3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ | ᠨᠢᠭᠡᠴᠡ ﹇1﹈ 14315 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1273 ᠨᠡᠮᠡᠭᠳᠡᠵᠦ᠂ | 9.8% ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ | ᠵᠢᠵᠢᠭᠯᠡᠨ ᠬᠤᠳᠠᠯᠳᠤᠬᠤ ᠦᠢᠯᠡᠰ ᠤᠨ ᠨᠢᠭᠡᠴᠡ 4075 ᠪᠠᠶᠢᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 543 ᠨᠡᠮᠡᠭᠳᠡᠵᠦ᠂ 15.4% ᠪᠠᠷ ᠨᠡᠮᠡᠭᠳᠡᠵᠦ᠂ ᠪᠦᠬᠦ ᠣᠷᠣᠨ ᠤ ︽ᠳᠦᠷᠪᠡᠨ | ᠬᠡᠪᠴᠢᠶᠡᠵᠢᠯ ᠠᠴᠠ ᠳᠡᠭᠡᠭᠰᠢᠬᠢ︾ ᠨᠢᠭᠡᠴᠡ ᠶᠢᠨ ᠲᠤᠭ᠎ᠠ ᠬᠡᠮᠵᠢᠶ᠎ᠡ ᠶᠢ ᠳᠠᠶᠢᠴᠢᠯᠠᠨ 4.2 ᠵᠠᠭᠤᠨ ᠤ ᠴᠡᠭ | ᠨᠡᠮᠡᠭᠳᠡᠭᠦᠯᠵᠦ᠂ ᠳᠠᠶᠢᠴᠢᠯᠠᠬᠤ ᠦᠢᠯᠡᠳᠦᠯ ᠢᠶᠠᠷ ᠬᠠᠮᠤᠭ ᠤᠨ ᠶᠡᠭᠡ ᠪᠠᠶᠢᠨ᠎ᠠ︔ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠬᠤᠨᠤᠭᠯᠠᠬᠤ ᠪᠠ ᠢᠳᠡᠭᠡᠨ ᠤᠮᠳᠠᠭᠠᠨ ᠤ ᠦᠢᠯᠡᠰ ᠤᠨ ᠨᠢᠭᠡᠴᠡ 948 ᠪᠠᠶᠢᠵᠤ᠂ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 152 ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠬᠠᠮᠤᠭ ᠤᠨ ᠲᠦᠷᠭᠡᠨ | ᠪᠠᠶᠢᠨ᠎ᠠ︔ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠢᠭᠡᠴᠡ 2115 ᠪᠠᠶᠢᠵᠤ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 231 ᠨᠡᠮᠡᠭᠳᠡᠵᠦ᠂ 12.3% ᠪᠠᠷ ᠨᠡᠮᠡᠭᠳᠡᠪᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠢᠭᠡᠴᠡ 4168 ᠪᠣᠯᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 146 ᠨᠡᠮᠡᠭᠳᠡᠵᠦ᠂ 7.4% ᠪᠠᠷ ᠨᠡᠮᠡᠭᠳᠡᠪᠡ︔ ᠬᠢᠷᠢ ᠬᠡᠮ ᠲᠠᠢ ᠪᠠᠷᠢᠯᠭ᠎ᠠ ᠶᠢᠨ | ᠦᠢᠯᠡᠰ ᠤᠨ ᠨᠢᠭᠡᠴᠡ 1461 ᠪᠣᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 144 ᠨᠡᠮᠡᠭᠳᠡᠵᠦ᠂ | 10.9% ᠪᠠᠷ ᠨᠡᠮᠡᠭᠳᠡᠪᠡ︔ ᠨᠡᠭᠡᠭᠡᠨ ᠠᠰᠢᠭᠯᠠᠵᠤ ᠡᠵᠡᠩᠨᠡᠬᠦ ᠠᠵᠢᠯᠯᠠᠭ᠎ᠠ ᠲᠠᠢ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠨ ᠬᠥᠭᠵᠢᠭᠦᠯᠵᠦ ᠡᠵᠡᠩᠨᠡᠬᠦ ᠨᠢᠭᠡᠴᠡ 1548 ᠪᠣᠯᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 83 ᠪᠠᠭᠠᠰᠴᠤ᠂ 5.1% ᠪᠠᠷ ᠪᠠᠭᠤᠷᠠᠪᠠ᠃ | ᠲᠠᠶᠢᠯᠪᠤᠷᠢ᠄ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ ᠭᠡᠳᠡᠭ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ᠂ ᠬᠢᠷᠢ ᠬᠡᠮ ᠲᠠᠢ ᠪᠠᠷᠢᠯᠭ᠎ᠠ ᠶᠢᠨ ᠦᠢᠯᠡᠰ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠨᠡᠭᠡᠭᠡᠨ ᠬᠥᠭᠵᠢᠭᠦᠯᠵᠦ ᠡᠵᠡᠩᠨᠡᠬᠦ | ᠠᠵᠢᠯᠯᠠᠭ᠎ᠠ ᠲᠠᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠬᠦ ᠦᠢᠯᠡᠰ᠂ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢ ᠵᠢᠭᠠᠵᠤ ᠪᠠᠶᠢᠨ᠎ᠠ᠃ |