣᠭᠤᠯᠤᠯᠲᠠ ᠵᠡᠷᠭᠡ ᠡᠵᠡᠩᠨᠡᠯᠲᠡ ᠶᠢᠨ ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢᠨ ᠲᠡᠷᠢᠭᠦᠨ ᠴᠢᠬᠤᠯᠠ ᠤᠷᠢᠲᠠᠯ ᠮᠥᠨ︔ ᠭᠡᠷ ᠪᠦᠯᠢ ᠶᠢᠨ ᠲᠠᠯ᠎ᠠ ᠪᠠᠷ᠂ ᠵᠣᠬᠢᠬᠤ ᠬᠤᠷᠸ᠎ᠠ ᠠᠵᠤ ᠠᠬᠤᠶ ᠶᠢᠨ ᠵᠢᠱᠢᠯᠲᠡ ᠶᠢᠨ ᠮᠡᠳᠡᠯᠭᠡ ᠶᠢ ᠡᠵᠡᠮᠰᠢᠬᠦ ᠨᠢ ᠭᠡᠷ ᠪᠦᠯᠢ ᠶᠢᠨ ᠬᠢᠨ ᠤ ᠬᠡᠷᠡᠭᠯᠡᠭᠡ᠂ ᠬᠠᠳᠠᠭᠠᠯᠠᠮᠵᠢ ᠪᠣᠯᠤᠨ ᠪᠡᠯᠡ ᠣᠷᠣᠭᠤᠯᠤᠯᠲᠠ ᠪᠠᠨ ᠨᠡᠩ ᠰᠠᠶᠢᠲᠤᠷ ᠲᠣᠬᠢᠷᠠᠭᠤᠯᠬᠤ ᠳᠤ ᠠᠰᠢᠭᠲᠠᠶ ᠶᠤᠮ᠃
 
ᠢᠷᠡᠯᠲᠡ᠄ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号