︵ᠨᠢᠭᠡ︶ ᠦᠨᠳᠦᠰᠦᠨ ᠤᠬᠠᠭᠳᠠᠬᠤᠨ | ᠪᠦᠬᠦ ᠲᠠᠯ᠎ᠠ ᠶᠢᠨ ᠪᠠᠶᠢᠴᠠᠭᠠᠯᠲᠠ ᠭᠡᠳᠡᠭ ᠪᠣᠯ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠨᠢ | ᠰᠢᠰᠲ᠋ᠧᠮ ᠲᠠᠢ᠂ ᠪᠦᠬᠦ ᠲᠠᠯ᠎ᠠ ᠶᠢᠨ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠣᠯᠬᠤ ᠶᠢᠨ ᠲᠤᠰᠠᠳᠠ᠂ | ᠪᠠᠶᠢᠴᠠᠭᠠᠭᠳᠠᠬᠤ ᠡᠲᠡᠭᠡᠳ ᠤᠨ ᠪᠤᠶ ᠪᠦᠬᠦᠢ ᠨᠢᠭᠡᠴᠡ ᠳᠤ ᠨᠢᠭᠡᠳ ᠨᠢᠭᠡ ᠪᠠᠷ ᠪᠠᠶᠢᠴᠠᠭᠠᠯᠲᠠ ᠬᠢᠬᠦ ᠨᠢᠭᠡ ᠵᠦᠢᠯ ᠤᠨ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠷᠭ᠎ᠠ ᠪᠣᠯᠤᠨ᠎ᠠ᠃ ᠣᠳᠣᠬᠠᠨ ᠳᠤ ᠤᠯᠤᠰ ᠤᠨ ᠲᠤᠭ᠎ᠠ | ᠪᠦᠷᠢᠳᠬᠡᠯ ᠤᠨ ᠲᠣᠪᠴᠢᠶᠠᠨ ᠤ ᠬᠡᠷᠡᠭᠵᠢᠭᠦᠯᠵᠦ ᠪᠠᠶᠢᠭ᠎ᠠ ᠪᠦᠬᠦ ᠲᠠᠯ᠎ᠠ ᠶᠢᠨ ᠪᠠᠶᠢᠴᠠᠭᠠᠯᠲᠠ ᠳᠤ ᠭᠤᠣᠯᠳᠠᠭᠤ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠲᠠᠷᠢᠶᠠᠯᠠᠩ ᠤᠨ ᠨᠡᠶᠢᠳᠡᠮ | ᠪᠠᠶᠢᠴᠠᠭᠠᠯᠲᠠ ᠪᠣᠯᠤᠨ ᠪᠦᠬᠦ ᠲᠠᠯ᠎ᠠ ᠶᠢᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠳᠦᠷᠢᠮ ᠪᠤᠶ᠃ | ᠡᠭᠦᠨ ᠳᠤ᠂ ᠪᠦᠬᠦ ᠲᠠᠯ᠎ᠠ ᠶᠢᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠳᠦᠷᠢᠮ ᠪᠣᠯ ᠤᠯᠤᠰ ᠤᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠳᠡᠭᠡᠷ᠎ᠡ ᠠᠴᠠ ᠳᠣᠷᠣᠭᠰᠢ ᠨᠢᠭᠡᠳᠦᠯᠲᠡᠶ | ᠪᠠᠶᠢᠷᠢᠯᠠᠭᠤᠯᠵᠤ᠂ ᠨᠢᠭᠡᠳᠦᠯᠲᠡᠶ ᠬᠦᠰᠦᠨᠦᠭᠲᠦ ᠶᠢᠨ ᠬᠡᠯᠪᠡᠷᠢ᠂ ᠭᠦᠢᠴᠡᠳᠬᠡᠬᠦ ᠲᠤᠭ᠎ᠠ᠂ ᠲᠤᠭ᠎ᠠ ᠪᠦᠷᠢᠳᠬᠡᠯ ᠤᠨ | ᠪᠠᠷᠢᠮᠵᠢᠶ᠎ᠠ᠂ ᠮᠡᠳᠡᠭᠦᠯᠦᠨ ᠬᠦᠷᠭᠡᠬᠦ ᠴᠠᠭ ᠬᠤᠭᠤᠴᠠᠭ᠎ᠠ ᠪᠣᠯᠤᠨ ᠲᠤᠭ᠎ᠠ ᠪᠠᠷᠢᠮᠲᠠ ᠶᠢ ᠰᠢᠢᠳᠪᠦᠷᠢᠯᠡᠬᠦ ᠳᠡᠰ | ᠳᠠᠷᠠᠭᠠᠯᠠᠯ ᠶᠣᠰᠣᠭᠠᠷ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠱᠠᠲᠤ ᠳᠠᠷᠠᠭᠠᠯᠠᠨ ᠲᠣᠭᠲᠠᠮᠠᠯ ᠬᠤᠭᠤᠴᠠᠭ᠎ᠠ ᠲᠠᠢ | ᠴᠤᠭᠯᠠᠭᠤᠯᠬᠤ ᠨᠢᠭᠡ ᠵᠦᠢᠯ ᠤᠨ ᠪᠠᠶᠢᠴᠠᠭᠠᠯᠲᠠ ᠶᠢᠨ ᠠᠷᠭ᠎ᠠ ᠮᠠᠶ᠋ᠢᠭ ᠪᠣᠯᠤᠨ᠎ᠠ᠃ ᠪᠦᠬᠦ ᠲᠠᠯ᠎ᠠ ᠶᠢᠨ ᠲᠤᠭ᠎ᠠ | ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠬᠡᠷᠡᠭᠵᠢᠭᠦᠯᠬᠦ ᠬᠡᠪᠴᠢᠶ᠎ᠡ ᠪᠣᠯ ᠨᠢᠭᠡᠨᠲᠡ ᠲᠣᠭᠲᠠᠭᠠᠭᠰᠠᠨ ᠲᠤᠭ᠎ᠠ | ᠪᠦᠷᠢᠳᠬᠡᠯ ᠤᠨ ᠶᠡᠷᠦᠩᠬᠡᠶ ᠴᠣᠭᠴᠠ ᠶᠢᠨ ᠳᠣᠲᠣᠷᠠᠬᠢ ᠪᠦᠬᠦ ᠨᠢᠭᠡᠴᠡ ᠪᠣᠯᠤᠨ᠎ᠠ᠃ | ︵ᠬᠤᠶᠠᠷ︶ ᠳᠠᠪᠠᠭᠤᠯᠢᠭ ᠲᠠᠯ᠎ᠠ ᠬᠦᠷᠦᠯᠴᠡᠬᠦ ᠦᠭᠡᠢ ᠲᠠᠯ᠎ᠠ ᠶᠢᠨ ᠵᠠᠳᠠᠯᠤᠯᠲᠠ | ᠪᠤᠰᠤᠳ ᠪᠠᠶᠢᠴᠠᠭᠠᠬᠤ ᠠᠷᠭ᠎ᠠ ᠲᠠᠢ ᠬᠠᠷᠢᠴᠠᠭᠤᠯᠪᠠᠯ᠂ ᠪᠦᠬᠦ ᠲᠠᠯ᠎ᠠ ᠶᠢᠨ ᠪᠠᠶᠢᠴᠠᠭᠠᠯᠲᠠ ᠶᠢᠨ ᠳᠠᠪᠠᠭᠤᠯᠢᠭ ᠪᠣᠯ | ᠡᠨᠡ ᠬᠦ ᠠᠷᠭ᠎ᠠ ᠪᠠᠷ ᠣᠯᠤᠭᠰᠠᠨ ᠮᠠᠲ᠋ᠧᠷᠢᠶᠠᠯ ᠨᠢ ᠨᠡᠯᠢᠶᠡᠳ ᠰᠢᠰᠲ᠋ᠧᠮ ᠲᠠᠢ᠂ ᠪᠦᠬᠦ ᠲᠠᠯ᠎ᠠ ᠶᠢᠨ᠂ ᠲᠣᠭᠲᠠᠭᠤᠨ᠂ | ᠨᠠᠶᠢᠳᠠᠪᠤᠷᠢᠲᠠᠶ᠂ ᠮᠠᠲ᠋ᠧᠷᠢᠶᠠᠯ ᠬᠤᠷᠠᠮᠳᠤᠭᠤᠯᠬᠤ ᠳᠤ ᠠᠰᠢᠭᠲᠠᠶ ᠪᠥᠭᠡᠳ ᠬᠥᠳᠡᠯᠦᠩᠭᠦᠶ ᠪᠠᠷ ᠬᠠᠷᠢᠴᠠᠭᠤᠯᠤᠨ | ᠵᠠᠳᠠᠯᠤᠯᠲᠠ ᠬᠢᠨ᠎ᠡ᠃ ᠪᠦᠬᠦ ᠲᠠᠯ᠎ᠠ ᠶᠢᠨ ᠪᠠᠶᠢᠴᠠᠭᠠᠯᠲᠠ ᠶᠢᠨ ᠮᠡᠳᠡᠭᠦᠯᠬᠦ ᠬᠦᠰᠦᠨᠦᠭᠲᠦ ᠶᠢᠨ ᠮᠠᠲ᠋ᠧᠷᠢᠶᠠᠯ ᠢ ᠱᠠᠲᠤ | ᠳᠠᠷᠠᠭᠠᠯᠠᠨ ᠳᠡᠭᠡᠭᠰᠢ ᠮᠡᠳᠡᠭᠦᠯᠬᠦ ᠪᠠ ᠬᠤᠷᠢᠶᠠᠩᠭᠤᠶᠢᠯᠠᠵᠤ᠂ ᠮᠡᠳᠡᠭᠦᠯᠬᠦ ᠬᠦᠰᠦᠨᠦᠭᠲᠦ ᠶᠢᠨ ᠮᠠᠲ᠋ᠧᠷᠢᠶᠠᠯ ᠤᠨ | ᠢᠷᠡᠯᠲᠡ ᠶᠢ ᠦᠨᠳᠦᠰᠦᠨ ᠱᠠᠲᠤᠨ ᠤ ᠨᠢᠭᠡᠴᠡ ᠶᠢᠨ ᠡᠯ᠎ᠡ ᠵᠦᠢᠯ ᠤᠨ ᠠᠩᠬᠠᠨ ᠤ ᠲᠡᠮᠳᠡᠭᠯᠡᠯ ᠤᠨ ᠰᠠᠭᠤᠷᠢᠨ ᠳᠡᠭᠡᠷ᠎ᠡ | ᠪᠠᠶᠢᠭᠤᠯᠤᠭᠰᠠᠨ ᠪᠣᠯᠬᠤᠷ ᠤᠯᠤᠰ ᠤᠨ ᠬᠤᠷᠸ᠎ᠠ ᠬᠠᠮᠢᠶᠠᠷᠤᠯᠲᠠ ᠶᠢᠨ ᠬᠡᠷᠡᠭᠴᠡᠭᠡ ᠶᠢ ᠬᠠᠩᠭᠠᠵᠤ ᠴᠢᠳᠠᠬᠤ ᠪᠠᠷ | ᠪᠠᠷᠠᠬᠤ ᠦᠭᠡᠶ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠴᠦ ᠬᠠᠷᠢᠶ᠎ᠠ ᠬᠡᠪᠴᠢᠶᠡᠨ ᠤ ᠪᠠᠨ | ᠮᠡᠳᠡᠭᠦᠯᠬᠦ ᠬᠦᠰᠦᠨᠦᠭᠲᠦ ᠶᠢᠨ ᠮᠠᠲ᠋ᠧᠷᠢᠶᠠᠯ ᠢ ᠣᠯᠵᠤ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠤᠨ ᠢᠶᠠᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠦᠨᠳᠦᠰᠦᠨ ᠱᠠᠲᠤᠨ ᠤ ᠨᠢᠭᠡᠴᠡ ᠴᠦ | ᠲᠤᠭ᠎ᠠ ᠪᠦᠷᠢᠳᠬᠡᠯ ᠤᠨ ᠮᠠᠲ᠋ᠧᠷᠢᠶᠠᠯ ᠢ ᠠᠰᠢᠭᠯᠠᠨ ᠦᠢᠯᠡᠳᠪᠦᠷᠢᠯᠡᠯ᠂ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ | ᠲᠠᠯᠪᠢᠵᠤ ᠬᠠᠮᠢᠶᠠᠷᠴᠤ ᠪᠣᠯᠤᠨ᠎ᠠ᠃ ᠪᠦᠬᠦ ᠲᠠᠯ᠎ᠠ ᠶᠢᠨ ᠪᠠᠶᠢᠴᠠᠭᠠᠯᠲᠠ ᠶᠢᠨ ᠬᠦᠷᠦᠯᠴᠡᠬᠦ ᠦᠭᠡᠢ ᠲᠠᠯ᠎ᠠ ᠨᠢ | ᠭᠤᠣᠯᠳᠠᠭᠤ ᠪᠠᠶᠢᠴᠠᠭᠠᠯᠲᠠ ᠶᠢᠨ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠵᠢᠯ ᠤᠨ ᠬᠡᠮᠵᠢᠶ᠎ᠡ ᠶᠡᠭᠡ᠂ ᠶᠡᠭᠡ | ᠬᠡᠮᠵᠢᠶᠡᠨ ᠤ ᠬᠥᠮᠦᠨ᠂ ᠡᠳ᠋᠂ ᠪᠣᠳᠠᠰ ᠤᠨ ᠬᠦᠴᠦ ᠵᠠᠷᠤᠴᠠᠭᠤᠯᠬᠤ ᠴᠢᠬᠤᠯᠠᠲᠠᠶ᠂ ᠦᠨᠳᠦᠰᠦᠨ ᠱᠠᠲᠤᠨ ᠤ | ᠳᠠᠷᠤᠭᠠᠰᠤ ᠬᠦᠨᠳᠦ ᠪᠠᠶᠢᠨ᠎ᠠ᠃ ᠮᠥᠷᠲᠡᠭᠡᠨ ᠳᠤᠮᠳᠠᠬᠢ ᠭᠤᠭᠴᠤᠭ᠎ᠠ ᠣᠯᠠᠨ ᠤᠴᠢᠷ ᠠᠴᠠ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠠᠮᠠᠷᠬᠠᠨ ᠬᠠᠷᠰᠢᠯᠠᠭᠳᠠᠨᠠ᠃ | ︵ᠭᠤᠷᠪᠠ︶ ᠵᠢᠱᠢᠶ᠎ᠡ | ᠪᠦᠬᠦ ᠲᠠᠯ᠎ᠠ ᠶᠢᠨ ᠪᠠᠶᠢᠴᠠᠭᠠᠯᠲᠠ ᠶᠢ ᠲᠥᠯᠥᠪᠯᠡᠭᠡᠲᠦ ᠠᠵᠤ ᠠᠬᠤᠢ ᠶᠢᠨ ᠴᠠᠭ ᠦᠶ᠎ᠡ ᠳᠤ ᠨᠡᠯᠢᠶᠡᠳ ᠲᠦᠭᠡᠮᠡᠯ | ᠬᠡᠷᠡᠭᠯᠡᠨ᠎ᠡ᠃ ᠥᠭᠡᠷᠡᠴᠢᠯᠡᠯᠲᠡ ᠨᠡᠭᠡᠭᠡᠯᠲᠡ ᠠᠴᠠ ᠨᠠᠰᠢ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠶ ᠶᠢᠨ ᠬᠥᠭᠵᠢᠯᠲᠡ ᠶᠢ ᠳᠠᠭᠠᠯᠳᠤᠨ᠂ ᠡᠯ᠎ᠡ ᠵᠦᠢᠯ ᠤᠨ ᠠᠵᠤ ᠠᠬᠤᠶ ᠶᠢᠨ ᠪᠦᠷᠢᠯᠳᠦᠬᠦᠨ ᠣᠯᠠᠨ ᠡᠰᠢᠵᠢᠵᠦ᠂ | ᠪᠠᠶᠢᠴᠠᠭᠠᠯᠲᠠ ᠬᠢᠬᠦ ᠨᠢᠭᠡᠴᠡ ᠶᠡᠭᠡ ᠬᠡᠮᠵᠢᠶ᠎ᠡ ᠪᠠᠷ ᠨᠡᠮᠡᠭᠳᠡᠨ᠂ ᠪᠦᠬᠦ ᠲᠠᠯ᠎ᠠ ᠶᠢᠨ ᠪᠠᠶᠢᠴᠠᠭᠠᠯᠲᠠ ᠶᠢᠨ ᠬᠡᠷᠡᠭᠯᠡᠯᠲᠡ ᠶᠢᠨ | ᠬᠡᠪᠴᠢᠶ᠎ᠡ ᠡᠳᠦᠶ ᠲᠡᠳᠦᠶ ᠪᠠᠭᠠᠰᠴᠤ᠂ ᠣᠳᠣᠬᠠᠨ ᠳᠤ ᠤᠯᠤᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠳᠤᠮᠳᠠ ᠪᠦᠬᠦ ᠲᠠᠯ᠎ᠠ ᠶᠢᠨ ᠪᠠᠶᠢᠴᠠᠭᠠᠯᠲᠠ ᠶᠢ ᠭᠤᠣᠯᠳᠠᠭᠤ ᠡᠯ᠎ᠡ ᠲᠥᠷᠥᠯ ᠤᠨ ᠬᠡᠪᠴᠢᠶ᠎ᠡ ᠠᠴᠠ ᠳᠡᠭᠡᠭᠰᠢᠬᠢ ᠠᠵᠤ | ᠠᠬᠤᠶᠢᠯᠠᠯ ᠤᠨ ᠪᠠᠶᠢᠴᠠᠭᠠᠯᠲᠠ ᠳᠤ ᠬᠡᠷᠡᠭᠯᠡᠵᠦ ᠪᠠᠶᠢᠨ᠎ᠠ᠃ ᠵᠢᠱᠢᠶᠡᠯᠡᠪᠡᠯ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶᠠᠨ ᠤ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ 2017 ᠣᠨ ᠤ ︽ᠠᠵᠤ ᠦᠢᠯᠡᠳᠪᠦᠷᠢ ᠶᠢᠨ ᠲᠤᠭ᠎ᠠ | ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠲᠦᠷᠢᠮ︾ ᠳᠤ ᠭᠤᠣᠯᠳᠠᠭᠤ ᠵᠢᠯ ᠤᠨ ᠭᠤᠣᠯ ᠡᠵᠡᠩᠨᠡᠯᠲᠡ ᠶᠢᠨ | ᠲᠤᠬᠠᠶᠢᠯᠠᠭᠰᠠᠨ ᠠᠵᠢᠯ ᠤᠨ ᠣᠷᠣᠯᠭ᠎ᠠ 2000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠬᠠᠤᠯᠢ ᠶᠢᠨ ᠡᠷᠬᠡᠲᠡᠨ ᠤ ᠨᠢᠭᠡᠴᠡ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠭᠰᠡᠨ ᠪᠠᠶᠢᠨ᠎ᠠ︔ | 2017 ᠣᠨ ᠤ ︽ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ | ᠮᠡᠳᠡᠭᠦᠯᠬᠦ ᠬᠦᠰᠦᠨᠦᠭᠲᠦ ᠶᠢᠨ ᠲᠦᠷᠢᠮ︾ ᠨᠢ ᠭᠤᠤᠯᠳᠠᠭᠤ ᠣᠨ ᠤ ᠡᠵᠡᠩᠨᠡᠯᠲᠡ ᠶᠢᠨ ᠣᠷᠣᠯᠭ᠎ᠠ ᠨᠢ 1000 | ᠲᠦᠮᠡᠨ ᠲᠥᠭᠦᠷᠢᠭ ᠠᠴᠠ ᠳᠡᠭᠡᠭᠰᠢᠬᠢ ᠪᠤᠶᠤ ᠵᠢᠯ ᠤᠨ ᠡᠴᠦᠰ ᠲᠤ ᠠᠵᠢᠯᠯᠠᠵᠤ ᠪᠠᠶᠢᠭ᠎ᠠ 50 ᠬᠥᠮᠦᠨ ᠵᠢᠴᠢ | ᠲᠡᠭᠦᠨ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠳᠤ ᠬᠢᠭᠰᠡᠨ ᠪᠥᠬᠦ | ᠲᠠᠯ᠎ᠠ ᠶᠢᠨ ᠪᠠᠶᠢᠴᠠᠭᠠᠯᠲᠠ ᠪᠣᠯᠤᠨ᠎ᠠ᠃ | |