2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠢ | ᠡᠬᠢᠯᠡᠭᠦᠯᠦᠭᠰᠡᠨ ᠠᠴᠠ ᠨᠠᠰᠢ᠂ ᠪᠤᠭᠤᠲᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ︽ᠪᠥᠬᠦ ᠣᠷᠣᠨ ᠤ | 2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠢ | ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2020﹈ 4 ᠳ᠋ᠤᠭᠡᠷ ᠲᠣᠭᠠᠲᠤ︶ ᠤᠨ | ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠷᠤᠳᠠᠯ ᠤᠨ ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠳᠣᠲᠣᠭᠠᠳᠤ ᠶᠢᠨ ᠪᠠᠶᠢᠭᠤᠯᠤᠯᠲᠠ ᠵᠡᠷᠭᠡ ᠳᠥᠷᠪᠡᠨ | ᠲᠠᠯ᠎ᠠ ᠪᠠᠷ ᠪᠥᠬᠦ ᠬᠤᠲᠠ ᠶᠢᠨ 2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ | ᠠᠪᠴᠤ ᠪᠠᠶᠢᠴᠠᠭᠠᠬᠤ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠬᠢᠨᠠᠮᠠᠭᠠᠶ ᠰᠠᠶᠢᠲᠤᠷ | ᠬᠢᠪᠠ᠃ | ᠨᠢᠭᠡ᠂ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠪᠠᠶᠢᠴᠠᠭᠠᠯᠲᠠ ᠶᠢᠨ ᠰᠠᠭᠤᠷᠢ ᠶᠢ ᠪᠠᠬᠢᠵᠢᠬᠦᠯᠪᠡ᠃ | ᠪᠠᠶᠢᠴᠠᠭᠠᠯᠲᠠ ᠶᠢᠨ ᠠᠵᠢᠯ ᠤᠨ ᠵᠠᠷᠤᠳᠠᠯ ᠢ ᠢᠳᠡᠪᠬᠢᠲᠡᠶ ᠨᠠᠶᠢᠳᠠᠪᠤᠷᠢᠵᠢᠭᠤᠯᠵᠤ᠂ ᠪᠠᠶᠢᠴᠠᠭᠠᠯᠲᠠ ᠶᠢᠨ | ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ ᠡᠳ᠋ ᠤᠨ ᠶᠠᠪᠤᠳᠠᠯ ᠤᠨ | ᠲᠥᠰᠦᠪ ᠢ ᠨᠠᠶᠢᠷᠠᠭᠤᠯᠤᠨ ᠵᠣᠬᠢᠶᠠᠬᠤ ᠲᠣᠭᠲᠠᠭᠠᠯ ᠶᠣᠰᠣᠭᠠᠷ ᠲᠥᠰᠦᠪ ᠤᠨ ᠲᠥᠷᠥᠯ ᠵᠦᠢᠯ ᠢ ᠨᠠᠷᠢᠯᠢᠬᠵᠢᠭᠤᠯᠵᠤ᠂ | ᠲᠥᠷᠥᠯ ᠵᠦᠢᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠣᠨᠣᠪᠴᠢᠲᠤ ᠴᠢᠨᠠᠷ ᠪᠠ ᠵᠦᠢ ᠶᠣᠰᠣᠴᠢ ᠴᠢᠨᠠᠷ ᠢ | ᠳᠡᠭᠡᠭᠰᠢᠯᠡᠭᠦᠯᠦᠨ᠂ ᠪᠠᠶᠢᠴᠠᠭᠠᠯᠲᠠ ᠶᠢᠨ ᠠᠵᠢᠯ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠡᠭᠦᠨ ᠤ | ᠬᠠᠮᠲᠤ᠂ ᠪᠠᠶᠢᠴᠠᠭᠠᠯᠲᠠ ᠶᠢᠨ ᠵᠠᠷᠤᠳᠠᠯ ᠢ ᠱᠠᠲᠤ ᠬᠤᠪᠢᠶᠠᠨ ᠡᠭᠦᠷᠭᠡᠯᠡᠬᠦ ᠵᠠᠷᠴᠢᠮ ᠶᠣᠰᠣᠭᠠᠷ᠂ ᠬᠤᠰᠢᠭᠤ ᠰᠢᠶᠠᠨ | ᠲᠣᠭᠤᠷᠢᠭ ᠤᠨ ᠵᠠᠷᠤᠳᠠᠯ ᠢ ᠪᠠᠶᠢᠴᠠᠭᠠᠬᠤ ᠠᠵᠢᠯ ᠢ ᠥᠷᠨᠢᠭᠦᠯᠵᠦ᠂ ᠪᠠᠶᠢᠴᠠᠭᠠᠯᠲᠠ ᠶᠢᠨ ᠵᠠᠷᠤᠳᠠᠯ ᠢ ᠲᠥᠰᠦᠭᠡᠯᠡᠨ | ᠪᠤᠳᠤᠬᠤ ᠶᠢᠨ ᠵᠢᠯᠣᠭᠤᠳᠬᠤ ᠪᠠ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ | ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠬᠤ᠂ ᠪᠠᠶᠢᠴᠠᠭᠠᠯᠲᠠ ᠶᠢᠨ ᠡᠳ᠋ ᠪᠣᠳᠠᠰ ᠢ ᠪᠡᠯᠡᠳᠬᠡᠬᠦ᠂ | ᠪᠠᠶᠢᠴᠠᠭᠠᠯᠲᠠ ᠶᠢᠨ ᠤᠬᠠᠭᠤᠯᠭ᠎ᠠ ᠬᠢᠬᠦ ᠵᠡᠷᠭᠡ ᠠᠵᠢᠯ ᠢ ᠥᠷᠨᠢᠭᠦᠯᠬᠦ ᠳᠤ ᠰᠠᠭᠤᠷᠢ ᠲᠠᠯᠪᠢᠵᠠᠢ᠃ | ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠪᠠᠶᠢᠭᠤᠯᠤᠮᠵᠢ ᠶᠢ | ᠪᠠᠶᠢᠭᠤᠯᠪᠠ᠃ ᠪᠠᠶᠢᠴᠠᠭᠠᠯᠲᠠ ᠶᠢᠨ ᠠᠵᠢᠯ ᠢ ᠡᠬᠢᠯᠡᠭᠦᠯᠦᠭᠰᠡᠨ ᠠᠴᠠ ᠨᠠᠰᠢ᠂ ᠪᠤᠭᠤᠲᠤ ᠬᠤᠲᠠ ᠨᠢ ᠥᠪᠡᠷᠲᠡᠭᠡᠨ | ᠵᠠᠰᠠᠬᠤ ᠣᠷᠣᠨ ᠤ ᠪᠠᠶᠢᠴᠠᠭᠠᠨ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠲᠠᠢ ᠬᠠᠷᠭᠤᠭᠤᠯᠤᠭᠰᠠᠨ | ᠰᠠᠭᠤᠷᠢᠨ ᠳᠡᠭᠡᠷ᠎ᠡ᠂ ᠪᠤᠭᠤᠲᠤ ᠬᠤᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 12 ᠰᠠᠯᠠᠭ᠎ᠠ ᠮᠥᠴᠢᠷ ᠨᠢᠭᠡᠴᠡ ᠪᠠᠷ | ᠪᠦᠷᠢᠯᠳᠦᠭᠰᠡᠨ ᠵᠣᠬᠢᠴᠠᠭᠤᠯᠬᠤ ᠳᠤᠭᠤᠶᠢᠯᠠᠩ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ 2025 | ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠢ ᠥᠷᠨᠢᠭᠦᠯᠬᠦ | ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠠᠷᠢᠭᠤᠴᠠᠵᠤ᠂ ᠪᠥᠬᠦ ᠬᠤᠲᠠ ᠶᠢᠨ 2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ | ᠠᠪᠴᠤ ᠪᠠᠶᠢᠴᠠᠭᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠤᠨ ᠰᠢᠢᠳᠪᠦᠷᠢᠯᠡᠵᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠪᠠ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ ᠠᠷᠪᠠᠨ ᠬᠤᠰᠢᠭᠤ ᠰᠢᠶᠠᠨ ᠲᠣᠭᠤᠷᠢᠭ ᠴᠥᠮ | ᠵᠣᠬᠢᠴᠠᠭᠤᠯᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠳᠠᠭᠤᠰᠬᠠᠪᠠ᠃ | ᠭᠤᠷᠪᠠ ᠳᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠤᠨ | ᠬᠠᠮᠲᠤᠷᠠᠯ ᠤᠨ ᠬᠦᠴᠦᠨ ᠢ ᠪᠦᠷᠢᠯᠳᠦᠬᠦᠯᠪᠡ᠃ 3 ᠰᠠᠷ᠎ᠠ ᠶᠢᠨ 4 ᠤ ᠡᠳᠦᠷ᠂ ᠬᠤᠲᠠ ᠶᠢᠨ ᠵᠣᠬᠢᠴᠠᠭᠤᠯᠬᠤ | ᠳᠤᠭᠤᠶᠢᠯᠠᠩ ︽ᠪᠤᠭᠤᠲᠤ ᠬᠤᠲᠠ ᠶᠢᠨ 2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢᠨ | ᠥᠯᠢᠭᠡᠷ ᠠᠪᠴᠤ ᠪᠠᠶᠢᠴᠠᠭᠠᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠠᠵᠢᠯ ᠤᠨ ᠠᠷᠭ᠎ᠠ ᠮᠠᠶ᠋ᠢᠭ ᠤᠨ ᠲᠤᠬᠠᠶ ᠮᠡᠳᠡᠭᠳᠡᠯ︾ ︵ ᠪᠤᠭᠤᠲᠤ ᠶᠢᠨ | ᠬᠥᠮᠦᠨ ᠠᠮᠠ ᠶᠢᠨ ᠪᠠᠶᠢᠴᠠᠭᠠᠯᠲᠠ ᠶᠢᠨ ᠳᠤᠭᠤᠶᠢᠯᠠᠩ ᠥᠰᠥᠭ ﹇2020﹈ 1 ᠳ᠋ᠦ᠋ᠭᠡᠷ ᠲᠣᠭᠠᠲᠤ︶ ᠢ ᠳᠠᠷᠤᠮᠠᠯᠯᠠᠨ | ᠲᠠᠷᠬᠠᠭᠠᠵᠤ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ | ᠮᠥᠴᠢᠷ ᠨᠢᠭᠡᠴᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠡᠯ᠎ᠡ ᠪᠦᠷᠢᠯᠳᠦᠬᠦᠨ ᠨᠢᠭᠡᠴᠡ ᠶᠢᠨ ᠡᠭᠦᠷᠭᠡ | ᠬᠠᠷᠢᠭᠤᠴᠠᠯᠭ᠎ᠠ ᠪᠠ ᠠᠵᠢᠯ ᠤᠨ ᠠᠷᠭ᠎ᠠ ᠮᠠᠶ᠋ᠢᠭ ᠢ ᠲᠣᠳᠣᠷᠬᠠᠶᠢᠯᠠᠪᠠ᠃ ᠡᠯ᠎ᠡ ᠰᠠᠯᠠᠭ᠎ᠠ ᠮᠥᠴᠢᠷ ᠯᠦᠭᠡ ᠬᠠᠮᠵᠢᠯᠴᠠᠨ | ᠨᠡᠪᠲᠡᠷᠡᠯᠴᠡᠬᠦ ᠶᠢ ᠨᠢᠭᠲᠠᠷᠠᠭᠤᠯᠵᠤ᠂ ᠵᠠᠰᠠᠭ ᠵᠠᠬᠢᠷᠭᠠᠨ ᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ | ᠡᠳ᠋ᠯᠡᠵᠦ᠂ ᠬᠥᠨᠳᠡᠯᠡᠨ ᠢᠶᠠᠷ ᠬᠠᠮᠵᠢᠯᠴᠠᠬᠤ᠂ ᠭᠤᠯᠳᠤ ᠪᠠᠷ ᠨᠡᠪᠲᠡᠷᠡᠭᠦᠯᠬᠦ ᠠᠵᠢᠯ ᠤᠨ ᠰᠢᠰᠲ᠋ᠧᠮᠵᠢ ᠶᠢ ᠪᠣᠶ | ᠪᠣᠯᠭᠠᠪᠠ᠃ | ᠲᠦᠷᠪᠡ ᠳᠤ᠂ ᠳᠣᠲᠣᠭᠠᠳᠤ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ | ᠪᠠᠲᠤᠯᠠᠭ᠎ᠠ ᠶᠢ ᠰᠠᠶᠢᠲᠤᠷ ᠬᠢᠪᠡ᠃ 4 ᠰᠠᠷ᠎ᠠ ᠶᠢᠨ 24 ᠤ ᠡᠳᠦᠷ᠂ ᠬᠤᠲᠠ ᠶᠢᠨ ᠵᠣᠬᠢᠴᠠᠭᠤᠯᠬᠤ ᠳᠤᠭᠤᠶᠢᠯᠠᠩ ᠤᠨ | ᠠᠯᠪᠠᠨ ᠭᠡᠷ ᠤᠨ ᠪᠦᠷᠢᠯᠳᠦᠬᠦᠨ ᠢ ᠲᠣᠭᠲᠠᠭᠠᠵᠤ᠂ ᠳᠣᠲᠣᠭᠠᠳᠤ ᠳᠠᠭᠠᠨ ᠠᠵᠢᠯᠯᠠᠬᠤ ᠳᠤᠭᠤᠶᠢᠯᠠᠩ ᠤᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ ᠪᠥᠬᠦ ᠬᠤᠲᠠ ᠶᠢᠨ 2025 ᠣᠨ ᠤ ᠪᠥᠬᠦ | ᠤᠯᠤᠰ ᠤᠨ 1% ᠶᠢᠨ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠤᠨ ᠠᠬᠢᠴᠠ ᠶᠢᠨ | ᠲᠣᠬᠢᠷᠠᠭᠤᠯᠤᠯᠲᠠ ᠶᠢ ᠲᠣᠭᠲᠠᠭᠠᠵᠤ᠂ 44 ᠨᠠᠷᠢᠨ ᠵᠦᠢᠯ ᠤᠨ ᠠᠵᠢᠯ ᠤᠨ ᠡᠭᠦᠷᠭᠡ ᠶᠢ ᠲᠣᠭᠲᠠᠭᠠᠬᠤ ᠶᠢᠨ ᠬᠠᠮᠲᠤ | ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠳᠣᠲᠣᠭᠠᠳᠤ ᠶᠢᠨ ᠠᠵᠢᠯᠯᠠᠬᠤ ᠳᠤᠭᠤᠶᠢᠯᠠᠩ ᠬᠦᠷᠲᠡᠯ᠎ᠡ | ᠵᠠᠳᠠᠯᠵᠤ᠂ ᠪᠠᠶᠢᠴᠠᠭᠠᠯᠲᠠ ᠶᠢᠨ ᠠᠵᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠤᠷᠤᠭᠰᠢᠲᠠᠶ ᠶᠠᠪᠤᠭᠳᠠᠬᠤ ᠶᠢ | ᠦᠨᠡᠨ ᠬᠦ ᠪᠠᠲᠤᠯᠠᠪᠠ᠃ ᠡᠭᠦᠨ ᠤ ᠬᠠᠮᠲᠤ᠂ ᠪᠥᠬᠦ ᠬᠤᠲᠠ ᠶᠢᠨ 1% ᠶᠢᠨ ᠬᠥᠮᠦᠨ ᠠᠮᠠ ᠶᠢᠨ ᠥᠯᠢᠭᠡᠷ ᠠᠪᠴᠤ | ᠪᠠᠶᠢᠴᠠᠭᠠᠬᠤ ᠠᠵᠢᠯ ᠤᠨ ᠰᠣᠯᠢᠯᠴᠠᠭᠠᠨ ᠤ ᠬᠤᠯᠪᠣᠭ᠎ᠠ ᠶᠢ ᠪᠠᠶᠢᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ | ᠪᠢᠴᠢᠭ ᠮᠠᠲ᠋ᠧᠷᠢᠶᠠᠯ ᠪᠠ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠡᠯ᠎ᠡ ᠬᠤᠰᠢᠭᠤ ᠰᠢᠶᠠᠨ ᠲᠣᠭᠤᠷᠢᠭ ᠲᠤ | ᠤᠯᠠᠮᠵᠢᠯᠠᠵᠤ᠂ ᠪᠠᠶᠢᠴᠠᠭᠠᠯᠲᠠ ᠶᠢᠨ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠲᠣᠭᠲᠠᠴᠠ ᠶᠢ | ᠪᠡᠶᠡᠯᠡᠬᠦᠯᠪᠡ᠃ |