ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ 2025 ᠣᠨ ᠤ ᠪᠥᠬᠦ ᠣᠷᠣᠨ ᠤ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/13
    ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠪᠥᠬᠦ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠬᠥᠬᠡᠬᠤᠲᠠ ᠳᠤ ᠪᠥᠬᠦ ᠣᠷᠣᠨ ᠤ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠠᠵᠢᠯ ᠤᠨ ᠬᠤᠷᠠᠯ ᠢ ᠬᠤᠷᠠᠯᠳᠤᠭᠤᠯᠪᠠ᠃    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠦᠬᠦ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠬᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠭ᠎ᠠ ᠪᠦᠷᠢᠳᠬᠡᠯ ᠤᠨ ᠬᠠᠤᠯᠢ ᠪᠠᠷ ᠴᠢᠬᠤᠯᠠ ᠠᠵᠠ ᠲᠣᠬᠢᠶᠠᠯ ᠪᠣᠯᠭᠠᠨ ᠲᠦᠷᠢᠮ ᠲᠣᠭᠲᠠᠭᠠᠯ ᠲᠣᠭᠲᠠᠭᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠳᠤ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠢᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠤᠯᠤᠰ ᠲᠥᠷᠥ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠲᠤᠭ᠎ᠠ ᠪᠦᠷᠢᠳᠬᠡᠯ ᠤᠨ ᠬᠠᠤᠯᠢᠵᠢᠯ ᠤᠨ ︽ᠲᠦᠷᠢᠮ ᠢᠶᠠᠷ ᠬᠢᠵᠠᠭᠠᠷᠯᠠᠬᠤ︾ ᠶᠢ ︽ᠤᠬᠠᠮᠰᠠᠷᠲᠤ ᠠᠵᠢᠯᠯᠠᠭ᠎ᠠ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠠᠵᠢᠯᠯᠠᠭᠠᠨ ᠨᠢ ᠪᠦᠲᠦᠮᠵᠢᠲᠡᠶ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠲᠦᠷᠢᠮ ᠤᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠶ᠃ ᠵᠣᠷᠢᠭᠲᠠᠢ ᠪᠠᠷ ᠲᠡᠮᠡᠴᠡᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠢᠮᠠᠭᠲᠠ ︽ᠤᠬᠳᠤ ᠠᠭᠤᠴᠢᠯᠠᠬᠤ ᠦᠭᠡᠢ︾ ᠪᠠᠶᠢᠬᠤ ᠬᠡᠷᠡᠭᠲᠡᠢ᠃ ᠴᠢᠩᠭ᠎ᠠ ᠦᠨᠳᠦᠰᠦᠨ ᠬᠦᠭ ᠠᠶᠠᠰ ᠢ ᠲᠠᠰᠤᠷᠠᠯᠳᠠ ᠦᠭᠡᠢ ᠪᠤᠢ ᠪᠣᠯᠭᠠᠵᠤ᠂ ᠴᠢᠩᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠴᠢᠩᠭ᠎ᠠ ᠠᠭᠤᠷ ᠠᠮᠢᠰᠬᠤᠯ ᠢ ᠬᠡᠪ ᠤᠨ ᠪᠠᠶᠢᠳᠠᠯ ᠪᠣᠯᠭᠠᠬᠤ ᠬᠡᠷᠡᠭᠲᠡᠢ ᠭᠡᠵᠦᠴᠢᠬᠤᠯᠠᠴᠢᠯᠠᠪᠠ᠃    ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠤᠭ᠎ᠠ ᠪᠠᠷᠢᠮᠲᠠ ᠶᠢᠨ ᠶᠠᠰᠤ ᠴᠢᠨᠠᠷ ᠤᠨ ᠠᠮᠢᠨ ᠰᠤᠳᠠᠰᠤ︾ ᠶᠢ ᠪᠠᠲᠤ ᠰᠠᠬᠢᠬᠤ ᠬᠡᠷᠡᠭᠲᠡᠢ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯᠯᠠᠭ᠎ᠠ ᠶᠢ ᠤᠯᠠᠮ ᠴᠢᠨᠠᠭᠰᠢᠳᠠ ᠵᠢᠷᠤᠮᠵᠢᠭᠤᠯᠵᠤ᠂ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠤᠷᠴᠠ ᠵᠡᠪᠰᠡᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠣᠯᠤᠨ ᠦᠷ᠎ᠡ ᠳ᠋ᠦᠩ ᠤᠨ ᠬᠡᠷᠡᠭᠯᠡᠯᠲᠡ ᠶᠢ ᠦᠷᠭᠦᠯᠵᠢᠯᠡᠨ ᠰᠠᠶᠢᠲᠤᠷ ᠬᠢᠵᠦ᠂ ᠥᠨᠳᠥᠷ ᠬᠡᠪ ᠪᠣᠯᠪᠠᠰᠤᠷᠠᠯ ᠲᠠᠢ ᠬᠠᠤᠯᠢ ᠪᠠᠷ ᠵᠠᠰᠠᠬᠤ ᠡᠩᠨᠡᠭᠡ ᠶᠢ ᠬᠦᠴᠦᠯᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠲᠤᠭ᠎ᠠ ᠪᠦᠷᠢᠳᠬᠡᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    ᠥᠪᠥᠷ ᠮᠣᠩᠭᠤᠯ ᠤᠨ ᠲᠣᠪᠴᠢᠶ᠎ᠠ ᠶᠢᠨ ᠲᠣᠪᠴᠢᠶ᠎ᠠ ᠶᠢᠨ ᠤᠳᠤᠷᠢᠳᠤᠯᠭ᠎ᠠ᠂ ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠪᠠᠶᠢᠭᠤᠯᠭ᠎ᠠ ᠶᠢᠨ ᠡᠯ᠎ᠡ ᠭᠠᠵᠠᠷ ᠬᠡᠷ ᠲᠣᠪᠴᠢᠶ᠎ᠠ᠂ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ᠶᠢᠨ ᠪᠥᠬᠦ ᠠᠵᠢᠯᠲᠠᠨ ᠨᠡᠶᠢᠲᠡ 70 ᠭᠠᠷᠤᠶ ᠬᠥᠮᠦᠨ ᠬᠤᠷᠠᠯ ᠳᠤ ᠣᠷᠣᠯᠴᠠᠵᠠᠶ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号