ᠲᠦᠩᠯᠢᠶᠣᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦ ᠬᠤᠲᠠ ᠶᠢᠨ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠭ᠎ᠠ ᠪᠦᠷᠢᠳᠭᠡᠯ ᠤᠨ ᠬᠢᠨᠡᠨ ᠬᠡᠮᠵᠢᠯᠲᠡ ᠶᠢᠨ ᠸᠢᠳᠢᠣ᠋ ᠪᠣᠯᠪᠠᠰᠤᠷᠠᠯ ᠤᠨ ᠬᠤᠷᠠᠯ ᠳᠡᠭᠡᠷ᠎ᠡ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/5/10
    5 ᠳ᠋ᠤᠭᠠᠷ ᠰᠠᠷ᠎ᠠ ᠶᠢᠨ 8 ᠤ ᠡᠳᠦᠷ᠂ ᠲᠦᠩᠯᠢᠶᠣᠤ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠨ ᠬᠤᠷᠠᠯᠳᠤᠭᠤᠯᠤᠭᠰᠠᠨ ᠪᠥᠬᠦ ᠬᠤᠲᠠ ᠶᠢᠨ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠭ᠎ᠠ ᠪᠦᠷᠢᠳᠭᠡᠯ ᠤᠨ ᠬᠢᠨᠡᠨ ᠬᠡᠮᠵᠢᠯᠲᠡ ᠶᠢᠨ ᠬᠤᠷᠠᠯ ᠳᠡᠭᠡᠷ᠎ᠡ᠂ ᠲᠦᠩᠯᠢᠶᠣᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ︽ᠲᠦᠩᠯᠢᠶᠣᠤ ᠬᠤᠲᠠ ᠶᠢᠨ ᠡᠮᠡᠭᠲᠡᠶᠢᠴᠦᠳ ᠬᠡᠦᠬᠡᠳ ᠤᠨ ᠪᠠᠶᠢᠳᠠᠯ ᠢ ᠶᠡᠷᠦᠩᠬᠡᠶᠢᠯᠡᠨ ᠪᠦᠷᠢᠳᠬᠡᠨ ᠮᠡᠳᠡᠭᠦᠯᠬᠦ ᠬᠦᠰᠦᠨᠦᠭᠲᠦ ᠶᠢᠨ ᠲᠦᠷᠢᠮ︾ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢᠨ ᠲᠤᠭ᠎ᠠ ᠪᠦᠷᠢᠳᠭᠡᠯ ᠤᠨ ᠬᠢᠨᠡᠨ ᠬᠡᠮᠵᠢᠯᠲᠡ ᠶᠢᠨ ᠵᠠᠳᠠᠯᠬᠤ ᠰᠢᠰᠲ᠋ᠧᠮ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠪᠠ᠃
通辽市统计局在全市妇女儿童发展规划统计监测视频培训会议上开展培训1.png
    ᠬᠤᠷᠠᠯ ᠳᠡᠭᠡᠷ᠎ᠡ᠂ ᠲᠦᠩᠯᠢᠶᠣᠤ ᠬᠤᠲᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠪ ᠤᠨ ᠡᠷᠬᠢᠯᠡᠭᠴᠢ ᠯᠢᠦ ᠶᠢᠨ ᠶᠠᠨ ᠨᠥᠬᠦᠷ ᠪᠥᠬᠦ ᠬᠤᠲᠠ ᠶᠢᠨ ᠡᠮᠡᠭᠲᠡᠶᠢᠴᠦᠳ ᠬᠡᠦᠬᠡᠳ ᠤᠨ ︽ᠬᠤᠶᠠᠷᠲᠥᠯᠥᠪᠵᠢᠭᠦᠯᠭᠡ︾ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢᠨ ᠠᠵᠢᠯ ᠳᠤ ᠬᠤᠶᠠᠷ ᠲᠠᠯ᠎ᠠ ᠪᠠᠷ ᠴᠢᠬᠤᠯᠠᠴᠢᠯᠠᠭᠰᠠᠨ ᠨᠢ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠪᠠᠨ ᠴᠢᠨᠠᠷ ᠰᠠᠶᠢᠲᠠᠶ ᠮᠡᠳᠡᠭᠦᠯᠦᠨ ᠬᠦᠷᠭᠡᠬᠦ ᠶᠢ ᠪᠡᠶᠡᠯᠡᠭᠦᠯᠬᠦ ᠬᠡᠷᠡᠭᠲᠡᠶ︔ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠪᠦᠷᠢᠯᠳᠦᠬᠦᠨ ᠨᠢᠭᠡᠴᠢ ᠨᠢ ᠲᠦᠷᠢᠮ ᠤᠨ ᠬᠠᠷᠠᠯᠲᠠ ᠶᠢ ᠬᠡᠷᠡᠭᠵᠢᠭᠦᠯᠬᠦ ᠪᠡᠶᠡᠴᠢ ᠴᠣᠭᠴᠠ ᠪᠣᠯᠬᠤ ᠪᠠᠷ ᠪᠠᠷᠠᠬᠤ ᠦᠭᠡᠢ ᠪᠠᠰᠠ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠪᠦᠷᠢᠳᠬᠡᠵᠦ ᠬᠢᠨᠠᠨ ᠬᠡᠮᠵᠢᠬᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠤᠬᠠᠮᠰᠠᠷ ᠢᠶᠠᠨ ᠳᠡᠭᠡᠭᠰᠢᠯᠡᠭᠦᠯᠦᠨ᠂ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠠᠭᠤᠯᠤᠭᠳᠠᠬᠤᠨ ᠢ ᠨᠠᠷᠢᠨ ᠬᠢᠨᠠᠮᠠᠭᠠᠢ ᠰᠤᠷᠤᠯᠴᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠵᠥᠷᠢᠶ᠎ᠡ ᠶᠢ ᠡᠪᠳᠡᠨ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠵᠤ᠂ ︽ᠬᠤᠶᠠᠷ ᠲᠥᠯᠥᠪᠵᠢᠭᠦᠯᠭᠡ︾ ᠲᠤᠭ᠎ᠠ ᠪᠦᠷᠢᠳᠬᠡᠯ ᠤᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ︽ᠬᠤᠶᠠᠷ ᠲᠥᠯᠥᠪᠵᠢᠭᠦᠯᠭᠡ︾ ᠶᠢᠨ ᠪᠦᠷᠢᠳᠬᠡᠵᠦ ᠬᠢᠨᠠᠨ ᠬᠡᠮᠵᠢᠬᠦ ᠮᠡᠳᠡᠭᠦᠯᠦᠯᠲᠡ ᠶᠢᠨ ᠬᠦᠰᠦᠨᠦᠭᠲᠦ ᠶᠢᠨ ᠲᠦᠷᠢᠮ ᠳᠤ ᠱᠠᠲᠤ ᠬᠤᠪᠢᠶᠠᠨ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠨᠢ ᠪᠥᠬᠦ ᠬᠤᠲᠠ ᠶᠢᠨ ︽ᠬᠤᠶᠠᠷ ᠲᠥᠯᠥᠪᠵᠢᠭᠦᠯᠭᠡ︾ ᠶᠢᠨ ᠪᠦᠷᠢᠳᠬᠡᠵᠦ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠲᠣᠰ ᠭᠠᠵᠠᠷ ᠣᠷᠣᠨ ᠤ ᠪᠠᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠤᠭ᠎ᠠ ᠪᠠᠷᠢᠮᠲᠠ ᠶᠢ ᠬᠢᠨᠠᠨ ᠬᠡᠮᠵᠢᠵᠦ ᠦᠨᠡᠯᠡᠨ ᠵᠢᠱᠢᠬᠦ ᠪᠠ ᠵᠠᠳᠠᠯᠬᠤ ᠪᠠᠨ ᠴᠢᠩᠭᠠᠳᠬᠠᠵᠤ᠂ ᠲᠦᠩᠯᠢᠶᠣᠤ ᠬᠤᠲᠠ ᠶᠢᠨ ᠡᠮᠡᠭᠲᠡᠶᠢᠴᠦᠳ᠂ ᠬᠡᠦᠬᠡᠳ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠰᠢᠰᠲ᠋ᠧᠮ ᠲᠠᠢ ᠲᠤᠰᠬᠠᠵᠤ᠂ ᠮᠠᠨ ᠤ ᠬᠤᠲᠠ ᠶᠢᠨ ᠡᠮᠡᠭᠲᠡᠶᠢᠴᠦᠳ ᠬᠡᠦᠬᠡᠳ ᠤᠨ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃
通辽市统计局在全市妇女儿童发展规划统计监测视频培训会议上开展培训2.png
    ᠬᠤᠷᠠᠯ ᠤᠨ ᠳᠠᠷᠠᠭ᠎ᠠ᠂ ᠲᠤᠭ᠎ᠠ ᠪᠦᠷᠢᠳᠬᠡᠯ ᠤᠨ ᠲᠣᠪᠴᠢᠶᠠᠨ ᠤ ᠲᠤᠬᠠᠶᠢᠯᠠᠭᠰᠠᠨ ᠠᠵᠢᠯᠲᠠᠨ ᠲᠤᠬᠠᠶ ᠶᠢᠨ ᠲᠠᠯᠠᠪᠤᠷ ᠲᠤ ᠮᠠᠲᠠᠭ ᠲᠠᠢ ᠠᠰᠠᠭᠤᠳᠠᠯ ᠢ ᠰᠢᠢᠳᠪᠦᠷᠢᠯᠡᠵᠡᠢ᠃
 
ᠢᠷᠡᠯᠲᠡ᠄ ᠲᠦᠩᠯᠢᠶᠣᠤ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号