ᠶᠠᠭᠤ ᠶᠢ ᠭᠤᠣᠯᠳᠠᠯᠭ᠎ᠠ ᠲᠠᠢ ᠪᠠᠶᠢᠴᠠᠭᠠᠯᠲᠠ ᠭᠡᠬᠦ ᠪᠤᠶ
ᠨᠡᠶᠢᠲᠡᠯᠡᠭᠰᠡᠨ ᠴᠠᠭ᠄
2025/5/13
    ︵ᠨᠢᠭᠡ︶ ᠦᠨᠳᠦᠰᠦᠨ ᠤᠬᠠᠭᠳᠠᠬᠤᠨ    ᠭᠤᠣᠯᠳᠠᠯᠭ᠎ᠠ ᠲᠠᠢ ᠪᠠᠶᠢᠴᠠᠭᠠᠯᠲᠠ ᠪᠣᠯ ᠨᠢᠭᠡ ᠵᠦᠢᠯ ᠤᠨ ᠪᠦᠬᠦ ᠲᠠᠯ᠎ᠠ ᠶᠢᠨ ᠪᠤᠰᠤ ᠪᠠᠶᠢᠴᠠᠭᠠᠯᠲᠠ ᠪᠣᠯᠤᠨ᠎ᠠ᠂ ᠲᠡᠷᠡ ᠨᠢ ᠪᠦᠬᠦ ᠨᠢᠭᠡᠴᠡ ᠶᠢᠨ ᠳᠣᠲᠣᠷ᠎ᠠ ᠠᠴᠠ ᠨᠢᠭᠡ ᠪᠦᠯᠦᠭ ᠭᠤᠣᠯᠳᠠᠯᠭ᠎ᠠ ᠲᠠᠢ ᠨᠢᠭᠡᠴᠡ ᠶᠢ ᠰᠣᠩᠭᠤᠨ ᠪᠠᠶᠢᠴᠠᠭᠠᠯᠲᠠ ᠬᠢᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠤᠯᠬᠤ ᠨᠢᠭᠡ ᠵᠦᠢᠯ ᠤᠨ ᠪᠦᠬᠦ ᠲᠠᠯ᠎ᠠ ᠶᠢᠨ ᠪᠤᠰᠤ ᠪᠠᠶᠢᠴᠠᠭᠠᠯᠲᠠ ᠶᠢᠨ ᠠᠷᠭ᠎ᠠ ᠪᠣᠯᠤᠨ᠎ᠠ᠃ ᠭᠤᠣᠯᠳᠠᠯᠭ᠎ᠠ ᠲᠠᠢ ᠪᠠᠶᠢᠴᠠᠭᠠᠬᠤ ᠡᠲᠡᠭᠡᠳ ᠨᠢ ᠵᠠᠷᠢᠮ ᠠᠵᠤ ᠠᠬᠤᠶᠢᠯᠠᠯ᠂ ᠠᠵᠢᠯ ᠲᠦᠷᠦᠯ ᠪᠠᠶᠢᠵᠤ ᠪᠣᠯᠤᠨ᠎ᠠ᠂ ᠪᠠᠰᠠ ᠵᠠᠷᠢᠮ ᠭᠠᠵᠠᠷ ᠣᠷᠣᠨ᠂ ᠬᠤᠳᠠ ᠪᠠᠶᠢᠵᠤ ᠪᠣᠯᠤᠨ᠎ᠠ᠃ ᠰᠤᠳᠤᠯᠬᠤ ᠠᠰᠠᠭᠤᠳᠠᠯ ᠤᠨ ᠠᠳᠠᠯᠢ ᠪᠤᠰᠤ ᠬᠡᠷᠡᠭᠴᠡᠭᠡ ᠶᠢ ᠦᠨᠳᠦᠰᠦᠯᠡᠨ᠂ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠳᠡᠭᠡᠨ ᠨᠢᠭᠡ ᠯᠡ ᠤᠳᠠᠭ᠎ᠠ ᠶᠢᠨ ᠴᠢᠨᠠᠷᠲᠠᠢ ᠪᠠᠶᠢᠴᠠᠭᠠᠯᠲᠠ ᠬᠢᠵᠦ ᠪᠣᠯᠤᠨ᠎ᠠ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠭᠰᠡᠨ ᠴᠦ ᠪᠣᠯᠤᠨ᠎ᠠ᠃ ᠭᠤᠣᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠦᠨᠳᠦᠰᠦᠨ ᠣᠨᠴᠠᠯᠢᠭ ᠪᠣᠯ ᠪᠠᠶᠢᠴᠠᠭᠠᠯᠲᠠ ᠬᠢᠭᠰᠡᠨ ᠨᠢᠭᠡᠴᠡ ᠶᠢᠨ ᠲᠤᠭ᠎ᠠ ᠨᠢ ᠬᠡᠳᠦ᠋ᠢᠪᠡᠷ ᠪᠠᠭ᠎ᠠ ᠪᠣᠯᠪᠠᠴᠤ᠂ ᠲᠡᠳᠡᠭᠡᠷ ᠨᠢ ᠰᠤᠳᠤᠯᠤᠭᠰᠠᠨ ᠦᠵᠡᠭᠳᠡᠯ ᠤᠨ ᠶᠡᠷᠦᠩᠬᠡᠢ ᠬᠡᠮᠵᠢᠶᠡᠨ ᠤ ᠳᠣᠲᠣᠷ᠎ᠠ ᠬᠠᠷᠢᠨ ᠲᠦᠢᠯ ᠤᠨ ᠶᠡᠭᠡ ᠬᠤᠪᠢ ᠶᠢᠨ ᠵᠢᠩ ᠢ ᠡᠵᠡᠯᠡᠵᠦ ᠪᠠᠶᠢᠳᠠᠭ᠂ ᠡᠶᠢᠮᠦ ᠠᠴᠠ ᠡᠨᠡ ᠬᠡᠰᠡᠭ ᠭᠤᠣᠯᠳᠠᠯᠭ᠎ᠠ ᠲᠠᠢ ᠨᠢᠭᠡᠴᠡ ᠶᠢ ᠪᠠᠶᠢᠴᠠᠭᠠᠭᠠᠳ ᠣᠯᠤᠭᠰᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠪᠢᠷᠠᠯᠲᠠ ᠶᠢᠨ ᠦᠨᠳᠦᠰᠦᠨ ᠬᠠᠨᠳᠤᠰᠢ ᠶᠢ ᠲᠤᠰᠬᠠᠵᠤ ᠴᠢᠳᠠᠳᠠᠭ᠃ ᠡᠩ ᠤᠨ ᠪᠠᠶᠢᠳᠠᠯ ᠳᠤ ᠠᠪᠴᠤ ᠬᠡᠯᠡᠪᠡᠯ᠂ ᠪᠠᠶᠢᠴᠠᠭᠠᠯᠲᠠ ᠶᠢᠨ ᠡᠭᠦᠷᠭᠡ ᠨᠢ ᠵᠥᠪᠬᠡᠨ ᠦᠨᠳᠦᠰᠦᠨ ᠪᠠᠶᠢᠳᠠᠯ ᠢ ᠡᠵᠡᠮᠰᠢᠬᠦ ᠶᠢ ᠱᠠᠭᠠᠷᠳᠠᠵᠤ᠂ ᠬᠡᠰᠡᠭ ᠨᠢᠭᠡᠴᠢ ᠨᠢ ᠪᠠᠰᠠ ᠰᠤᠳᠤᠯᠭᠠᠨ ᠤ ᠵᠦᠢᠯᠡᠰ ᠪᠠ ᠭᠦᠢᠴᠡᠳᠬᠡᠬᠦ ᠲᠤᠭ᠎ᠠ ᠶᠢ ᠨᠡᠯᠢᠶᠡᠳ ᠲᠥᠪᠯᠡᠷᠡᠭᠦᠯᠦᠨ ᠲᠤᠰᠬᠠᠵᠤ ᠴᠢᠳᠠᠬᠤ ᠦᠶ᠎ᠡ ᠳᠤ᠂ ᠶᠡᠷᠦ ᠳᠡᠭᠡᠨ ᠭᠤᠣᠯᠳᠠᠯᠭ᠎ᠠ ᠲᠠᠢ ᠪᠠᠶᠢᠴᠠᠭᠠᠬᠤ ᠠᠷᠭ᠎ᠠ ᠶᠢ ᠬᠡᠷᠡᠭᠯᠡᠳᠡᠭ᠃    ︵ᠬᠤᠶᠠᠷ︶ ᠳᠠᠪᠠᠭᠤᠯᠢᠭ ᠲᠠᠯ᠎ᠠ ᠬᠦᠷᠦᠯᠴᠡᠬᠦ ᠦᠭᠡᠢ ᠲᠠᠯ᠎ᠠ ᠶᠢᠨ ᠵᠠᠳᠠᠯᠤᠯᠲᠠ     ᠪᠤᠰᠤᠳ ᠪᠠᠶᠢᠴᠠᠭᠠᠬᠤ ᠠᠷᠭ᠎ᠠ ᠲᠠᠢ ᠬᠠᠷᠢᠴᠠᠭᠤᠯᠪᠠᠯ᠂ ᠭᠤᠤᠯᠳᠠᠯᠭ᠎ᠠ ᠲᠠᠢ ᠪᠠᠶᠢᠴᠠᠭᠠᠬᠤ ᠳᠠᠪᠠᠭᠤᠯᠢᠭ ᠲᠠᠯ᠎ᠠ ᠪᠣᠯ ᠬᠥᠮᠦᠨ ᠤ ᠬᠦᠴᠦ ᠪᠣᠳᠠᠰ ᠤᠨ ᠬᠦᠴᠦ ᠪᠠᠭ᠎ᠠ᠂ ᠪᠠᠶᠢᠴᠠᠭᠠᠬᠤ ᠬᠤᠷᠳᠤᠴᠠ ᠨᠢ ᠲᠦᠷᠭᠡᠨ᠂ ᠲᠤᠰᠬᠠᠭᠰᠠᠨ ᠭᠤᠤᠯ ᠪᠠᠶᠢᠳᠠᠯ ᠪᠤᠶᠤ ᠦᠨᠳᠦᠰᠦᠨ ᠬᠠᠨᠳᠤᠰᠢ ᠨᠢ ᠨᠡᠯᠢᠶᠡᠳ ᠣᠨᠣᠪᠴᠢᠲᠠᠶ᠃ ᠭᠤᠣᠯᠳᠠᠯᠭ᠎ᠠ ᠲᠠᠢ ᠪᠠᠶᠢᠴᠠᠭᠠᠯᠲᠠ ᠪᠠᠷ ᠰᠣᠩᠭᠤᠭᠰᠠᠨ ᠨᠢᠭᠡᠴᠡ ᠨᠡᠯᠢᠶᠡᠳ ᠴᠥᠭᠡᠨ ᠪᠣᠯᠬᠤᠷ ᠪᠠᠶᠢᠴᠠᠭᠠᠯᠲᠠ ᠬᠢᠬᠦ ᠵᠦᠢᠯᠡᠰ ᠢ ᠬᠠᠷᠢᠴᠠᠩᠭᠤᠢ ᠪᠠᠷ ᠤᠯᠠᠨ ᠰᠢᠭ᠋ ᠪᠠᠶᠢᠭᠤᠯᠵᠤ᠂ ᠣᠶᠢᠯᠠᠭᠠᠵᠤ ᠮᠡᠳᠡᠭᠰᠡᠨ ᠪᠠᠶᠢᠳᠠᠯ ᠢᠶᠠᠨ ᠨᠠᠷᠢᠨ ᠰᠢᠭ᠋ ᠲᠣᠭᠲᠠᠭᠠᠵᠤ ᠪᠣᠯᠤᠨ᠎ᠠ᠃ ᠭᠤᠤᠯᠳᠠᠯᠭ᠎ᠠ ᠲᠠᠢ ᠪᠠᠶᠢᠴᠠᠭᠠᠯᠲᠠ ᠶᠢᠨ ᠬᠦᠷᠦᠯᠴᠡᠬᠦ ᠦᠭᠡᠢ  ᠲᠠᠯ᠎ᠠ ᠪᠣᠯ ᠣᠯᠤᠭᠰᠠᠨ ᠲᠤᠭ᠎ᠠ ᠪᠠᠷᠢᠮᠲᠠ ᠨᠢ ᠵᠥᠪᠬᠡᠨ ᠪᠠᠶᠢᠴᠠᠭᠠᠭᠳᠠᠬᠤ ᠡᠲᠡᠭᠡᠳ ᠤᠨ ᠶᠡᠷᠦᠩᠬᠡᠶ ᠴᠣᠭᠴᠠ ᠶᠢᠨ ᠦᠨᠳᠦᠰᠦᠨ ᠬᠥᠭᠵᠢᠯᠲᠡ ᠶᠢᠨ ᠬᠠᠨᠳᠤᠰᠢ ᠶᠢ ᠲᠤᠰᠬᠠᠵᠤ᠂ ᠶᠡᠷᠦᠩᠬᠡᠶ ᠴᠣᠭᠴᠠ ᠶᠢ ᠮᠠᠭᠠᠳᠯᠠᠬᠤ ᠳᠤ ᠬᠡᠷᠡᠭᠯᠡᠵᠦ ᠪᠣᠯᠬᠤ ᠥᠬᠡᠶ᠂ ᠡᠶᠢᠮᠦ ᠠᠴᠠ ᠵᠥᠪᠬᠡᠨ ᠨᠢᠭᠡ ᠵᠦᠢᠯ ᠤᠨ ᠨᠥᠬᠦᠪᠥᠷᠢᠯᠡᠬᠦ ᠴᠢᠨᠠᠷᠲᠠᠶ ᠪᠠᠶᠢᠴᠠᠭᠠᠯᠲᠠ ᠶᠢᠨ ᠠᠷᠭ᠎ᠠ ᠪᠣᠯᠤᠨ᠎ᠠ᠃    ︵ᠭᠤᠷᠪᠠ︶ ᠵᠢᠱᠢᠶ᠎ᠡ    ᠭᠤᠤᠯᠳᠠᠯᠭ᠎ᠠ ᠲᠠᠢ ᠪᠠᠶᠢᠴᠠᠭᠠᠯᠲᠠ ᠶᠢ ᠥᠷᠨᠢᠭᠦᠯᠬᠦ ᠳᠤ ᠭᠤᠤᠯᠳᠠᠯᠭ᠎ᠠ ᠲᠠᠢ ᠨᠢᠭᠡᠴᠡ ᠶᠢ ᠣᠨᠣᠪᠴᠢᠲᠠᠶ ᠰᠣᠩᠭᠤᠬᠤ ᠨᠢ ᠲᠦᠢᠯ ᠤᠨ ᠴᠢᠬᠤᠯᠠ ᠶᠤᠮ᠃ ᠭᠤᠣᠯᠳᠠᠯᠭ᠎ᠠ ᠲᠠᠢ ᠨᠢᠭᠡᠴᠡ ᠶᠢ ᠰᠣᠩᠭᠤᠬᠤ ᠳᠤ ᠬᠤᠶᠠᠷ ᠵᠠᠷᠴᠢᠮ ᠢ ᠵᠢᠷᠤᠮᠯᠠᠬᠤ ᠬᠡᠷᠡᠭᠲᠡᠶ᠄ ᠨᠢᠭᠡ ᠳᠤ᠂ ᠪᠠᠶᠢᠴᠠᠭᠠᠬᠤ ᠡᠭᠦᠷᠭᠡ ᠶᠢᠨ ᠱᠠᠭᠠᠷᠳᠠᠯᠭ᠎ᠠ ᠪᠣᠯᠤᠨ ᠪᠠᠶᠢᠴᠠᠭᠠᠭᠳᠠᠬᠤ ᠡᠲᠡᠭᠡᠳ ᠤᠨ ᠦᠨᠳᠦᠰᠦᠨ ᠪᠠᠶᠢᠳᠠᠯ ᠢ ᠦᠨᠳᠦᠰᠦᠯᠡᠨ ᠰᠣᠩᠭᠤᠬᠤ ᠭᠤᠣᠯᠳᠠᠯᠭ᠎ᠠ ᠲᠠᠢ ᠨᠢᠭᠡᠴᠡ ᠵᠢᠴᠢ ᠲᠤᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ᠂ ᠶᠡᠷᠦᠩᠬᠡᠶ ᠳᠤᠨᠢ ᠠᠪᠴᠤ ᠬᠡᠯᠡᠪᠡᠯ᠂ ᠰᠣᠩᠭᠤᠬᠤ ᠭᠤᠣᠯᠳᠠᠯᠭ᠎ᠠ ᠲᠠᠢ ᠨᠢᠭᠡᠴᠡ ᠶᠢᠨ ᠲᠤᠭ᠎ᠠ ᠬᠡᠮᠵᠢᠶ᠎ᠡ ᠶᠢ ᠠᠯᠢ ᠪᠣᠯᠬᠤ ᠪᠠᠷ ᠴᠥᠭᠡᠨ ᠪᠠᠶᠢᠯᠭᠠᠬᠤ ᠪᠠᠷ ᠱᠠᠭᠠᠷᠳᠠᠬᠤ ᠪᠣᠯᠪᠠᠴᠤ᠂ ᠲᠡᠮᠳᠡᠭ ᠤᠨ ᠬᠡᠮᠵᠢᠭᠳᠡᠯ ᠨᠢ ᠰᠤᠳᠤᠯᠬᠤ ᠦᠵᠡᠭᠳᠡᠯ ᠤᠨ ᠪᠡᠯᠭᠡ ᠲᠡᠮᠳᠡᠭ ᠤᠨ ᠶᠡᠷᠦᠩᠬᠡᠶ ᠴᠣᠭᠴᠠ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠢ ᠬᠠᠷᠢᠨ ᠠᠯᠢ ᠴᠢᠳᠠᠬᠤ ᠪᠠᠷ ᠶᠡᠭᠡ ᠪᠠᠶᠢᠯᠭᠠᠵᠤ᠂ ᠶᠡᠷᠦᠩᠬᠡᠶ ᠴᠣᠭᠴᠠ ᠶᠢᠨ ᠳᠣᠲᠣᠷ᠎ᠠ ᠴᠢᠬᠤᠯᠠ ᠦᠢᠯᠡᠳᠦᠯ ᠦᠵᠡᠭᠦᠯᠵᠦ᠂ ᠭᠦᠢᠴᠡᠳ ᠲᠥᠯᠥᠭᠡᠯᠡᠬᠦ ᠴᠢᠨᠠᠷ ᠢ ᠪᠠᠲᠤᠯᠠᠬᠤ ᠬᠡᠷᠡᠭᠲᠡᠶ᠃ ᠬᠤᠶᠠᠷ ᠲᠤ᠂ ᠬᠠᠮᠢᠶᠠᠷᠤᠯᠲᠠ ᠪᠠᠷ ᠨᠡᠯᠢᠶᠡᠳ ᠪᠦᠷᠢᠨ ᠲᠡᠭᠦᠯᠳᠡᠷ᠂ ᠲᠤᠬᠠᠶᠢᠯᠠᠭᠰᠠᠨ ᠠᠵᠢᠯ ᠤᠨ ᠬᠦᠴᠦᠨ ᠢᠶᠠᠷ ᠨᠡᠯᠢᠶᠡᠳ ᠴᠢᠩᠭ᠎ᠠ᠂ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠪᠠᠷ ᠨᠡᠯᠢᠶᠡᠳ ᠰᠠᠶᠢᠨ ᠨᠢᠭᠡᠴᠡ ᠶᠢ ᠰᠣᠩᠭᠤᠨ ᠭᠤᠤᠯᠳᠠᠯᠭ᠎ᠠ ᠲᠠᠢ ᠨᠢᠭᠡᠴᠡ ᠪᠣᠯᠭᠠᠬᠤ ᠶᠢ ᠠᠩᠬᠠᠷᠴᠤ᠂ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠬᠤᠬᠡᠷᠡᠭᠲᠡᠶ᠃   ᠭᠤᠤᠯᠳᠠᠯᠭ᠎ᠠ ᠲᠠᠢ ᠪᠠᠶᠢᠴᠠᠭᠠᠯᠲᠠ ᠶᠢᠨ ᠠᠷᠭ᠎ᠠ ᠶᠢ ᠣᠳᠣᠬᠠᠨ ᠳᠤ ᠭᠤᠣᠯᠳᠠᠭᠤ ᠬᠡᠰᠡᠭ ᠠᠵᠢᠯ ᠲᠦᠷᠦᠯ᠂ ᠠᠵᠤ ᠠᠬᠤᠶᠢᠯᠠᠯ ᠳᠤ ᠴᠢᠭᠯᠡᠭᠦᠯᠦᠭᠰᠡᠨ ᠲᠤᠭ᠎ᠠ ᠪᠦᠷᠢᠳᠬᠡᠯ ᠤᠨ ᠪᠠᠶᠢᠴᠠᠭᠠᠯᠲᠠ ᠳᠤ ᠬᠡᠷᠡᠭᠯᠡᠵᠦ ᠪᠠᠶᠢᠨ᠎ᠠ᠃ ᠵᠢᠱᠢᠶᠡᠯᠡᠪᠡᠯ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠣᠬᠢᠶᠠᠨ ᠪᠠᠶᠢᠭᠤᠯᠵᠤ ᠥᠷᠨᠢᠭᠦᠯᠦᠭᠰᠡᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠠᠷᠠᠯᠵᠢᠶᠠᠨ ᠤ ᠲᠠᠪᠴᠠᠩ ᠤᠨ ᠪᠠᠶᠢᠴᠠᠭᠠᠯᠲᠠ ᠳᠤ᠂ 40 ᠭᠠᠷᠤᠶ ᠭᠤᠤᠯᠳᠠᠯᠭ᠎ᠠ ᠲᠠᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠠᠷᠠᠯᠵᠢᠶᠠᠨ ᠤ ᠲᠠᠪᠴᠠᠩ ᠤᠨ ᠨᠡᠷᠡᠰ ᠢ ᠤᠷᠢᠳᠴᠢᠯᠠᠨ ᠲᠣᠭᠲᠠᠭᠠᠵᠤ᠂ ᠡᠨᠡᠬᠦ 40 ᠭᠠᠷᠤᠶ ᠭᠤᠤᠯᠳᠠᠯᠭ᠎ᠠ ᠲᠠᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠠᠷᠠᠯᠵᠢᠶᠠᠨ ᠤ ᠲᠠᠪᠴᠠᠩ ᠳᠤ ᠴᠢᠭᠯᠡᠭᠦᠯᠦᠨ ᠪᠠᠶᠢᠴᠠᠭᠠᠯᠲᠠ ᠬᠢᠵᠦ᠂ ᠡᠭᠦᠨ ᠤ ᠤᠯᠠᠮ ᠠᠴᠠ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠠᠷᠠᠯᠵᠢᠶᠠᠨ ᠤ ᠦᠨᠳᠦᠰᠦᠨ ᠪᠠᠶᠢᠳᠠᠯ ᠢ ᠡᠵᠡᠮᠰᠢᠪᠡ᠃
 
ᠢᠷᠡᠯᠲᠡ᠄ ᠤᠯᠤᠰ ᠤᠨ ᠲᠣᠭ᠎ᠠ ᠪᠦᠷᠢᠳᠭᠡᠯ ᠦᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号