ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 11 ᠤ ᠴᠠᠭᠢᠯᠭᠠᠨ ᠮᠡᠳᠡᠭᠡ ︽ᠳᠡᠯᠡᠬᠡᠢ ᠶᠢᠷᠲᠢᠨᠴᠦ | ᠶᠠᠭ ᠰᠠᠶᠢᠬᠠᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠳᠤ ᠲᠤᠯᠭᠠᠷᠠᠵᠤ ᠪᠠᠶᠢᠨ᠎ᠠ︾᠃ | ᠡᠨᠡ ᠪᠣᠯ ᠲᠡᠷᠢᠭᠦᠯᠡᠭᠴᠢ ᠰᠢ ᠶᠢᠨ ᠫᠢᠩ ᠤᠨ ᠠᠯᠢ ᠡᠷᠲᠡ ᠠᠷᠪᠠ ᠭᠠᠷᠤᠢ ᠵᠢᠯ ᠤᠨ ᠡᠮᠦᠨ᠎ᠡ ᠲᠥᠰᠥᠭᠡᠯᠡᠭᠰᠡᠨ | ᠭᠦᠨᠵᠡᠭᠡᠢ ᠮᠠᠭᠠᠳᠯᠠᠯᠲᠠ ᠪᠣᠯᠣᠨ᠎ᠠ᠃ ᠨᠠᠷᠠᠠ ᠮᠠᠨᠳᠤᠵᠤ ᠰᠠᠷᠨᠨ ᠰᠢᠩᠭᠡᠵᠦ᠂ ᠬᠠᠪᠤᠷ ᠨᠠᠮᠤᠷ ᠡᠭᠡᠯᠵᠢᠯᠡᠭᠰᠡᠭᠡᠷ᠃ ᠡᠨᠡ | ᠦᠭᠡ ᠨᠢ ᠠᠯᠢ ᠤᠯᠠᠨ ᠲᠣᠮᠣ ᠤᠴᠢᠷ ᠶᠠᠪᠤᠳᠠᠯ ᠤᠳ ᠢᠶᠠᠷ ᠣᠯᠠᠨᠲᠠ ᠭᠡᠷᠡᠴᠢᠯᠡᠭᠳᠡᠭᠰᠡᠭᠡᠷ᠃ | ᠬᠥᠮᠥᠨ ᠲᠥᠷᠥᠯᠬᠢᠲᠡᠨ ᠲᠡᠦᠬᠡ ᠶᠢᠨ ᠲᠣᠨᠣᠯᠵᠢᠨ ᠵᠠᠮ ᠳᠤ ᠵᠣᠭᠰᠣᠪᠠ᠃ ᠪᠦᠯᠬᠦᠮᠳᠡᠬᠦ ᠦᠦ ᠡᠰᠡᠬᠦᠯ᠎ᠡ | ᠬᠠᠭᠠᠴᠠᠬᠤ ᠦᠦ᠂ ᠶᠠᠷᠢᠯᠴᠠᠭ᠎ᠠ ᠬᠢᠬᠦ ᠦᠦ ᠡᠰᠡᠬᠦᠯ᠎ᠡ ᠡᠰᠡᠷᠭᠦᠴᠡᠯᠳᠦᠬᠦ ᠦᠦ᠂ ᠬᠠᠮᠲᠤ ᠪᠠᠷ ᠠᠰᠢᠭ ᠭᠦᠷᠳᠡᠭᠦ ᠦᠦ | ᠡᠰᠡᠬᠦᠯ᠎ᠡ ᠦᠯᠦ ᠡᠪᠰᠡᠨ ᠬᠠᠷᠢᠯᠴᠠᠨ ᠦᠵᠡᠯᠴᠡᠬᠦ ᠦᠦ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠶᠠᠭ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ ᠬᠤᠪᠢ ᠵᠠᠶᠠᠭ᠎ᠠ ᠳᠤ ᠬᠤᠯᠪᠣᠭᠳᠠᠬᠤ ︽ᠴᠠᠭ ᠦᠶ᠎ᠡ ᠶᠢᠨ | ᠠᠰᠠᠭᠤᠯᠲᠠ︾ ᠶᠢᠨ ᠬᠠᠷᠢᠭᠤᠯᠲᠠ ᠶᠢ ᠡᠨᠡ ᠤᠳᠠᠭ᠎ᠠ ᠶᠢᠨ ᠤᠷᠤᠰ ᠲᠠᠬᠢ ᠠᠶᠢᠯᠴᠢᠯᠠᠯᠲᠠ ᠠᠴᠠ ᠣᠯᠵᠤ ᠬᠠᠷᠠᠵᠤ | ᠪᠣᠯᠣᠨ᠎ᠠ᠃ | 5 ᠰᠠᠷ᠎ᠠ ᠶᠢᠨ 7 ᠠᠴᠠ 10 ᠤ ᠡᠳᠦᠷ ᠪᠤᠯᠲᠠᠯ᠎ᠠ᠂ ᠲᠡᠷᠢᠭᠦᠯᠡᠭᠴᠢ ᠰᠢ ᠶᠢᠨ ᠫᠢᠩ ᠤᠷᠤᠰ ᠲᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ | ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠪᠠ᠃ | ᠴᠠᠭ ᠤᠨ ᠵᠡᠭᠦᠦ ᠠᠷᠪᠠᠨ ᠵᠢᠯ ᠤᠨ ᠡᠮᠦᠨᠡᠬᠢ 70 ᠵᠢᠯ ᠤᠨ ᠣᠶ ᠶᠢᠨ ᠪᠠᠶᠠᠷ ᠤᠨ ᠶᠣᠰᠣᠯᠠᠯ ᠳᠤ ᠣᠷᠤᠯᠴᠠᠬᠤ | ᠦᠶ᠎ᠡ ᠳᠤ ᠪᠤᠴᠠᠵᠤ ᠢᠷᠡᠭᠰᠡᠨ ᠰᠢᠭ ᠪᠣᠯᠪᠠ᠃ ᠤᠷᠳᠤ ᠤᠳᠠᠭᠠᠨ ᠴᠠᠭ ᠮᠥᠴᠡ ᠶᠢ ᠡᠯᠡᠭᠡᠭᠰᠡᠨ ᠪᠥᠭᠡᠳ ᠢᠷᠠᠭᠤ | ᠠᠯᠳᠠᠷ ᠪᠢᠯᠬᠠᠭᠰᠠᠨ ᠮᠣᠰᠺᠸᠠ ᠶᠢᠨ ᠤᠯᠠᠭᠠᠨ ᠲᠠᠯᠠᠪᠠᠶ ᠳᠤ 10 ᠵᠢᠯ ᠤᠨ ᠡᠮᠦᠨᠡᠬᠢ ᠲᠠᠢ ᠠᠳᠠᠯᠢᠬᠠᠨ ᠬᠠᠩᠭᠢᠨᠠᠭᠰᠠᠨ | ᠲᠠᠭᠤᠨ ᠣᠭᠲᠠᠷᠭᠤᠢ ᠶᠢ ᠳᠣᠩᠰᠣᠯᠭᠠᠵᠤ᠂ ᠢᠳᠡᠷᠡᠭᠦᠨ ᠠᠯᠬᠤᠭ᠎ᠠ ᠮᠥᠨ ᠬᠦ ᠠᠳᠠᠯᠢᠬᠠᠨ ᠢᠳᠡ ᠬᠦᠴᠦᠲᠡᠢ | ᠪᠠᠶᠢᠯ᠎ᠠ᠃ | ᠴᠠᠭ ᠤᠨ ᠬᠦᠷᠳᠦ ᠡᠷᠭᠢᠯᠳᠦᠭᠰᠡᠭᠡᠷ᠃ ᠡᠳᠦᠷ ᠪᠦᠷᠢ ᠲᠦᠮᠡᠨ ᠪᠣᠳᠠᠰ ᠬᠤᠪᠢᠷᠠᠵᠤ ᠪᠠᠶᠢᠪᠠᠴᠤ᠂ ᠨᠢᠭᠡᠨ | ᠬᠦᠴᠦᠨ ᠬᠠᠳᠠ ᠴᠢᠯᠠᠭᠤ ᠮᠡᠲᠦ ᠪᠠᠲᠤ ᠴᠢᠩᠭ᠎ᠠ ᠪᠠᠶᠢᠵᠤ᠂ ᠨᠢᠭᠡᠨ ᠵᠣᠷᠢᠭ ᠰᠠᠨᠠᠭ᠎ᠠ ᠴᠠᠭ ᠦᠶ᠎ᠡ ᠶᠢ ᠬᠥᠲᠥᠯᠥᠨ | ᠳᠠᠭᠠᠭᠤᠯᠵᠤ ᠰᠦᠷ ᠳᠠᠯᠠᠶᠢᠴᠠᠲᠠᠢ ᠤᠷᠤᠭᠰᠢᠯᠠᠨ᠎ᠠ᠃ | ᠲᠡᠷᠡ ᠪᠣᠯ ︽ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ︾ ᠠᠮᠠᠯᠠᠯᠲᠠ᠂ ︽ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ︾ ᠬᠠᠳᠠᠨ ᠵᠣᠷᠢᠭ ᠮᠥᠨ᠃ ᠤᠷᠪᠠᠭᠠᠨ ᠬᠥᠷᠪᠡᠭᠡᠨ ᠲᠠᠢ ᠪᠠᠶᠢᠭᠰᠠᠨ ᠴᠤ ᠡᠩᠬᠡ | ᠲᠠᠶᠢᠪᠤᠩ ᠢ ᠬᠠᠮᠠᠭᠠᠯᠠᠬᠤ ᠵᠣᠷᠢᠭ ᠦᠯᠦ ᠰᠤᠯᠠᠷᠠᠨ᠎ᠠ︔ ᠲᠤᠬᠰᠢᠨ ᠳᠠᠪᠠᠯᠭᠠᠨ ᠳᠠᠪᠠᠯᠭᠠᠯᠠᠵᠤ ᠪᠠᠶᠢᠭᠰᠠᠨ ᠴᠤ | ᠬᠠᠮᠲᠤᠷᠠᠯᠴᠠᠬᠤ ᠳᠠᠷᠪᠠᠭᠤᠯ ᠥᠨᠳᠥᠷ ᠲᠤ ᠮᠠᠨᠳᠤᠭᠰᠠᠭᠠᠷ᠃ | ᠲᠤᠬᠠᠢ ᠶᠢᠨ ᠭᠠᠵᠠᠷ ᠤᠨ ᠴᠠᠭ ᠢᠶᠠᠷ 7 ᠤ ᠣᠷᠣᠢ᠂ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ | ᠬᠦᠷᠴᠦ ᠣᠴᠢᠪᠠ᠃ ᠨᠢᠰᠬᠡᠯ ᠤᠨ ᠪᠠᠭᠤᠳᠠᠯ ᠳᠤ ᠤᠭᠲᠤᠬᠤ ᠪᠠᠷ ᠢᠷᠡᠭᠰᠡᠨ ᠤᠷᠤᠰ ᠤᠨ ᠳᠡᠳ᠋ ᠶᠡᠷᠦᠩᠬᠡᠢ ᠰᠠᠶᠢᠳ | ᠭᠧᠯᠢᠺᠸᠧᠨ᠄ ︽ᠪᠢᠳᠡ ᠴᠥᠮ ᠮᠠᠰᠢ ᠶᠡᠭᠡ ᠰᠣᠨᠢᠷᠬᠠᠯ ᠲᠠᠢ ᠪᠠᠷ ᠲᠠᠨ ᠤ ︿ᠤᠷᠤᠰ ᠤᠨ ᠰᠣᠨᠢᠨ﹀ ᠳᠡᠭᠡᠷ᠎ᠡ | ᠨᠡᠶᠢᠲᠡᠯᠡᠭᠰᠡᠨ ᠨᠡᠷ᠎ᠡ ᠬᠠᠲᠠᠭᠰᠠᠨ ᠵᠣᠬᠢᠶᠠᠯ ᠢ ᠨᠠᠷᠢᠨ ᠬᠢᠨᠠᠮᠠᠭᠠᠢ ᠤᠩᠰᠢᠵᠤ᠂ ᠮᠠᠰᠢ ᠶᠡᠭᠡ ᠤᠷᠮᠠᠰᠢᠨ ᠵᠣᠷᠢᠭᠵᠢᠵᠤ᠂ | ᠮᠠᠰᠢ ᠶᠡᠭᠡ ᠰᠡᠳᠬᠢᠯ ᠳᠣᠭᠳᠣᠯᠪᠠ︾ ᠭᠡᠵᠦ ᠬᠡᠯᠡᠪᠡ᠃ | ᠲᠡᠷᠢᠭᠦᠯᠡᠭᠴᠢ ᠰᠢ ᠶᠢᠨ ᠫᠢᠩ ᠵᠣᠬᠢᠶᠠᠯ ᠳᠠᠭᠠᠨ᠄ ︽ᠨᠢᠭᠡᠨ ᠴᠠᠭ ᠤᠨ ᠤᠴᠢᠷ ᠶᠠᠪᠤᠳᠠᠯ ᠳᠤ ᠲᠥᠭᠡᠷᠢᠭᠳᠡᠬᠦ | ᠦᠭᠡᠢ᠂ ᠰᠢᠷᠦᠭᠦᠨ ᠰᠠᠯᠬᠢ ᠳᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ ᠪᠠᠶᠢᠵᠤ᠂ ᠳᠤᠮᠳᠠᠳᠤ ᠤᠷᠤᠰ ᠤᠨ | ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠲᠣᠬᠲᠠᠭᠠᠯᠲᠤ ᠴᠢᠨᠠᠷ ᠪᠣᠯᠣᠨ ᠤᠶᠠᠨ ᠬᠠᠳᠠᠨ ᠴᠢᠨᠠᠷ ᠢᠶᠠᠷ | ᠳᠡᠯᠡᠬᠡᠢ ᠶᠢᠨ ᠤᠯᠠᠨ ᠲᠦᠢᠯᠵᠢᠯᠳᠠ ᠶᠢᠨ ᠠᠬᠢᠴᠠ ᠶᠢ ᠬᠠᠮᠲᠤ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ︾ ᠭᠡᠵᠦ ᠪᠢᠴᠢᠪᠡ᠃ | ︵ᠨᠢᠭᠡ︶ ᠠᠶᠢᠯᠴᠢᠯᠠᠬᠰᠠᠨ ᠴᠠᠭ᠄ | ︽ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠨᠡᠩ ᠢᠲᠡᠭᠡᠯ ᠲᠠᠢ᠂ ᠲᠣᠭᠲᠠᠭᠤᠨ ᠪᠠᠲᠤ | ᠪᠠᠬᠢ ᠪᠣᠯᠪᠠ︾ | ᠲᠦᠷᠦᠭᠦᠬᠡᠨ ᠤᠯᠠᠨ ᠤᠯᠤᠰ ᠤᠨ ᠶᠠᠷᠢᠶ᠎ᠠ ᠬᠡᠯᠡᠯᠴᠡᠭᠡᠨ ᠳᠤ᠄ ᠲᠣᠮᠣ ᠤᠯᠤᠰ ᠤᠨ ᠬᠠᠷᠢᠯᠴᠠᠭ᠎ᠠ ᠡᠭᠡᠳᠡᠷᠡᠭᠡᠨ | ᠪᠤᠳᠤᠯᠢᠶᠠᠨᠲᠠᠢ ᠪᠣᠯᠤᠭᠰᠠᠨ ᠪᠠᠶᠢᠳᠠᠯ ᠳᠣᠣᠷ᠎ᠠ ᠪᠡᠭᠡᠵᠢᠩ — ᠮᠣᠰᠺᠸᠠ ᠬᠠᠮᠢᠭᠠᠰᠢ ᠪᠤᠯᠬᠤ ᠪᠣᠯ ᠭᠡᠵᠦ | ᠲᠠᠭᠠᠮᠠᠭᠯᠠᠵᠤ ᠪᠠᠶᠢᠪᠠ᠃ | ᠦᠨᠡᠨ ᠳᠡᠭᠡᠨ ᠲᠡᠷᠢᠭᠦᠯᠡᠭᠴᠢ ᠰᠢ ᠶᠢᠨ ᠫᠢᠩ ᠤᠨ ᠲᠤᠰᠬᠠᠢ ᠨᠢᠰᠬᠡᠯ ᠤᠷᠤᠰ ᠤᠨ ᠨᠤᠲᠤᠭ ᠲᠤ ᠪᠠᠭᠤᠭᠰᠠᠨ | ᠦᠶ᠎ᠡ ᠳᠤ ᠨᠢᠭᠡᠨᠲᠡ ᠲᠣᠳᠣᠷᠬᠠᠢ ᠬᠠᠷᠢᠭᠤᠯᠲᠠ ᠶᠢ ᠥᠭᠭᠦᠭᠰᠡᠨ ᠪᠠᠶᠢᠨ᠎ᠠ᠃ ᠨᠡᠷ᠎ᠡ ᠬᠠᠲᠠᠭᠰᠠᠨ ᠵᠣᠬᠢᠶᠠᠯ ᠳᠠᠬᠢ ︽ | ᠰᠢᠷᠦᠭᠦᠨ ᠰᠠᠯᠬᠢ ᠳᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ︾ ᠭᠡᠰᠡᠨ ᠴᠦ ᠲᠡᠷᠡ᠂ ᠺᠷᠧᠮᠯᠢ ᠣᠷᠳᠣᠨ ᠳᠤ | ᠰᠤᠷᠪᠤᠯᠵᠢᠯᠠᠬᠴᠢᠳ ᠲᠠᠢ ᠠᠭᠤᠯᠵᠠᠬᠤ ᠳᠠᠭᠠᠨ ᠴᠢᠬᠤᠯᠠᠴᠢᠯᠠᠭᠰᠠᠨ ︽ᠰᠠᠯᠬᠢ ᠪᠣᠷᠣᠭᠠᠨ ᠢ ᠬᠠᠮᠲᠤ ᠪᠠᠷ | ᠥᠩᠭᠡᠷᠡᠭᠦᠯᠵᠦ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠤᠨ᠎ᠠ︾ ᠭᠡᠵᠦ ᠬᠡᠯᠡᠭᠰᠡᠨ ᠴᠦ ᠲᠡᠷᠡ᠂ ᠳᠤᠮᠳᠠᠳᠤ | ᠤᠯᠤᠰ ᠴᠢᠭᠯᠡᠯ ᠢᠶᠠᠨ ᠲᠠᠭᠢᠨ ᠳᠠᠪᠲᠠᠨ ᠲᠣᠳᠣᠷᠬᠠᠶᠢᠯᠠᠭᠰᠠᠭᠠᠷ ᠪᠠᠶᠢᠨ᠎ᠠ᠃ | ᠶᠡᠷᠦᠩᠬᠡᠶᠢᠯᠡᠭᠴᠢ ᠫᠦᠲ᠋ᠢᠨ ᠴᠤ ᠠᠳᠠᠯᠢᠬᠠᠨ ᠣᠪᠣᠷ ᠢᠶᠠᠷ᠄ ︽ᠬᠤᠶᠠᠷ ᠤᠯᠤᠰ ᠤᠨ ᠨᠥᠬᠦᠷᠯᠡᠯ ᠡᠪᠳᠡᠷᠡᠰᠢ | ᠦᠭᠡᠢ ᠪᠠᠲᠤ ᠪᠠᠬᠢ ᠶᠤᠮ︾᠂ ︽ᠣᠷᠣᠰ ᠳᠤᠮᠳᠠᠳᠤ ᠶᠢᠨ ᠬᠠᠷᠢᠯᠴᠠᠭ᠎ᠠ ᠨᠢᠭᠡᠨ ᠴᠠᠭ ᠤᠨ ᠤᠴᠢᠷ ᠶᠠᠪᠤᠳᠠᠯ ᠳᠤ | ᠲᠥᠭᠡᠷᠢᠭᠳᠡᠬᠦ ᠦᠭᠡᠢ᠂ ᠶᠠᠮᠠᠷᠪᠠ ᠭᠠᠳᠠᠭᠠᠳᠤ ᠣᠷᠴᠢᠨ ᠤ ᠬᠠᠷᠰᠢᠯᠠᠯ ᠳᠤ ᠴᠤ ᠨᠥᠯᠥᠭᠡᠯᠡᠭᠳᠡᠬᠦ ᠦᠭᠡᠢ ᠶᠤᠮ︾ | ᠭᠡᠪᠡ᠃ | ᠤᠯᠤᠰ ᠤᠨ ᠲᠡᠷᠢᠭᠦᠨ ᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠨᠢ ᠭᠦᠨ ᠵᠤᠵᠠᠭᠠᠨ ᠭᠠᠳᠠᠭᠠᠳᠤ | ᠬᠠᠷᠢᠯᠴᠠᠭᠠᠨ ᠤ ᠲᠡᠦᠬᠡᠨ ᠬᠠᠭᠤᠳᠠᠰᠤᠨ ᠳᠤ ᠪᠠᠶᠢᠵᠤ᠂ ᠬᠠᠮᠤᠭ ᠤᠨ ᠰᠦᠷ ᠬᠦᠴᠦᠨ ᠲᠠᠢ ᠬᠠᠭᠤᠳᠠᠰᠤ ᠪᠣᠯᠣᠨ᠎ᠠ᠃ | 8 ᠤ ᠥᠷᠯᠥᠭᠡ᠂ ᠲᠡᠷᠢᠭᠦᠯᠡᠭᠴᠢ ᠰᠢ ᠶᠢᠨ ᠫᠢᠩ ᠤᠨ ᠲᠡᠷᠭᠡᠨ ᠠᠩᠭᠢ ᠥᠷᠯᠥᠭᠡ ᠶᠢᠨ ᠤᠷᠢᠬᠠᠨ ᠰᠠᠯᠬᠢ ᠶᠢ | ᠤᠭᠲᠤᠨ ᠺᠷᠧᠮᠯᠢ ᠣᠷᠳᠣᠨ ᠳᠤ ᠬᠦᠷᠴᠦ᠂ ᠥᠩᠭᠡ ᠦᠵᠡᠮᠵᠢ ᠲᠡᠷᠡ ᠬᠡᠪ ᠢᠶᠠᠷ ᠢᠶᠠᠨ ᠪᠠᠶᠢᠯ᠎ᠠ᠃ ᠵᠣᠷᠵ ᠶᠡᠭᠡ | ᠲᠢᠩᠬᠢᠮ ᠳᠤ ᠬᠤᠶᠠᠷ ᠤᠯᠤᠰ ᠤᠨ ᠲᠡᠷᠢᠭᠦᠨ ᠥᠭᠡᠳᠡ ᠥᠭᠡᠳᠡ ᠠᠴᠠ ᠪᠠᠨ ᠠᠯᠬᠤᠯᠠᠵᠤ᠂ ᠭᠠᠷ ᠠᠳᠬᠤᠯᠴᠠᠪᠠ᠃ | ᠲᠡᠦᠬᠡ ᠪᠣᠯᠣᠨ ᠪᠣᠳᠠᠲᠤ ᠠᠬᠤᠢ᠂ ᠤᠯᠤᠰ ᠪᠣᠯᠣᠨ ᠳᠡᠯᠡᠬᠡᠢ ᠶᠢᠷᠲᠢᠨᠴᠦ᠂ ᠣᠳᠣᠬᠠᠨ ᠤ ᠪᠠ ᠠᠯᠤᠰ ᠭᠡᠳᠦ ᠶᠢᠨ | ᠲᠤᠬᠠᠢ ᠵᠦᠢᠯ ᠵᠦᠢᠯ ᠤᠨ ᠵᠠᠳᠠᠯᠤᠯᠲᠠ ᠨᠢ ᠨᠢᠭᠡᠨ ᠬᠠᠮᠲᠤ ᠶᠢᠨ ᠳ᠋ᠦᠩᠨᠡᠯᠲᠡ ᠶᠢ ᠵᠢᠭᠠᠪᠠ᠄ ᠲᠣᠬᠲᠠᠭᠠᠯᠲᠤ ᠪᠤᠰᠤ | ᠴᠢᠨᠠᠷ ᠢᠶᠠᠷ ᠳᠦᠭᠦᠷᠦᠭᠰᠡᠨ ᠳᠡᠯᠡᠬᠡᠢ ᠶᠢᠷᠲᠢᠨᠴᠦ ᠳᠤ ᠲᠤᠰ ᠤᠳᠠᠭᠠᠨ ᠤ ᠠᠶᠢᠯᠴᠢᠯᠠᠯᠲᠠ ᠨᠢ ︽ᠲᠣᠮᠣ ᠤᠯᠤᠰ ᠤᠨ | ᠬᠠᠷᠢᠯᠴᠠᠭᠠᠨ ᠤ ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ︾ ᠢ ᠢᠯᠡᠷᠡᠭᠦᠯᠵᠡᠢ᠃ | ᠳᠤᠮᠳᠠᠳᠤ ᠤᠷᠤᠰ ᠬᠤᠶᠠᠷ ᠤᠯᠤᠰ ᠴᠠᠭ ᠬᠤᠭᠤᠴᠠᠭ᠎ᠠ ᠪᠠᠷ ᠨᠥᠬᠦᠷᠯᠡᠯ ᠢᠶᠠᠨ ᠵᠤᠵᠠᠭᠠᠳᠬᠠᠵᠤ᠂ | ᠢᠲᠡᠭᠡᠯᠴᠡᠭᠡ ᠪᠠᠨ ᠬᠤᠷᠠᠮᠳᠤᠭᠤᠯᠪᠠ᠃ ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ ᠬᠤᠶᠠᠷ ᠤᠯᠤᠰ ᠤᠨ | ᠲᠡᠷᠢᠭᠦᠨ 40 ᠭᠠᠷᠤᠢ ᠤᠳᠠᠭ᠎ᠠ ᠠᠭᠤᠯᠵᠠᠵᠤ᠂ ᠲᠡᠷᠢᠭᠦᠯᠡᠭᠴᠢ ᠰᠢ ᠶᠢᠨ ᠫᠢᠩ ᠤᠷᠤᠰ ᠲᠤ 11 ᠤᠳᠠᠭ᠎ᠠ | ᠠᠶᠢᠯᠴᠢᠯᠠᠪᠠ᠃ ᠲᠡᠷᠡ ᠡᠨᠡ ᠤᠳᠠᠭ᠎ᠠ ᠤᠷᠤᠰ ᠲᠤ ᠢᠷᠠᠵᠤ ᠶᠡᠷᠦᠩᠬᠡᠶᠢᠯᠡᠭᠴᠢ ᠫᠦᠲ᠋ᠢᠨ ᠳᠤ ︽ᠤᠷᠤᠰ ᠪᠣᠯ ᠪᠢ | ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠬᠤᠪᠢ ᠪᠠᠷ ᠬᠠᠮᠤᠭ ᠤᠨ ᠤᠯᠠᠨ | ᠠᠶᠢᠯᠴᠢᠯᠠᠬᠰᠠᠨ ᠤᠯᠤᠰ ᠪᠣᠯᠣᠨ᠎ᠠ︾ ᠭᠡᠵᠦ ᠬᠡᠯᠡᠪᠡ᠃ | 8 ᠤ ᠡᠳᠦᠷ᠂ ᠶᠡᠷᠦᠩᠬᠡᠶᠢᠯᠡᠭᠴᠢ ᠫᠦᠲ᠋ᠢᠨ ᠠᠵᠢᠯᠯᠠᠭ᠎ᠠ ᠶᠢ ᠡᠷᠭᠢᠯᠡᠭᠰᠡᠨ ᠤᠯᠤᠰ ᠪᠣᠯᠤᠭᠰᠠᠨ ᠤ ᠬᠤᠪᠢ ᠪᠠᠷ | ᠵᠣᠴᠢᠳ ᠢᠶᠠᠨ ᠤᠭᠲᠤᠵᠤ ᠶᠠᠭᠠᠷᠠᠭᠰᠠᠨ ᠨᠢᠭᠡ ᠡᠳᠦᠷ ᠪᠠᠶᠢᠵᠤ ᠲᠠᠭᠠᠷᠠᠨ᠎ᠠ᠂ ᠭᠡᠪᠡᠴᠦ ᠲᠡᠷᠡ ᠶᠡᠬᠡᠩᠬᠢ ᠴᠠᠭ ᠢᠶᠠᠨ | ᠳᠤᠮᠳᠠᠳᠤ ᠤᠯᠤᠰ ᠠᠴᠠ ᠢᠷᠡᠭᠰᠡᠨ ᠰᠠᠶᠢᠨ ᠨᠠᠶᠢᠵᠠ ᠳᠠᠭᠠᠨ ᠵᠣᠷᠢᠭᠤᠯᠤᠭᠰᠠᠨ ᠪᠠᠶᠢᠨ᠎ᠠ᠃ ᠤᠭᠲᠤᠬᠤ ᠶᠣᠰᠣᠯᠠᠯ᠂ | ᠬᠡᠯᠡᠯᠴᠡᠭᠡ ᠬᠢᠬᠦ᠂ ᠭᠠᠷ ᠤᠨ ᠦᠰᠦᠭ ᠵᠢᠷᠤᠬᠤ ᠪᠠ ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠣᠰᠣᠯᠠᠯ᠂ | ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠬᠤ᠂ ᠤᠭᠲᠤᠬᠤ ᠳᠠᠶᠢᠯᠠᠯᠭ᠎ᠠ᠂ ᠵᠤᠷᠰᠢᠯ ᠶᠣᠰᠣᠭᠠᠷ ᠲᠥᠷᠥ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠠᠴᠠ ᠭᠠᠳᠠᠨ᠎ᠠ ᠣᠷᠣᠰ ᠤᠨ ᠬᠢᠨ ᠪᠠᠰᠠ ᠣᠨᠴᠠᠭᠠᠶ ᠲᠣᠬᠢᠷᠠᠭᠤᠯᠤᠯᠲᠠ ᠬᠢᠪᠡ᠄ | ᠶᠡᠷᠦᠩᠬᠡᠶᠢᠯᠡᠭᠴᠢ ᠶᠢᠨ ᠠᠯᠪᠠᠨ ᠭᠡᠷ ᠲᠤ ᠴᠠᠢ ᠶᠢᠨ ᠵᠣᠭᠤᠭ ᠳᠡᠯᠭᠡᠵᠡᠢ᠃ | ᠶᠠᠭ ᠲᠡᠷᠢᠭᠦᠯᠡᠭᠴᠢ ᠰᠢ ᠶᠢᠨ ᠫᠢᠩ ᠤᠨ ᠳᠤᠮᠳᠠᠳᠤ ᠤᠷᠤᠰ ᠤᠨ ᠬᠠᠷᠢᠯᠴᠠᠭ᠎ᠠ ᠶᠢᠨ ᠲᠤᠬᠠᠢ ᠦᠨᠡᠯᠡᠭᠰᠡᠨ | ᠰᠢᠭ ᠢᠶᠠᠷ ︽ᠳᠤᠮᠳᠠᠳᠤ ᠤᠯᠤᠰ ᠪᠣᠯᠣᠨ ᠤᠷᠤᠰ ᠪᠣᠯ ᠴᠥᠮ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ | ᠮᠥᠨ᠂ ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠢ ᠬᠠᠮᠠᠭᠠᠯᠠᠬᠤ᠂ ᠪᠦᠭᠦ ᠪᠥᠮᠪᠥᠷᠴᠡᠭ ᠤᠨ | ᠵᠠᠰᠠᠯᠲᠠ ᠶᠢ ᠲᠡᠭᠦᠯᠳᠡᠷᠵᠢᠭᠦᠯᠬᠦ ᠪᠦᠲᠦᠭᠡᠯᠴᠢ ᠴᠢᠨᠠᠷᠲᠠᠢ ᠬᠦᠴᠦᠨ ᠮᠥᠨ᠂ ᠢᠯᠡ ᠲᠣᠳᠣ ᠲᠡᠦᠬᠡ ᠶᠢᠨ ᠯᠣᠭᠢᠭ ᠲᠠᠢ᠂ | ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠲᠠᠢ᠂ ᠭᠦᠨ ᠵᠤᠵᠠᠭᠠᠨ ᠪᠣᠯᠪᠠᠰᠤᠨ ᠤ ᠣᠣᠷ ᠲᠤᠨᠳᠠᠰᠤ | ᠲᠠᠢ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ ᠶᠠᠮᠠᠷᠪᠠ ᠭᠤᠷᠪᠠᠳᠤᠭᠠᠷ ᠡᠲᠡᠭᠡᠳ ᠲᠤ | ᠬᠢᠵᠠᠭᠠᠷᠯᠠᠭᠳᠠᠬᠤ ᠦᠭᠡᠢ᠃︾ | ᠲᠡᠦᠬᠡ ᠶᠢᠨ ᠯᠣᠭᠢᠭ ᠭᠡᠵᠦ ᠶᠠᠭᠤ ᠪᠤᠢ︖ | ᠥᠩᠭᠡᠷᠡᠭᠰᠡᠨ ᠢ ᠡᠷᠭᠢᠴᠡᠭᠦᠯᠬᠦᠶ᠎ᠡ ᠳᠤᠮᠳᠠᠳᠤ ᠤᠷᠤᠰ ᠤᠨ ᠬᠠᠷᠢᠯᠴᠠᠭ᠎ᠠ ᠲᠤᠭ᠎ᠠ ᠲᠣᠮᠰᠢ ᠦᠭᠡᠢ ᠲᠡᠦᠬᠡ ᠶᠢᠨ | ᠨᠠᠷᠢᠨ ᠵᠦᠢᠯᠡᠰ ᠤᠨ ᠲᠤᠯᠭᠠᠭᠤᠷᠢᠯᠠᠯ ᠲᠠᠢ ᠶᠤᠮ᠃ ᠭᠠᠶᠢᠬᠠᠮᠰᠢᠭᠲᠤ ᠴᠠᠭ ᠦᠶ᠎ᠡ ᠠᠴᠠ ᠡᠬᠢᠯᠡᠵᠦ᠂ ᠬᠦᠴᠢᠷ | ᠪᠡᠷᠬᠡᠰᠢᠶᠡᠯ ᠲᠠᠢ ᠭᠡᠷᠡᠯ ᠰᠠᠴᠤᠷᠠᠩᠭᠤᠢ ᠣᠨ ᠰᠠᠷ᠎ᠠ ᠶᠢ ᠥᠩᠭᠡᠷᠡᠭᠦᠯᠪᠡ᠃ ᠬᠤᠶᠠᠷ ᠤᠯᠤᠰ ᠤᠨ ᠬᠠᠷᠢᠯᠴᠠᠭ᠎ᠠ ︽ | ᠬᠠᠷᠢᠯᠴᠠᠨ ᠨᠥᠭᠦᠷᠰᠡᠭ ᠤᠯᠤᠰ︾ ᠠᠴᠠ ᠪᠦᠲᠦᠭᠡᠯᠴᠢ ᠴᠢᠨᠠᠷᠲᠠᠢ ᠬᠠᠨᠢᠲᠠᠨ ᠪᠣᠯᠵᠤ᠂ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠬᠠᠨᠢᠲᠠᠨ ᠠᠴᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ | ᠪᠣᠯᠵᠤ᠂ ᠲᠠᠭᠢᠭᠠᠳ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ | ᠬᠠᠨᠢᠲᠠᠨ ᠪᠣᠯᠵᠤ᠂ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠶᠢ ᠤᠭᠲᠤᠨ ᠠᠪᠴᠢᠷᠠᠪᠠ᠃ ︽ᠬᠥᠷᠰᠢ | ᠵᠡᠷᠭᠡᠯᠡᠳᠡᠭᠡ ᠲᠣᠮᠣ ᠤᠯᠤᠰ ᠤᠨ ᠵᠥᠪ ᠢᠶᠠᠷ ᠬᠠᠷᠢᠯᠴᠠᠬᠤ ᠵᠠᠮ ᠢ ᠠᠮᠵᠢᠯᠲᠠᠲᠠᠢ ᠪᠠᠷ ᠰᠦᠪᠡᠭᠴᠢᠯᠡᠵᠦ ᠣᠯᠪᠠ︾᠂ | ᠡᠨᠡ ᠨᠢ ᠮᠥᠨ ᠴᠦ ᠲᠣᠮᠣ ᠤᠯᠤᠰ ᠤᠨ ᠬᠠᠷᠢᠯᠴᠠᠭᠠᠨ ᠳᠤ ᠳᠠᠪᠠᠯᠭᠠᠨ ᠢ ᠵᠦᠰᠦᠨ ᠤᠷᠤᠭᠰᠢᠯᠠᠬᠤ ᠥᠷᠭᠡᠨ | ᠠᠭᠤᠳᠠᠮ ᠠᠶᠠᠯᠠᠯ ᠤᠨ ᠵᠠᠮ ᠢ ᠨᠡᠭᠡᠭᠡᠵᠦ ᠥᠭᠭᠦᠭᠰᠡᠨ ᠪᠠᠶᠢᠨ᠎ᠠ᠃ | ᠳᠣᠲᠣᠭᠠᠳᠤ ᠬᠥᠳᠡᠯᠭᠡᠬᠦ ᠬᠦᠴᠦᠨ ᠭᠡᠵᠦ ᠶᠠᠭᠤ ᠪᠤᠢ︖ | ᠳᠡᠯᠡᠬᠡᠶᠢᠵᠢᠯᠲᠡ ᠪᠣᠯᠣᠨ ᠰᠥᠷᠭᠡᠦ ᠳᠡᠯᠡᠬᠡᠶᠢᠵᠢᠯᠲᠡ ᠶᠢᠨ ᠦᠵᠡᠯᠴᠡᠭᠡᠨ ᠤ ᠪᠠᠶᠢᠳᠠᠯ ᠳᠣᠣᠷ᠎ᠠ᠂ ᠨᠢᠳᠤᠨᠤᠨ | ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠰᠠᠯᠬᠢ ᠶᠢ ᠰᠥᠷᠦᠨ ᠰᠢᠨ᠎ᠡ ᠲᠡᠮᠳᠡᠭᠯᠡᠯ ᠢ ᠡᠭᠦᠳᠪᠡ᠃ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠬᠦᠴᠦᠷᠬᠡᠭ ᠶᠡᠭᠡ ᠤᠶᠠᠨ ᠬᠠᠳᠠᠨ ᠴᠢᠨᠠᠷ ᠨᠢ ᠵᠠᠩᠭᠢᠯᠠᠭ᠎ᠠ ᠪᠣᠯᠵᠤ᠂ ᠲᠡᠷᠢᠭᠦᠯᠡᠭᠴᠢ | ᠰᠢ ᠶᠢᠨ ᠫᠢᠩ ᠡᠭᠦᠨ ᠢ ︽ᠡᠳᠦᠷ ᠠᠴᠠ ᠡᠳᠦᠷ ᠥᠭᠡᠳᠡᠯᠡᠨ ᠳᠡᠭᠵᠢᠷᠡᠵᠦ︾ ᠪᠠᠶᠢᠨ᠎ᠠ ᠭᠡᠵᠦ ᠳᠦᠷᠰᠦᠯᠡᠪᠡ᠃ | ᠨᠥᠭᠡᠴᠡ᠂ ᠨᠡᠮᠡᠭᠳᠡᠯ᠂ ᠬᠤᠪᠢᠰᠤᠯᠲᠠ᠂ ᠲᠡᠷᠡ ᠬᠠᠮᠲᠤᠷᠠᠯᠴᠠᠭᠠᠨ ᠤ ᠴᠢᠭᠯᠡᠯ ᠠᠷᠭ᠎ᠠ ᠵᠠᠮ ᠢ ᠪᠦᠭᠦ ᠲᠠᠯ᠎ᠠ ᠪᠠᠷ | ᠲᠣᠳᠣᠷᠬᠠᠶᠢᠯᠠᠨ ᠥᠭᠦᠯᠡᠵᠦ᠂ ︽ᠲᠣᠭᠲᠠᠭᠤᠨ︾ ᠤ ᠰᠠᠭᠤᠷᠢ ᠶᠢ ᠨᠡᠩ ᠪᠠᠲᠤ ᠪᠠᠬᠢ ᠪᠤᠯᠭᠠᠬᠤ᠂ ︽ | ᠤᠷᠤᠭᠰᠢᠯᠠᠬᠤ︾ ᠬᠥᠳᠡᠯᠭᠡᠬᠦ ᠡᠨᠧᠷᠭᠢ ᠶᠢ ᠨᠡᠩ ᠭᠦᠢᠴᠡᠳ ᠪᠤᠯᠭᠠᠬᠤ ᠶᠢ ᠪᠣᠳᠣᠯᠬᠢᠯᠠᠵᠤ ᠪᠠᠶᠢᠨ᠎ᠠ᠃ | ᠶᠡᠷᠦᠩᠬᠡᠶᠢᠯᠡᠭᠴᠢ ᠫᠦᠲ᠋ᠢᠨ᠄ ︽ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠡᠷᠡᠰ ᠭᠤᠶᠢᠪᠢᠰᠢ | ᠦᠭᠡᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠬᠦ ᠪᠣᠯ ᠤᠷᠤᠰ ᠤᠨ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ︾ ᠭᠡᠵᠦ ᠢᠳᠡᠪᠬᠢᠲᠡᠢ ᠬᠠᠷᠢᠭᠤ ᠥᠭᠴᠡᠢ᠃ | ᠬᠠᠮᠲᠤᠷᠠᠯᠴᠠᠬᠤ ᠨᠢ ᠠᠷᠠᠳ ᠲᠦᠮᠡᠨ ᠤ ᠠᠵᠠ ᠵᠢᠷᠭᠠᠯ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠲᠥᠯᠥᠭᠡ | ᠶᠤᠮ᠃ ᠠᠶᠢᠯᠴᠢᠯᠠᠯᠲᠠ ᠶᠢᠨ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ 20 ᠭᠠᠷᠤᠢ ᠵᠦᠢᠯ ᠤᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠲᠣᠬᠢᠷᠠᠯᠴᠠᠪᠠ᠃ ᠡᠭᠦᠨ ᠳᠤ᠂ ᠠᠵᠤ ᠠᠬᠤᠢ ᠶᠢᠨ ᠬᠦᠷᠢᠶᠡᠨ ᠳᠠᠬᠢ | ᠰᠢᠨᠡᠴᠢᠯᠡᠯᠲᠡ᠂ ᠰᠢᠨ᠎ᠡ ᠬᠡᠪᠯᠡᠯ ᠤᠨ ᠪᠡᠯᠡ ᠣᠷᠣᠭᠤᠯᠤᠯᠲᠠ ᠶᠢ ᠬᠠᠮᠠᠭᠠᠯᠠᠬᠤ ᠬᠡᠯᠡᠯᠴᠡᠭᠡᠷ ᠲᠤ ᠭᠠᠷ ᠤᠨ ᠦᠰᠦᠭ | ᠵᠢᠷᠤᠵᠤ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ ᠬᠦᠴᠦᠲᠡᠢ ᠠᠷᠭᠠᠴᠠᠭᠠᠪᠠ︔ ᠪᠦᠭᠦ ᠪᠥᠮᠪᠥᠷᠴᠡᠭ ᠤᠨ | ᠵᠠᠰᠠᠯᠲᠠ ᠲᠠᠢ ᠳᠠᠬᠢᠨᠲᠠ ᠬᠠᠷᠭᠤᠭᠤᠯᠵᠤ᠂ ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠪᠠᠶᠢᠯᠳᠤᠬᠤ | ᠪᠣᠳᠣᠯᠭ᠎ᠠ ᠶᠢᠨ ᠲᠣᠭᠲᠠᠭᠤᠨ ᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ᠂ ᠤᠯᠠᠨ ᠤᠯᠤᠰ ᠤᠨ ᠬᠠᠤᠯᠢ ᠶᠢᠨ ᠡᠷᠬᠡ | ᠰᠦᠷ ᠢ ᠬᠠᠮᠠᠭᠠᠯᠠᠬᠤ ᠲᠤᠬᠠᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠮᠲᠤᠷᠠᠭᠰᠠᠨ | ᠢᠯᠡᠷᠬᠡᠶᠢᠯᠡᠯᠲᠡ ᠨᠡᠶᠢᠲᠡᠯᠡᠵᠦ᠂ ᠳᠡᠯᠡᠬᠡᠢ ᠨᠡᠶᠢᠭᠡᠮ ᠳᠤ ᠦᠷᠭᠦᠯᠵᠢᠯᠡᠨ ᠬᠠᠩᠭᠢᠨᠠᠨ ᠴᠤᠤᠷᠢᠶᠠᠲᠤᠪᠠ᠃ | ᠪᠣᠯᠪᠠᠰᠤᠨ ᠤ ᠣᠣᠷ ᠲᠤᠨᠳᠠᠰᠤ ᠭᠡᠵᠦ ᠶᠠᠭᠤ ᠪᠤᠢ︖ | ᠬᠤᠶᠠᠷ ᠤᠯᠤᠰ ᠤᠨ ᠪᠣᠯᠪᠠᠰᠤᠨ ᠤ ᠰᠣᠯᠢᠯᠴᠠᠭ᠎ᠠ ᠲᠣᠯᠢᠳᠠᠯ ᠨᠢ ᠲᠤᠰ ᠤᠳᠠᠭ᠎ᠠ ᠭᠠᠷ ᠤᠨ ᠦᠰᠦᠭ ᠵᠢᠷᠤᠭᠰᠠᠨ | ᠰᠤᠷᠭᠠᠨ ᠬᠥᠮᠦᠵᠢᠯ᠂ ᠺᠢᠨᠣ᠋᠂ ᠵᠠᠭᠤᠴᠢᠯᠠᠭᠤᠷ ᠵᠡᠷᠭᠡ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠯᠠ ᠲᠡᠳᠦᠢ ᠪᠢᠰᠢ᠃ | ᠪᠠᠭᠲᠠᠭᠠᠮᠵᠢ ᠶᠢᠨ ᠶᠡᠭᠡ᠂ ᠬᠥᠮᠥᠨ ᠠᠮᠠ ᠶᠢᠨ ᠤᠯᠠᠨ᠂ ᠲᠡᠦᠬᠡ ᠶᠢᠨ ᠤᠷᠳᠤ ᠤᠳᠠᠭᠠᠨ᠂ ᠪᠣᠯᠪᠠᠰᠤᠨ ᠤ ᠭᠦᠨ | ᠵᠤᠵᠠᠭᠠᠨ ᠨᠢ ᠥᠩᠭᠡᠷᠡᠭᠰᠡᠨ ᠤ ᠮᠥᠷᠥ ᠵᠡᠷᠭᠡᠴᠡᠨ ᠪᠠᠶᠢᠯᠳᠤᠵᠤ ᠪᠠᠶᠢᠭᠰᠠᠨ ᠠᠴᠠ ᠪᠠᠨ ᠥᠨᠥᠳᠥᠷ ᠭᠠᠷ ᠬᠤᠯᠪᠣᠨ | ᠬᠠᠮᠲᠤ ᠪᠠᠷ ᠤᠷᠤᠭᠰᠢᠯᠠᠵᠤ᠂ ᠢᠵᠢᠯ ᠴᠢᠭᠯᠡᠯ ᠢᠶᠠᠷ ᠤᠷᠤᠭᠰᠢᠯᠠᠬᠤ ᠭᠦᠨ ᠳᠠᠪᠬᠤᠷᠭ᠎ᠠ ᠶᠢᠨ ᠯᠣᠭᠢᠭ ᠪᠣᠯ ᠬᠤᠶᠠᠷ | ᠶᠡᠭᠡ ᠪᠣᠯᠪᠠᠰᠤᠨ ᠤ ᠲᠡᠦᠬᠡ ᠶᠢᠨ ᠦᠵᠡᠯᠲᠡ᠂ ᠡᠩᠬᠡ ᠲᠠᠶᠢᠪᠤᠩ ᠤᠨ ᠦᠵᠡᠯᠲᠡ᠂ ᠡᠮᠬᠢ ᠳᠢᠭᠯᠢᠮ ᠤᠨ ᠦᠵᠡᠯᠲᠡ᠂ | ᠬᠥᠭᠵᠢᠯᠲᠡ ᠶᠢᠨ ᠦᠵᠡᠯᠲᠡ ᠶᠢᠨ ᠭᠡᠷᠡᠯ ᠭᠢᠯᠪᠠᠭ᠎ᠠ ᠪᠣᠯᠣᠨ᠎ᠠ᠃ ᠪᠣᠯᠪᠠᠰᠤᠨ ᠤ ᠬᠠᠷᠠᠭᠠᠰᠤ ᠶᠢᠨ ᠨᠡᠪᠲᠡᠷᠡᠯᠴᠡᠯ ᠨᠢ | ᠤᠯᠤᠰ ᠲᠥᠷᠥ ᠶᠢᠨ ᠢᠲᠡᠭᠡᠯᠴᠡᠭᠡ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠬᠠᠮᠤᠭ ᠤᠨ ᠪᠠᠲᠤ ᠪᠠᠬᠢ | ᠰᠠᠭᠤᠷᠢ ᠪᠣᠯᠪᠠ᠃ | ︽ᠰᠢᠷᠣᠢ ᠬᠤᠷᠠᠮᠳᠤᠵᠤ ᠠᠭᠤᠯᠠ ᠪᠣᠯᠵᠤ᠂ ᠤᠰᠤ ᠬᠤᠷᠠᠮᠳᠤᠵᠤ ᠲᠠᠯᠠᠢ ᠪᠣᠯᠣᠨ᠎ᠠ︾᠃ ᠲᠡᠦᠬᠡ ᠭᠡᠵᠦ ᠨᠢᠭᠡᠯᠡ | ᠳᠣᠣᠷ᠎ᠠ ᠪᠦᠲᠦᠳᠡᠭ ᠪᠢᠰᠢ᠂ ᠬᠠᠷᠢᠨ ᠨᠢᠭᠡ ᠲᠣᠭᠤᠰᠭ᠋᠎ᠠ ᠨᠢᠭᠡ ᠸᠠᠭᠠᠷ ᠢᠶᠠᠷ ᠵᠡᠷᠭᠡᠯᠡᠨ ᠦᠷᠦᠵᠤ ᠪᠠᠶᠢᠭᠠᠳ ᠰᠠᠶ᠋ᠢ | ᠥᠨᠥᠳᠥᠷ ᠤᠨ ᠪᠠᠶᠢᠳᠠᠯ ᠪᠣᠯᠵᠤ ᠪᠦᠷᠢᠯᠳᠦᠪᠡ᠃ | ᠲᠤᠰ ᠤᠳᠠᠭ᠎ᠠ ᠶᠢᠨ ᠠᠶᠢᠯᠴᠢᠯᠠᠯᠲᠠ ᠶᠢᠨ ᠬᠠᠮᠤᠭ ᠤᠨ ᠴᠢᠬᠤᠯᠠ ᠤᠯᠤᠰ ᠲᠦᠷᠦ ᠶᠢᠨ ᠦᠷ᠎ᠡ ᠪᠦᠲᠦᠭᠡᠯ ᠨᠢ | ᠺᠷᠧᠮᠯᠢ ᠣᠷᠳᠣᠨ ᠤ ᠲᠣᠭᠤᠰ ᠴᠢᠯᠠᠭᠤᠨ ᠲᠢᠩᠬᠢᠮ ᠳᠤ ᠮᠡᠨᠳᠦᠯᠡᠵᠡᠢ᠃ ᠬᠤᠶᠠᠷ ᠤᠯᠤᠰ ᠤᠨ ᠲᠡᠷᠢᠭᠦᠨ ᠬᠠᠮᠲᠤ ᠪᠠᠷ | ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ | ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ ᠳᠤ | ᠭᠠᠷ ᠤᠨ ᠦᠰᠦᠭ ᠵᠢᠷᠤᠪᠠ᠃ | ᠵᠤᠵᠠᠭᠠᠨ ᠴᠠᠭᠠᠰᠤ ᠤᠷᠳᠤ ᠬᠠᠭᠤᠳᠠᠰᠤᠲᠤ ᠬᠦᠨᠳᠦᠴᠡ ᠲᠠᠢ ᠭᠡᠭᠴᠢ ᠡᠨᠡ ᠪᠢᠴᠢᠭ ᠨᠢ ᠳᠤᠮᠳᠠᠳᠤ ᠤᠷᠤᠰ ᠤᠨ | ᠬᠠᠷᠢᠯᠴᠠᠭ᠎ᠠ ᠶᠢᠨ ᠢᠯᠡ ᠲᠣᠳᠣ ᠲᠡᠮᠳᠡᠭ ᠢᠯᠡᠳᠬᠡᠮᠵᠢ ᠶᠢ ᠬᠠᠷᠠᠭᠤᠯᠵᠤ ᠪᠤᠢ᠄ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ᠃ | ︽ᠵᠦᠪᠭᠡᠨ ᠳᠤᠮᠳᠠᠳᠤ ᠤᠷᠤᠰ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠪᠠᠷᠢᠮᠲᠠᠯᠠᠪᠠᠯ᠂ ᠶᠠᠮᠠᠷᠪᠠ ᠬᠦᠴᠦᠨ ᠴᠦ ᠭᠡᠳ ᠬᠤᠶᠠᠷ ᠤᠯᠤᠰ ᠤᠨ | ᠲᠤᠰ ᠲᠤᠰ ᠤᠨ ᠬᠥᠭᠵᠢᠯ ᠮᠠᠨᠳᠤᠯ ᠢᠶᠠᠨ ᠪᠡᠶᠡᠯᠡᠭᠦᠯᠬᠦ ᠶᠢ ᠬᠤᠷᠢᠭᠯᠠᠵᠤ ᠳᠡᠶᠢᠯᠭᠦ ᠦᠭᠡᠢ᠂ ᠳᠤᠮᠳᠠᠳᠤ ᠤᠷᠤᠰ ᠤᠨ | ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠡᠳᠬᠢᠯ ᠤᠨ ᠬᠠᠨᠳᠤᠰᠢ ᠶᠢ ᠬᠤᠷᠢᠭᠯᠠᠵᠤ ᠳᠡᠶᠢᠯᠭᠦ | ᠦᠭᠡᠢ᠂ ᠳᠡᠯᠡᠬᠡᠢ ᠶᠢᠨ ᠤᠯᠠᠨ ᠲᠦᠢᠯᠵᠢᠯᠳᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠶᠢᠨ | ᠤᠷᠤᠰᠬᠠᠯ ᠢ ᠬᠤᠷᠢᠭᠯᠠᠵᠤ ᠳᠡᠶᠢᠯᠭᠦ ᠦᠭᠡᠢ ᠶᠤᠮ︾ ᠭᠡᠵᠦ ᠬᠡᠯᠡᠬᠦ ᠦᠶ᠎ᠡ ᠳᠤ ᠲᠡᠷᠢᠭᠦᠯᠡᠭᠴᠢ ᠰᠢ ᠶᠢᠨ ᠫᠢᠩ ᠤᠨ | ᠲᠠᠭᠤᠨ ᠡᠷᠡᠰ ᠪᠠᠲᠤ ᠢᠳᠡ ᠬᠦᠴᠦᠲᠡᠢ ᠪᠠᠶᠢᠯ᠎ᠠ᠃ | ︵ᠬᠤᠶᠠᠷ︶ ᠪᠠᠶᠠᠷ ᠤᠨ ᠶᠣᠰᠣᠯᠠᠯ ᠤᠨ ᠴᠠᠭ ᠮᠥᠴᠡ᠄ | ︽ᠲᠡᠦᠬᠡ ᠶᠢᠨ ᠬᠠᠮᠤᠭ ᠤᠨ ᠰᠠᠶᠢᠨ ᠵᠠᠯᠭᠠᠮᠵᠢᠯᠠᠯ ᠪᠣᠯ ᠰᠢᠨ᠎ᠡ ᠲᠡᠦᠬᠡ ᠶᠢ ᠡᠭᠦᠳᠦᠨ ᠪᠦᠲᠦᠭᠡᠬᠦ ᠶᠠᠪᠤᠳᠠᠯ | ᠮᠥᠨ︾ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ 80 ᠵᠢᠯ ᠤᠨ | ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠢ ᠶᠠᠪᠤᠭᠳᠠᠭᠤᠯᠬᠤ ᠮᠡᠳᠡᠭᠡ ᠶᠢ ᠨᠡᠶᠢᠲᠡᠯᠡᠭᠰᠡᠨ ᠤ ᠲᠠᠷᠠᠭ᠎ᠠ᠂ | ᠶᠡᠷᠦᠩᠬᠡᠶᠢᠯᠡᠭᠴᠢ ᠫᠦᠲ᠋ᠢᠨ ᠠᠯᠢ ᠡᠷᠲᠡ ᠠᠴᠠ ᠭᠠᠳᠠᠭᠠᠳᠤ ᠳᠤ᠂ ᠲᠡᠷᠢᠭᠦᠯᠡᠭᠴᠢ ᠰᠢ ᠶᠢᠨ ᠫᠢᠩ ︽ᠬᠠᠮᠤᠭ ᠤᠨ | ᠴᠢᠬᠤᠯᠠ ᠵᠣᠴᠢᠨ︾ ᠪᠤᠯᠬᠤ ᠪᠣᠯᠣᠨ᠎ᠠ ᠭᠡᠬᠦ ᠲᠠᠭᠤᠨ ᠢ ᠳᠠᠮᠵᠢᠭᠤᠯᠵᠤ ᠪᠢᠯᠡ᠃ | 9 ᠤ ᠥᠷᠯᠥᠭᠡ᠂ ᠦᠷ ᠤᠨ ᠲᠤᠶᠠᠭ᠎ᠠ ᠠᠷᠠᠢ ᠮᠠᠨᠳᠤᠬᠤ ᠠᠴᠠ ᠡᠮᠦᠨ᠎ᠡ᠂ ᠮᠣᠰᠺᠸᠠ ᠶᠢᠨ ᠤᠯᠠᠭᠠᠨ ᠲᠠᠯᠠᠪᠠᠢ | ᠳᠡᠭᠡᠷ᠎ᠡ ᠨᠢᠭᠡᠨᠲᠡ ᠬᠥᠮᠥᠨ ᠤ ᠲᠠᠯᠠᠢ ᠪᠣᠯᠪᠠ᠃ ᠪᠤᠭᠤᠷᠤᠯ ᠨᠠᠰᠤᠲᠠᠨ᠂ ᠨᠢᠯᠬ᠎ᠠ ᠬᠡᠦᠬᠡᠳ᠂ ᠢᠳᠡᠷ ᠵᠠᠯᠠᠭᠤᠴᠤᠳ | ᠪᠦᠭᠦᠨ ᠢᠶᠠᠷ ᠢᠶᠠᠨ ᠢᠷᠡᠵᠡᠭᠡᠯ᠎ᠡ᠂ ᠲᠡᠶᠢᠮᠦ᠂ ᠢᠯᠠᠯᠲᠠ ᠶᠢᠨ ᠡᠳᠦᠷ ᠮᠥᠨ ᠴᠤ ᠠᠷᠠᠳ ᠲᠦᠮᠡᠨ ᠤ ᠪᠠᠶᠠᠷ ᠤᠨ | ᠡᠳᠦᠷ᠃ | ᠲᠡᠷᠢᠭᠦᠯᠡᠭᠴᠢ ᠰᠢ ᠶᠢᠨ ᠫᠢᠩ ᠤᠨ ᠮᠠᠰᠢᠨ ᠲᠡᠷᠭᠡᠨ ᠤ ᠠᠩᠭᠢ ᠰᠠᠯᠬᠢᠨ ᠤ ᠠᠶ᠎ᠠ ᠪᠠᠷ ᠨᠠᠮᠢᠷᠠᠭ᠎ᠠ ᠢᠯᠠᠯᠲᠠ ᠶᠢᠨ | ᠲᠤᠭ ᠤᠨ ᠬᠠᠵᠠᠭᠤ ᠪᠠᠷ ᠥᠩᠭᠡᠷᠡᠵᠦ᠂ ᠭᠠᠷ ᠲᠠᠭᠠᠨ ᠰᠣᠷᠭᠤᠭ ᠴᠡᠴᠡᠭ ᠡᠷᠭᠦᠭᠰᠡᠨ ᠬᠥᠮᠥᠰ ᠤᠨ ᠬᠠᠵᠠᠭᠤ ᠪᠠᠷ | ᠥᠩᠭᠡᠷᠡᠪᠡ᠃ ᠵᠡᠭᠡᠯᠢ ᠳᠡᠭᠡᠷ᠎ᠡ᠂ ᠬᠥᠮᠥᠰ ᠬᠤᠩ ᠴᠢ ᠲᠡᠷᠭᠡ ᠪᠣᠯᠣᠨ ᠲᠠᠪᠤᠨ ᠣᠳᠣᠲᠤ ᠤᠯᠠᠭᠠᠨ ᠲᠤᠭ ᠢ ᠣᠯᠵᠤ | ᠦᠵᠡᠭᠡᠳ ᠭᠠᠷ ᠳᠠᠯᠠᠯᠤᠨ ᠮᠡᠨᠳᠦᠴᠢᠯᠡᠨ᠎ᠡ᠃ | ᠨᠡᠷᠡᠨ ᠤ ᠭᠡᠷᠡᠯ ᠤᠯᠠᠭᠠᠨ ᠲᠠᠯᠠᠪᠠᠢ ᠶᠢ ᠥᠪᠴᠢ ᠭᠡᠶᠢᠭᠦᠯᠦᠯ᠎ᠡ᠃ ᠲᠡᠷᠢᠭᠦᠯᠡᠭᠴᠢ ᠰᠢ ᠶᠢᠨ ᠫᠢᠩ ᠺᠷᠧᠮᠯᠢ | ᠣᠷᠳᠣᠨ ᠳᠤ ᠬᠦᠷᠬᠦ ᠦᠶ᠎ᠡ ᠳᠤ᠂ ᠶᠡᠷᠦᠩᠬᠡᠶᠢᠯᠡᠭᠴᠢ ᠫᠦᠲ᠋ᠢᠨ ᠬᠠᠯᠠᠭᠤᠨ ᠢᠶᠠᠷ ᠤᠭᠲᠤᠨ ᠠᠪᠤᠪᠠ᠃ | ᠪᠠᠶᠠᠷ ᠤᠨ ᠶᠣᠰᠣᠯᠠᠯ ᠳᠤ ᠣᠷᠤᠯᠴᠠᠬᠤ ᠪᠠᠷ ᠳᠠᠬᠢᠨᠲᠠ ᠢᠷᠡᠬᠦ ᠳᠤ᠂ ᠠᠷᠪᠠᠨ ᠵᠢᠯ ᠤᠷᠤᠰᠤᠨ ᠣᠲᠣᠭᠰᠠᠨ | ᠪᠤᠯᠪᠠᠴᠤ ᠤᠷᠢᠳᠤ ᠶᠢᠨ ᠶᠠᠪᠤᠳᠠᠯ ᠤᠳ ᠲᠣᠪ ᠲᠣᠳᠣᠷᠬᠠᠢ ᠴᠡᠭᠡᠵᠢᠯᠡᠭᠳᠡᠭᠰᠡᠭᠡᠷ᠃ | ᠬᠡᠳᠦᠢ ᠥᠨᠢ ᠤᠳᠠᠭᠠᠨ ᠪᠣᠯᠤᠭᠰᠠᠨ ᠴᠤ᠂ ᠲᠡᠦᠬᠡ ᠶᠢᠨ ᠳᠤᠷᠠᠰᠤᠮᠵᠢ ᠪᠣᠯᠣᠨ ᠦᠨᠡᠨ ᠪᠠᠶᠢᠳᠠᠯ ᠨᠢ ᠥᠩᠭᠡ | ᠬᠤᠪᠢᠷᠠᠰᠢ ᠦᠭᠡᠢ ᠶᠤᠮ᠂ ︽ᠪᠢᠳᠡᠨ ᠳᠤ ᠥᠭᠭᠦᠭᠰᠡᠨ ᠰᠡᠩᠬᠡᠷᠡᠭᠦᠯᠦᠯ ᠨᠢ ᠥᠨᠢ ᠡᠭᠦᠷᠢᠳᠡ ᠪᠣᠳᠠᠲᠤ ᠠᠬᠤᠢ ᠶᠢ | ᠲᠤᠰᠬᠠᠵᠤ᠂ ᠢᠷᠡᠭᠡᠳᠦᠢ ᠶᠢ ᠬᠠᠷᠠᠭᠤᠯᠤᠨ᠎ᠠ︾᠃ | ᠬᠡᠳᠦᠢ ᠥᠨᠢ ᠤᠳᠠᠭᠠᠨ ᠪᠣᠯᠤᠭᠰᠠᠨ ᠴᠤ᠂ ᠳᠡᠯᠡᠬᠡᠢ ᠶᠢᠨ ᠪᠠᠶᠢᠳᠠᠯ ᠤᠨ ᠶᠡᠭᠡ ᠣᠷᠤᠭ᠎ᠠ ᠪᠤᠰᠬᠠᠭ᠎ᠠ ᠶᠡᠭᠡ | ᠬᠤᠪᠢᠰᠤᠯᠲᠠ ᠳᠤᠮᠳᠠ ᠤᠷᠤᠰᠬᠠᠯ ᠤᠨ ᠡᠮᠦᠨ᠎ᠡ ᠵᠣᠭᠰᠣᠵᠤ ᠰᠦᠨᠳᠡᠷᠯᠡᠬᠦ ᠪᠠᠷ᠎ᠠ ᠢᠯᠡᠷᠡᠬᠦ ᠦᠭᠡᠢ ᠪᠠᠶᠢᠵᠤ ᠪᠣᠯᠣᠰᠢ | ᠦᠭᠡᠢ ᠶᠤᠮ᠃ ᠬᠡᠳᠦ᠋ᠢᠪᠡᠷ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ ᠬᠠᠷᠭᠢᠰ ᠬᠡᠷᠴᠡᠭᠡᠢ ᠠᠵᠢᠯᠯᠠᠭ᠎ᠠ ᠶᠢᠨ | ᠬᠤᠣᠷ ᠬᠥᠨᠥᠭᠡᠯ ᠨᠢ ᠬᠦᠨᠳᠦ ᠨᠣᠴᠢᠲᠠᠢ ᠪᠠᠶᠢᠭᠰᠠᠨ ᠴᠤ ᠡᠩᠬᠡ ᠲᠠᠶᠢᠪᠤᠩ ᠪᠠ ᠰᠢᠳᠤᠷᠭᠤ ᠶᠣᠰᠣ ᠶᠢ ᠬᠠᠮᠠᠭᠠᠯᠠᠬᠤ | ᠬᠦᠴᠦᠨ ᠡᠭᠦᠷᠢᠳᠡ ᠪᠠᠶᠢᠭᠰᠠᠭᠠᠷ ᠪᠤᠢ᠃ ᠳᠤᠮᠳᠠᠳᠤ ᠤᠯᠤᠰ ᠪᠣᠯᠣᠨ ᠤᠷᠤᠰ ᠲᠡᠦᠬᠡ ᠠᠴᠠ ᠨᠡᠩ ᠤᠯᠠᠨ ᠤᠶᠤᠨ | ᠤᠬᠠᠭᠠᠨ ᠢ ᠰᠢᠩᠭᠡᠬᠡᠨ ᠠᠪᠴᠤ᠂ ᠨᠡᠩ ᠶᠡᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ᠲᠡᠷᠢᠭᠦᠯᠡᠭᠴᠢ ᠰᠢ ᠶᠢᠨ ᠫᠢᠩ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠭᠤᠣᠯ ᠶᠣᠰᠣᠯᠠᠯ ᠤᠨ ᠲᠠᠶᠢᠰᠠᠨ ᠳᠤ | ᠠᠯᠬᠤᠨ ᠭᠦᠷᠪᠡ᠃ ᠬᠠᠮᠲᠤ ᠰᠠᠭᠤᠯᠴᠠᠭᠰᠠᠨ ᠬᠤᠶᠠᠷ ᠤᠯᠤᠰ ᠤᠨ ᠲᠡᠷᠢᠭᠦᠨ ᠳᠣᠲᠣᠨᠣ ᠪᠠᠷ ᠶᠠᠷᠢᠯᠴᠠᠪᠠ᠃ ᠠᠭᠤᠯᠠ | ᠤᠰᠤ ᠲᠠᠯᠬᠢᠭᠳᠠᠭᠰᠠᠨ ᠦᠶ᠎ᠡ ᠳᠤ᠂ ᠡᠰᠡᠷᠭᠦᠴᠡᠨ ᠲᠡᠮᠡᠴᠡᠵᠦ ᠬᠦᠴᠢᠷ ᠪᠡᠷᠬᠡ ᠶᠢ ᠬᠠᠮᠲᠤ ᠪᠠᠷ ᠲᠤᠭᠤᠯᠪᠠ᠂ | ᠲᠡᠦᠬᠡ ᠶᠢ ᠡᠷᠭᠢᠴᠡᠭᠦᠯᠬᠦᠶ᠎ᠡ᠂ ᠥᠨᠥᠳᠥᠷ ᠬᠡᠴᠢᠨᠡᠭᠡᠨ ᠭᠢᠯᠪᠠᠷ ᠪᠤᠰᠤ ᠪᠠᠷ ᠢᠷᠡᠭᠰᠡᠨ ᠭᠡᠳᠡᠭ ᠢ ᠨᠡᠩ ᠴᠤ ᠰᠡᠳᠬᠢᠯ | ᠳᠣᠭᠳᠣᠯᠤᠨ ᠣᠶᠢᠯᠠᠭᠠᠨ᠎ᠠ᠃ | ᠶᠡᠷᠦᠩᠬᠡᠶᠢᠯᠡᠭᠴᠢ ᠫᠦᠲ᠋ᠢᠨ ᠤ ᠪᠠᠶᠠᠷ ᠤᠨ ᠦᠭᠡ ᠬᠡᠯᠡᠬᠦ ᠦᠶ᠎ᠡ ᠶᠢᠨ ᠬᠠᠩᠭᠢᠨᠠᠮ᠎ᠠ ᠲᠠᠭᠤ ᠣᠭᠲᠠᠷᠭᠤᠢ ᠳᠤ | ᠴᠤᠤᠷᠢᠶᠠᠲᠤᠨ᠎ᠠ᠄ ︽ᠢᠯᠠᠯᠲᠠ ᠪᠣᠯ ᠠᠷᠢᠭᠤᠨ ᠲᠠᠷᠬᠠᠨ ᠶᠤᠮ᠂ ᠲᠡᠦᠬᠡ ᠶᠢ ᠥᠭᠡᠷᠡᠲᠦᠭᠦᠯᠵᠦ ᠪᠤᠯᠬᠤ ᠦᠭᠡᠢ᠂ | ᠢᠯᠠᠭᠴᠢ ᠶᠢ ᠭᠤᠲᠤᠭᠠᠵᠤ ᠪᠤᠯᠬᠤ ᠦᠭᠡᠢ︾᠂ ︽ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ | ᠪᠠᠭᠠᠲᠤᠷᠯᠢᠭ ᠢᠶᠠᠷ ᠪᠠᠶᠢᠯᠳᠤᠪᠠ᠂ ᠪᠢᠳᠡ ᠳᠤᠮᠳᠠᠳᠤ ᠤᠯᠤᠰ ᠤᠨ ᠠᠷᠠᠳ ᠲᠦᠮᠡᠨ ᠤ ᠬᠥᠮᠥᠨ ᠲᠥᠷᠥᠯᠬᠢᠲᠡᠨ ᠤ | ᠬᠠᠮᠲᠤ ᠶᠢᠨ ᠢᠷᠡᠭᠡᠳᠦᠢ ᠶᠢ ᠨᠡᠭᠡᠭᠡᠬᠦ ᠳᠤ ᠦᠵᠡᠭᠦᠯᠦᠭᠰᠡᠨ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠵᠤ ᠪᠠᠶᠢᠨ᠎ᠠ︾᠃ | ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠨᠢ ᠴᠠᠭ ᠬᠤᠭᠤᠴᠠᠭ᠎ᠠ ᠪᠠᠷ ᠲᠡᠩᠭᠡᠯᠢᠭ ᠪᠣᠯᠭᠠᠪᠠ᠃ | ᠶᠡᠷᠦᠩᠬᠡᠶᠢᠯᠡᠭᠴᠢ ᠫᠦᠲ᠋ᠢᠨ ᠪᠠᠶᠢᠨ ᠪᠠᠶᠢᠨ ᠪᠡᠶ᠎ᠡ ᠡᠷᠭᠢᠵᠦ᠂ ᠲᠡᠷᠢᠭᠦᠯᠡᠭᠴᠢ ᠰᠢ ᠶᠢᠨ ᠫᠢᠩ ᠳᠤ ᠲᠤᠭ ᠳᠠᠯᠪᠠᠭ᠎ᠠ᠂ | ᠵᠢᠭᠰᠠᠭᠠᠯ᠂ ᠵᠡᠪᠰᠡᠭ ᠲᠣᠨᠣᠭᠯᠠᠯ ᠤᠨ ᠲᠤᠬᠠᠢ ᠲᠠᠨᠢᠯᠴᠠᠭᠤᠯᠤᠨ᠎ᠠ᠃ ᠵᠠᠯᠠᠭᠤ ᠪᠠᠶᠢᠯᠳᠤᠭᠴᠢᠳ ᠴᠡᠭᠡᠵᠢ ᠲᠡᠨᠢᠢᠨ ︽ | ᠦᠷ᠎ᠠ︾ ᠭᠡᠵᠦ ᠬᠠᠰᠬᠢᠷᠬᠤ ᠳᠠᠭᠤᠨ ᠨᠢ ᠡᠭᠦᠯᠡ ᠶᠢ ᠨᠡᠪᠲᠡᠯᠦᠨ ᠥᠨᠳᠥᠷ ᠣᠭᠲᠠᠷᠭᠤᠢ ᠳᠤ ᠴᠤᠤᠷᠢᠶᠠᠲᠤᠨ᠎ᠠ᠃ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠭᠤᠷᠪᠠᠨ ᠵᠠᠮ ᠤᠨ ᠴᠡᠷᠢᠭ ᠤᠨ ᠶᠣᠰᠣᠯᠠᠯ ᠤᠨ | ᠵᠢᠭᠰᠠᠭᠠᠯ ᠤᠨ ᠠᠩᠭᠢ ᠬᠦᠷᠴᠦ ᠢᠷᠡᠪᠡ︕ | ᠠᠯᠬᠤᠭ᠎ᠠ ᠢᠳᠡᠷᠡᠭᠦᠨ᠂ ᠴᠤᠭ ᠵᠢᠪᠬᠤᠭ᠎ᠠ ᠪᠠᠳᠠᠷᠠᠩᠭᠤᠢ᠃ ᠲᠡᠷᠢᠭᠦᠯᠡᠭᠴᠢ ᠰᠢ ᠶᠢᠨ ᠫᠢᠩ ᠪᠣᠰᠴᠤ ᠵᠣᠭᠰᠣᠨ | ᠮᠡᠨᠳᠦᠴᠢᠯᠡᠯ ᠬᠦᠷᠭᠡᠵᠦ᠂ ᠲᠡᠭᠦᠨ ᠤ ᠬᠠᠷᠠᠴᠠ ᠤᠷᠤᠭᠰᠢᠯᠠᠯᠲᠠ ᠶᠢᠨ ᠡᠩᠨᠡᠭᠡ ᠶᠢ ᠳᠠᠭᠠᠵᠤ᠂ ᠲᠡᠷᠲᠡᠭᠡ ᠲᠡᠦᠬᠡ ᠶᠢᠨ | ᠥᠩᠭᠡᠷᠡᠭᠰᠡᠨ ᠢ ᠡᠷᠭᠢᠴᠡᠭᠦᠯᠦᠨ ᠬᠠᠷᠠᠬᠤ ᠭᠡᠮᠡᠷ᠃ | ᠠᠽᠢᠶ᠎ᠠ ᠲᠢᠪ ᠤᠨ ᠭᠤᠣᠯ ᠳᠠᠶᠢᠨ ᠤ ᠲᠠᠯᠠᠪᠤᠷ ᠤᠨ ᠬᠦᠨᠳᠦ ᠴᠢᠬᠤᠯᠠ ᠶᠢ ᠬᠠᠷᠠᠬᠤᠢ᠃ ᠢᠮᠠᠬᠤ ᠪᠦᠷᠢ ᠠᠭᠤᠯᠠ | ᠤᠰᠤᠨ ᠳᠤ ᠬᠠᠯᠠᠭᠤᠨ ᠴᠢᠰᠤ ᠰᠢᠩᠭᠡᠵᠦ᠂ ᠤᠳᠠᠭ᠎ᠠ ᠪᠦᠷᠢ ᠶᠢᠨ ᠪᠠᠶᠢᠯᠳᠤᠭᠠᠨ ᠳᠤ ᠨᠢᠷᠤᠭᠤ ᠭᠡᠳᠡᠶᠢᠨ | ᠪᠠᠶᠢᠯᠳᠤᠨ᠎ᠠ᠃ ᠲᠠᠪᠤᠨ ᠮᠢᠩᠭᠠᠨ ᠵᠢᠯ ᠤᠨ ᠪᠣᠯᠪᠠᠰᠤᠨ ᠨᠢ ᠲᠦᠨᠡᠷ ᠬᠠᠷᠠᠩᠭᠤᠢ ᠴᠠᠭ ᠦᠶ᠎ᠡ ᠳᠤ ᠬᠦᠴᠦᠷᠬᠡᠭ ᠶᠡᠭᠡ | ᠬᠦᠴᠦᠨ ᠴᠢᠳᠠᠯ ᠢ ᠪᠠᠳᠠᠷᠠᠭᠤᠯᠵᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠲᠡᠭᠷᠢ ᠭᠠᠵᠠᠷ ᠢ ᠳᠣᠩᠰᠣᠯᠭᠠᠭᠰᠠᠨ | ᠂ ᠴᠢᠳᠬᠦᠷ ᠰᠠᠬᠢᠭᠤᠯᠰᠤᠨ ᠢ ᠤᠶᠠᠷᠠᠭᠤᠯᠤᠭᠰᠠᠨ ᠰᠦᠷ ᠵᠢᠪᠬᠤᠯᠠᠩᠲᠤ ᠲᠤᠤᠯᠢᠰ ᠢ ᠬᠠᠮᠲᠤ ᠪᠠᠷ ᠪᠢᠴᠢᠭᠯᠡᠭᠰᠡᠨ ᠶᠤᠮ᠃ | | ᠳᠠᠶᠢᠨ ᠤ ᠭᠠᠯ ᠳᠤᠮᠳᠠ ᠭᠠᠷ ᠬᠤᠯᠪᠣᠨ ᠮᠥᠷᠥ ᠵᠡᠷᠭᠡᠴᠡᠨ ᠪᠠᠶᠢᠯᠳᠤᠭᠰᠠᠨ ᠴᠠᠭ ᠮᠥᠴᠡ ᠶᠢ ᠬᠠᠷᠠᠬᠤᠢ᠃ | ᠲᠦᠨᠡᠷ ᠬᠠᠷᠠᠩᠭᠤᠢ ᠳᠡᠯᠡᠬᠡᠢ ᠶᠢᠷᠲᠢᠨᠴᠦ ᠶᠢ ᠪᠦᠷᠬᠦᠵᠦ᠂ ᠳᠤᠮᠳᠠᠳᠤ ᠤᠯᠤᠰ ᠤᠨ ᠠᠷᠠᠳ ᠲᠦᠮᠡᠨ ᠡᠩᠬᠡ | ᠲᠠᠶᠢᠪᠤᠩ ᠢ ᠡᠷᠭᠢᠮᠯᠡᠳᠡᠭ ᠳᠡᠯᠡᠬᠡᠢ ᠶᠢᠨ ᠠᠷᠠᠳ ᠲᠦᠮᠡᠨ ᠲᠠᠢ ᠬᠠᠮᠲᠤ ᠪᠠᠷ ᠠᠮᠢ ᠨᠠᠰᠤ ᠪᠠᠷ ᠢᠶᠠᠨ ᠠᠮᠢ ᠨᠠᠰᠤ ᠶᠢ | ᠬᠠᠮᠠᠭᠠᠯᠠᠵᠤ᠂ ᠢᠲᠡᠭᠡᠯ ᠵᠣᠷᠢᠭ ᠢᠶᠠᠷ ᠢᠲᠡᠭᠡᠯ ᠵᠣᠷᠢᠭ ᠢ ᠬᠥᠪᠴᠢᠯᠡᠪᠡ᠃ ᠭᠠᠰᠠᠯᠠᠩ ᠵᠣᠪᠠᠯᠠᠩ ᠪᠠ ᠦᠷᠡᠭᠳᠡᠯ ᠤᠨ | ᠳᠠᠪᠲᠠᠯᠲᠠ ᠨᠢ ᠢᠯᠠᠯᠲᠠ ᠪᠤᠯᠬᠤ ᠪᠠᠷ ᠪᠠᠷᠠᠬᠤ ᠦᠭᠡᠢ᠂ ᠪᠠᠰᠠ ᠴᠤ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ | ᠭᠦᠨ ᠵᠤᠵᠠᠭᠠᠨ ᠨᠥᠬᠦᠷᠯᠡᠯ ᠮᠥᠨ᠃ | ᠲᠡᠷᠢᠭᠦᠯᠡᠭᠴᠢ ᠰᠢ ᠶᠢᠨ ᠫᠢᠩ ᠤᠨ ᠨᠦᠭᠦᠭᠡ ᠲᠠᠯ᠎ᠠ ᠳᠤ ᠰᠠᠭᠤᠭᠰᠠᠨ ᠨᠢ ᠡᠩᠭᠡᠷ ᠳᠦᠭᠦᠷᠡᠩ ᠭᠠᠪᠢᠶᠠᠨ ᠲᠡᠮᠳᠡᠭ | ᠵᠡᠭᠦᠭᠰᠡᠨ ᠵᠠᠭᠤᠨ ᠨᠠᠰᠤᠲᠠᠢ ᠠᠬᠠᠮᠠᠳ ᠪᠠᠶᠢᠯᠳᠤᠭᠴᠢ ᠢᠸᠦᠭᠧᠨᠢ • ᠽᠧᠨᠡᠮᠢᠨᠰᠺᠢ ᠪᠣᠯᠣᠨ᠎ᠠ᠃ | ᠨᠠᠰᠤ ᠠᠬᠠᠰᠢᠷᠠᠵᠤ ᠦᠰᠦ ᠨᠢ ᠪᠤᠭᠤᠷᠤᠯᠲᠤᠭᠰᠠᠨ ᠴᠤ ᠴᠡᠷᠢᠭ ᠬᠥᠮᠥᠨ ᠤ ᠴᠤᠭ ᠰᠦᠯᠳᠡ ᠨᠢ ᠬᠠᠷᠢᠨ ᠲᠡᠷᠡ | ᠬᠡᠪ ᠢᠶᠠᠷ ᠢᠶᠠᠨ᠃ ᠲᠡᠷᠡ ᠰᠡᠳᠬᠢᠯ ᠬᠥᠳᠡᠯᠦᠨ ᠲᠡᠷᠢᠭᠦᠯᠡᠭᠴᠢ ᠰᠢ ᠶᠢᠨ ᠫᠢᠩ ᠤᠨ ᠭᠠᠷ ᠢ ᠠᠳᠬᠤᠵᠤ᠄ ︽ᠳᠡᠯᠡᠬᠡᠢ | ᠳᠡᠭᠡᠷ᠎ᠡ ᠶᠠᠮᠠᠷ ᠴᠤ ᠬᠦᠴᠦᠨ ᠭᠡᠳ ᠪᠢᠳᠡᠨ ᠢ ᠳᠠᠷᠤᠵᠤ ᠳᠡᠶᠢᠯᠭᠦ ᠦᠭᠡᠢ ᠶᠤᠮ︾ ᠭᠡᠪᠡ᠃ ᠡᠨᠡ ᠪᠣᠯ ᠠᠷᠢᠭᠤᠨ | ᠴᠢᠰᠤ ᠪᠠ ᠠᠮᠢ ᠨᠠᠰᠤ ᠪᠠᠷ ᠪᠠᠷᠢᠯᠳᠤᠭᠰᠠᠨ ᠰᠡᠩᠬᠡᠷᠡᠭᠦᠯᠦᠯ ᠪᠣᠯᠣᠨ᠎ᠠ᠃ | ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠠ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠲᠡᠷᠢᠭᠦᠯᠡᠭᠴᠢ | ᠰᠢ ᠶᠢᠨ ᠫᠢᠩ᠂ ︽ᠲᠡᠦᠬᠡ ᠶᠢᠨ ᠬᠠᠮᠤᠭ ᠤᠨ ᠰᠠᠶᠢᠨ ᠵᠠᠯᠭᠠᠮᠵᠢᠯᠠᠯ ᠪᠣᠯ ᠳᠠᠷᠤᠢ ᠰᠢᠨ᠎ᠡ ᠲᠡᠦᠬᠡ ᠶᠢ ᠡᠭᠦᠳᠦᠨ | ᠪᠦᠲᠦᠭᠡᠬᠦ ᠶᠠᠪᠤᠳᠠᠯ ᠪᠣᠯᠣᠨ᠎ᠠ︾ ᠭᠡᠵᠦ ᠬᠡᠯᠡᠵᠦ ᠥᠩᠭᠡᠷᠡᠪᠡ᠃ ᠲᠡᠷᠡ ᠶᠡᠷᠦᠩᠬᠡᠶᠢᠯᠡᠭᠴᠢ ᠫᠦᠲ᠋ᠢᠨ ᠲᠠᠢ ᠬᠠᠮᠲᠤ ᠪᠠᠷ | ᠭᠠᠷ ᠤᠨ ᠦᠰᠦᠭ ᠵᠢᠷᠤᠭᠰᠠᠨ ᠲᠡᠷᠡ ᠬᠦ ᠬᠠᠮᠲᠤᠷᠠᠭᠰᠠᠨ ᠢᠯᠡᠷᠬᠡᠶᠢᠯᠡᠯᠲᠡ ᠳᠤ᠂ ᠲᠡᠦᠬᠡ ᠶᠢᠨ ᠤᠯᠠᠷᠢᠯ ᠬᠤᠪᠢᠰᠤᠯ ᠢ | ᠥᠭᠦᠯᠡᠵᠦ ᠢᠷᠡᠭᠡᠳᠦᠢ ᠶᠢᠨ ᠲᠤᠬᠠᠢ ᠢᠲᠡᠭᠡᠯ ᠪᠠᠲᠤ ᠢᠩᠭᠢᠵᠦ ᠪᠢᠴᠢᠭᠯᠡᠪᠡ᠄ | ︽ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡ ᠶᠢ ᠥᠭᠡᠷᠡᠲᠦᠭᠦᠯᠬᠦ᠂ ᠳᠤᠮᠳᠠᠳᠤ ᠤᠷᠤᠰ ᠤᠨ ᠳᠡᠯᠡᠬᠡᠢ ᠶᠢᠨ | ᠬᠤᠶᠠᠳᠤᠭᠠᠷ ᠲᠠᠶᠢᠨ ᠤ ᠲᠡᠦᠬᠡᠨ ᠭᠠᠪᠢᠶ᠎ᠠ ᠵᠢᠳᠬᠦᠯ ᠢ ᠮᠠᠭᠤᠰᠢᠶᠠᠬᠤ ᠪᠠ ᠪᠠᠯᠠᠯᠬᠤ᠂ ᠴᠢᠯᠦᠭᠡᠯᠡᠭᠴᠢ ᠶᠢᠨ ᠳᠦᠷᠢ | ᠲᠥᠷᠬᠦ ᠶᠢ ᠭᠤᠲᠤᠭᠠᠬᠤ ᠶᠠᠮᠠᠷᠪᠠ ᠠᠵᠢᠯᠯᠠᠭ᠎ᠠ ᠶᠢ ᠡᠷᠡᠰ ᠪᠤᠳᠠ ᠨᠢᠷᠭᠡᠨ᠎ᠡ︾︔ | ︽ᠬᠥᠮᠥᠨ ᠲᠥᠷᠥᠯᠬᠢᠲᠡᠨ ᠳᠡᠯᠡᠬᠡᠢ ᠶᠢᠨ ᠬᠤᠶᠠᠳᠤᠭᠠᠷ ᠲᠠᠶᠢᠨ ᠤ ᠭᠤᠨᠢᠭᠲᠤ ᠵᠦᠴᠦᠭᠡ ᠵᠢᠴᠢ ᠲᠡᠭᠦᠨ ᠤ | ᠰᠢᠯᠲᠠᠭᠠᠨ ᠪᠠ ᠰᠤᠷᠭᠠᠮᠵᠢ ᠶᠢ ᠡᠭᠦᠷᠢᠳᠡ ᠴᠡᠭᠡᠵᠢᠯᠡᠵᠦ᠂ ᠡᠶᠢᠮᠦᠷᠬᠦᠦ ᠭᠤᠨᠢᠭᠲᠤ ᠵᠦᠴᠦᠭᠡ ᠶᠢᠨ ᠳᠠᠭᠢᠨ ᠡᠭᠦᠰᠬᠦ ᠶᠢ | ᠴᠢᠷᠮᠠᠶᠢᠨ ᠬᠤᠷᠢᠭᠯᠠᠬᠤ ᠬᠡᠷᠡᠭᠲᠡᠢ︾︔ | ᠁ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠴᠢᠬᠤᠯᠠ ᠣᠨ ᠵᠢᠯ᠂ ᠰᠠᠯᠬᠢ ᠳᠡᠭᠳᠡᠨ ᠡᠭᠦᠯᠡ | ᠬᠤᠶᠢᠯᠠᠷᠠᠭᠰᠠᠨ ᠣᠷᠤᠭ᠎ᠠ ᠪᠤᠰᠬᠠᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠤᠷᠤᠰ ᠬᠤᠶᠠᠷ ᠤᠯᠤᠰ | ᠨᠢᠭᠲᠠᠷᠠᠨ ᠪᠦᠯᠬᠦᠮᠳᠡᠵᠦ᠂ ︽ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠭᠠᠷ | ᠬᠤᠯᠪᠣᠨ ᠬᠠᠮᠠᠭᠠᠯᠠᠵᠤ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ | ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ | ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ︾᠃ | ᠴᠡᠷᠢᠭ ᠤᠨ ᠵᠢᠭᠰᠠᠭᠠᠯ ᠢ ᠰᠢᠯᠭᠠᠨ ᠦᠵᠡᠬᠦ ᠶᠣᠰᠣᠯᠠᠯ ᠲᠡᠭᠦᠰᠬᠦ ᠳᠤ᠂ ᠲᠡᠷᠢᠭᠦᠯᠡᠭᠴᠢ ᠰᠢ ᠶᠢᠨ ᠫᠢᠩ ᠪᠠᠶᠠᠷ ᠤᠨ | ᠶᠣᠰᠣᠯᠠᠯ ᠳᠤ ᠣᠷᠣᠯᠴᠠᠬᠰᠠᠨ ᠪᠤᠰᠤᠳ ᠤᠳᠤᠷᠢᠳᠬᠤ ᠬᠥᠮᠥᠰ ᠲᠠᠢ ᠬᠠᠮᠲᠤ ᠪᠠᠷ ᠤᠯᠠᠭᠠᠨ ᠲᠠᠯᠠᠪᠠᠢ ᠠᠴᠠ | ᠠᠯᠧᠺᠰᠠᠨᠳ᠋ᠷ ᠴᠡᠴᠡᠷᠯᠢᠭ ᠲᠤ ᠠᠯᠬᠤᠨ ᠭᠦᠷᠪᠡ᠃ ᠨᠡᠷ᠎ᠡ ᠦᠭᠡᠢ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠡᠮᠦᠨ᠎ᠡ᠂ ᠲᠡᠳᠡ ᠲᠥᠪ ᠵᠣᠭᠰᠣᠨ ᠨᠠᠮᠠᠨᠴᠢᠯᠠᠪᠠ᠃ | ᠨᠢᠭᠡ ᠭᠠᠩ ᠲᠤᠭᠤᠯᠭ᠎ᠠ᠂ ᠨᠢᠭᠡ ᠤᠯᠠᠭᠠᠨ ᠲᠤᠭ᠂ ᠨᠢᠭᠡ ᠪᠠᠭᠴᠠ ᠤᠨᠲᠠᠷᠠᠰᠢ ᠦᠭᠡᠢ ᠭᠠᠯ᠃ | 9 ᠤ ᠦᠳᠡ ᠳᠤ᠂ ᠲᠡᠷᠢᠭᠦᠯᠡᠭᠴᠢ ᠰᠢ ᠶᠢᠨ ᠫᠢᠩ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ | ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠳᠤ ᠣᠷᠣᠯᠴᠠᠪᠠ᠃ | ︽ᠢᠯᠠᠯᠲᠠ ᠶᠢᠨ ᠡᠳᠦᠷ︾᠂ ︽ᠪᠠᠶᠢᠯᠳᠤᠭᠴᠢ ᠶᠢᠨ ᠳᠠᠭᠤᠤ︾᠂ ︽ᠡᠬᠡ ᠤᠯᠤᠰ ᠬᠠᠮᠢᠭ᠎ᠠ ᠠᠴᠠ ᠡᠬᠢᠯᠡᠭᠰᠡᠨ | ᠪᠤᠢ︾ ᠁ ᠵᠢᠷᠤᠭ ᠳᠦᠷᠰᠦ ᠰᠢᠩᠭᠡᠭᠡᠯᠲᠡ ᠨᠢ ᠬᠥᠭᠵᠢᠮ ᠠᠶᠠᠰ ᠢ ᠳᠠᠭᠠᠯᠳᠤᠨ ᠰᠣᠯᠢᠭᠳᠠᠵᠤ᠂ ᠳᠠᠶᠢᠨ ᠤ | ᠤᠨᠢᠶᠠᠷ ᠤᠳᠤᠭ᠎ᠠ᠂ ᠡᠩᠬᠡ ᠲᠠᠶᠢᠪᠤᠩ ᠤᠨ ᠨᠡᠷᠡᠨ ᠤ ᠭᠡᠷᠡᠯ ᠨᠠᠭᠠᠰᠢᠯᠠᠨ ᠬᠠᠷᠠᠭᠳᠠᠨ᠎ᠠ᠃ ᠬᠥᠮᠥᠰ ᠲᠡᠭᠦᠨ ᠤ | ᠳᠣᠲᠣᠷ᠎ᠠ ᠰᠣᠭᠲᠣᠭᠤᠷᠠᠵᠤ᠂ ᠤᠬᠠᠵᠤ᠂ ᠪᠣᠳᠣᠯᠬᠢᠯᠠᠵᠤ ᠰᠡᠳᠬᠢᠨ᠎ᠡ᠃ | ᠡᠶᠢᠮᠦ ᠨᠢᠭᠡᠨ ᠨᠠᠷᠢᠨ ᠵᠦᠢᠯᠡᠰ ᠪᠤᠢ᠃ ᠳᠠᠶᠢᠯᠠᠯᠭ᠎ᠠ ᠳᠠᠭᠤᠰᠤᠭᠰᠠᠨ ᠤ ᠳᠠᠷᠠᠭ᠎ᠠ᠂ ᠲᠡᠷᠢᠭᠦᠯᠡᠭᠴᠢ ᠰᠢ ᠶᠢᠨ ᠫᠢᠩ | ᠤᠳᠠᠯ ᠦᠭᠡᠢ ᠰᠠᠭᠤᠳᠠᠯ ᠠᠴᠠ ᠪᠠᠨ ᠰᠠᠯᠬᠤ ᠭᠡᠵᠦ ᠪᠠᠶᠢᠭᠰᠠᠨ ᠦᠶ᠎ᠡ ᠳᠤ᠂ ︽ᠡᠪ ᠬᠠᠮᠲᠤ ᠨᠠᠮ ᠪᠠᠶᠢᠬᠤ ᠦᠭᠡᠢ | ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠭᠡᠬᠦ ᠳᠠᠭᠤᠤ ᠬᠠᠩᠭᠢᠨᠠᠪᠠ᠃ ᠡᠨᠡ ᠪᠣᠯ ᠬᠥᠭᠵᠢᠮ ᠤᠨ | ᠠᠩᠭᠢ ᠲᠤᠰᠬᠠᠶᠢᠯᠠᠨ ᠳᠤᠮᠳᠠᠳᠤ ᠤᠯᠤᠰ ᠤᠨ ᠬᠦᠨᠳᠦᠲᠦ ᠵᠣᠴᠢᠨ ᠳᠤ ᠬᠥᠭᠵᠢᠮᠳᠡᠨ ᠡᠷᠭᠦᠭᠰᠡᠨ ᠪᠢᠯᠡ᠃ | ᠲᠡᠷᠢᠭᠦᠯᠡᠭᠴᠢ ᠰᠢ ᠶᠢᠨ ᠫᠢᠩ ᠤᠷᠤᠭᠰᠢ ᠠᠯᠬᠤᠵᠤ ᠣᠴᠢᠨ᠂ ᠭᠠᠷ ᠠᠳᠬᠤᠵᠤ᠂ ᠬᠠᠮᠲᠤ ᠶᠢᠨ ᠰᠡᠭᠦᠳᠡᠷ | ᠲᠠᠲᠠᠭᠤᠯᠪᠠ᠃ ᠬᠠᠮᠲᠤ ᠶᠢᠨ ᠭᠠᠰᠠᠯᠠᠩ ᠵᠣᠪᠠᠯᠠᠩᠲᠤ ᠲᠡᠦᠬᠡ᠂ ᠡᠰᠡᠷᠭᠦᠴᠡᠨ ᠲᠡᠮᠡᠴᠡᠭᠰᠡᠨ ᠲᠡᠦᠬᠡ ᠶᠢ | ᠥᠩᠭᠡᠷᠡᠭᠦᠯᠪᠡ᠂ ᠪᠡᠭᠡᠵᠢᠩ — ᠮᠣᠰᠺᠸᠠ ᠶᠢᠨ ᠰᠡᠳᠬᠢᠯ ᠤᠨ ᠵᠠᠢ ᠡᠶᠢᠮᠦ ᠣᠶᠢᠷᠠᠬᠠᠨ | ᠠᠵᠢ︕ | 1945 ᠣᠨ ᠤ 9 ᠰᠠᠷ᠎ᠠ ᠶᠢᠨ 3 ᠤ ᠡᠳᠦᠷ᠂ 1945 ᠣᠨ ᠤ 5 ᠰᠠᠷ᠎ᠠ ᠶᠢᠨ 9 ᠤ ᠡᠳᠦᠷ᠂ ᠲᠡᠦᠬᠡᠨ ᠳᠤ | ᠲᠡᠮᠳᠡᠭᠯᠡᠭᠳᠡᠭᠰᠡᠨ᠂ ᠬᠥᠮᠥᠰ ᠤᠨ ᠰᠡᠳᠬᠢᠯ ᠢ ᠳᠣᠬᠳᠣᠯᠤᠭᠤᠯᠤᠬᠰᠠᠨ ᠡᠨᠡ ᠬᠤᠶᠠᠷ ᠴᠠᠭ ᠬᠤᠭᠤᠴᠠᠭ᠎ᠠ᠂ ᠳᠤᠮᠳᠠᠳᠤ | ᠤᠯᠤᠰ᠂ ᠵᠥᠪᠯᠡᠯᠲᠦ᠂ ᠦᠬᠦᠯ ᠤᠨ ᠳᠠᠪᠠᠭ᠎ᠠ ᠶᠢ ᠲᠤᠭᠤᠯᠵᠤ᠂ ᠨᠤᠭᠤᠷᠠᠯ ᠪᠦᠳᠦᠷᠢᠯ ᠤᠨ ᠳᠤᠮᠳᠠ ᠡᠷᠡᠯᠬᠡᠭ | ᠪᠠᠭᠠᠲᠤᠷᠯᠢᠭ ᠢᠶᠠᠷ ᠲᠡᠮᠡᠴᠡᠵᠦ᠂ ᠢᠯᠠᠯᠲᠠ ᠶᠢᠨ ᠪᠦᠷᠢᠶ᠎ᠡ ᠶᠢᠨ ᠲᠠᠭᠤᠨ ᠤᠳᠠᠲᠠᠯ᠎ᠠ ᠴᠤᠤᠷᠢᠶᠠᠲᠤᠨ᠎ᠠ᠃ 3500 | ᠭᠠᠷᠤᠢ ᠲᠦᠮᠡ᠂ 2700 ᠭᠠᠷᠤᠢ ᠲᠦᠮᠡ᠂ ᠬᠡᠪᠴᠢᠶ᠎ᠡ ᠪᠠᠷ ᠮᠤᠨᠳᠠᠭ ᠶᠡᠭᠡ᠂ ᠵᠢᠷᠦᠬᠡ ᠰᠢᠮᠰᠢᠷᠡᠭᠦᠯᠦᠮ᠎ᠡ ᠡᠨᠡ | ᠬᠤᠶᠠᠷ ᠲᠤᠭ᠎ᠠ ᠨᠢ ᠳᠡᠯᠡᠬᠡᠢ ᠶᠢᠨ ᠬᠤᠶᠠᠳᠤᠭᠠᠷ ᠲᠡᠶᠢᠨ ᠤ ᠳᠤᠮᠳᠠᠳᠤ ᠤᠯᠤᠰ ᠪᠣᠯᠣᠨ ᠵᠥᠪᠯᠡᠯᠲᠦ ᠶᠢᠨ ᠠᠽᠢᠶ᠎ᠠ | ᠲᠢᠪ ᠪᠣᠯᠣᠨ ᠡᠸᠦ᠋ᠷᠦᠫᠡ ᠲᠢᠪ ᠤᠨ ᠭᠤᠣᠯ ᠲᠡᠶᠢᠨ ᠤ ᠲᠠᠯᠠᠪᠤᠷ ᠲᠠᠬᠢ ᠦᠬᠦᠵᠦ ᠰᠢᠷᠬᠠᠲᠤᠭᠰᠠᠨ ᠬᠥᠮᠥᠨ ᠤ ᠲᠤᠭ᠎ᠠ | ᠪᠣᠯᠣᠨ᠎ᠠ᠃ | ᠳᠤᠷᠠᠰᠬᠠᠵᠤ ᠪᠠᠶᠢᠭ᠎ᠠ ᠶᠢᠨ ᠤᠴᠢᠷ ᠭᠡᠪᠡᠯ ᠬᠤᠶᠠᠷ ᠪᠠᠭᠠᠲᠤᠷᠯᠢᠭ ᠤᠯᠤᠰ᠂ ᠪᠠᠭᠠᠲᠤᠷᠴᠤᠳ ᠤᠨ ᠵᠣᠷᠢᠭ | ᠰᠠᠨᠠᠭ᠎ᠠ ᠪᠠᠷ ᠦᠨᠳᠦᠰᠦᠲᠡᠨ ᠤ ᠠᠮᠢᠨ ᠰᠤᠳᠠᠰᠤ ᠪᠠᠨ ᠴᠣᠬᠴᠠᠯᠠᠨ᠎ᠠ︔ ᠤᠴᠢᠷ ᠨᠢ ᠡᠩᠬᠡ ᠲᠠᠶᠢᠪᠤᠩ ᠪᠠ ᠰᠢᠳᠤᠷᠭᠤ | ᠶᠣᠰᠣ ᠭᠢᠯᠪᠠᠷ ᠪᠤᠰᠤ ᠪᠠᠷ ᠢᠷᠡᠭᠰᠡᠨ ᠶᠤᠮ᠂ ᠭᠠᠷ ᠬᠤᠯᠪᠣᠨ ᠬᠠᠮᠠᠭᠠᠯᠠᠬᠤ ᠬᠡᠷᠡᠭᠲᠡᠢ᠃ | ︽ᠲᠡᠦᠬᠡ ᠪᠠᠨ ᠪᠠᠲᠤ ᠴᠡᠭᠡᠵᠢᠯᠡᠬᠦ ᠨᠢ ᠥᠰᠢᠶ᠎ᠡ ᠬᠤᠷᠣᠰᠤᠯ ᠢᠶᠠᠨ ᠦᠷᠭᠦᠯᠵᠢᠯᠡᠭᠦᠯᠬᠦ ᠶᠢᠨ ᠲᠥᠯᠥᠭᠡ ᠪᠢᠰᠢ᠂ | ᠬᠠᠷᠢᠨ ᠢᠷᠡᠭᠡᠳᠦᠢ ᠶᠢ ᠨᠡᠩ ᠰᠠᠶᠢᠲᠤᠷ ᠨᠡᠭᠡᠭᠡᠬᠦ ᠶᠢᠨ ᠲᠥᠯᠥᠭᠡ ᠶᠤᠮ︾ ᠲᠡᠷᠢᠭᠦᠯᠡᠭᠴᠢ ᠰᠢ ᠶᠢᠨ ᠫᠢᠩ ᠲᠡᠦᠬᠡ ᠶᠢᠨ | ᠵᠣᠭᠰᠣᠴᠠ ᠠᠴᠠ ᠢᠷᠡᠭᠡᠳᠦᠢ ᠶᠢ ᠪᠠᠷᠠᠯᠠᠨ᠎ᠠ᠃ | ᠬᠤᠶᠠᠷ ᠤᠯᠤᠰ ᠤᠨ ᠲᠡᠷᠢᠭᠦᠨ ᠡᠨᠡ ᠵᠢᠯ ᠤᠨ ᠨᠠᠮᠤᠷ ᠲᠠᠭᠢᠨ ᠪᠣᠯᠵᠣᠪᠠ᠃ ᠲᠡᠷᠡ ᠬᠦ ᠠᠭᠤᠤ ᠶᠡᠭᠡ | ᠲᠡᠦᠬᠡ ᠶᠢᠨ ᠡᠷᠭᠢᠯᠲᠡ ᠶᠢᠨ ᠴᠡᠭ ᠤᠨ ᠳᠤᠷᠠᠰᠬᠠᠯ ᠤᠨ ᠡᠳᠦᠷ᠂ ᠳᠤᠮᠳᠠᠳᠤ ᠤᠯᠤᠰ ᠳᠤᠮᠳᠠᠳᠤ ᠤᠯᠤᠰ ᠤᠨ ᠠᠷᠠᠳ | ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠦᠪᠡᠳᠡᠭᠰᠢ ᠶᠡᠭᠡ ᠪᠠᠷ | ᠳᠤᠷᠠᠰᠬᠠᠬᠤ ᠪᠣᠯᠣᠨ᠎ᠠ᠃ | ︵ᠭᠤᠷᠪᠠ︶ ᠭᠠᠷ ᠠᠳᠬᠤᠯᠴᠠᠭᠰᠠᠨ ᠴᠠᠭ ᠮᠥᠴᠡ | ︽ᠬᠠᠮᠤᠭ ᠤᠨ ᠬᠦᠴᠦᠷᠬᠡᠭ ᠬᠦᠴᠦᠨ ᠪᠣᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠠᠪᠤᠳᠠᠯ | ᠪᠣᠯᠣᠨ᠎ᠠ᠂ ᠬᠠᠮᠤᠭ ᠤᠨ ᠪᠦᠲᠦᠮᠵᠢᠲᠡᠢ ᠠᠷᠭ᠎ᠠ ᠪᠣᠯ ᠦᠨᠡᠨ ᠰᠡᠳᠬᠢᠯ ᠠᠴᠠ ᠪᠠᠨ ᠳᠡᠮᠵᠢᠯᠴᠡᠨ ᠲᠤᠰᠠᠯᠠᠯᠴᠠᠬᠤ | ᠶᠠᠪᠤᠳᠠᠯ ᠪᠣᠯᠣᠨ᠎ᠠ︾ | ᠪᠠᠶᠠᠷ ᠤᠨ ᠶᠣᠰᠣᠯᠠᠯ ᠳᠤ ᠣᠷᠤᠯᠴᠠᠬᠤ ᠶᠢᠨ ᠵᠠᠪᠰᠠᠷ ᠢᠶᠠᠷ᠂ ᠭᠠᠳᠠᠭᠠᠳᠤ ᠶᠢᠨ ᠤᠯᠤᠰ ᠲᠦᠷᠦ ᠶᠢᠨ ᠴᠢᠬᠤᠯᠠ | ᠬᠥᠮᠥᠰ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠦ᠂ ᠲᠡᠷᠢᠭᠦᠯᠡᠭᠴᠢ ᠰᠢ ᠶᠢᠨ ᠫᠢᠩ ᠲᠠᠢ ᠭᠠᠷ ᠠᠳᠬᠤᠨ | ᠮᠡᠨᠳᠦᠴᠢᠯᠡᠪᠡ᠃ ᠣᠯᠠᠩᠬᠢ ᠨᠢ ᠬᠠᠭᠤᠴᠢᠨ ᠨᠠᠶᠢᠵᠠ᠂ ᠵᠠᠷᠢᠮ ᠨᠢ ᠡᠮᠦᠨᠡᠬᠡᠨ ᠰᠠᠶ᠋ᠢ ᠠᠭᠤᠯᠵᠠᠵᠤ ᠥᠩᠭᠡᠷᠡᠭᠰᠡᠨ᠂ | ᠵᠠᠷᠢᠮ ᠨᠢ ᠤᠳᠠᠯ ᠦᠭᠡᠢ ᠪᠠᠰᠠ ᠠᠭᠤᠯᠵᠠᠬᠤ ᠪᠣᠯᠣᠨ᠎ᠠ᠃ | ᠪᠠᠶᠠᠷ ᠤᠨ ᠶᠣᠰᠣᠯᠠᠯ ᠲᠡᠭᠦᠰᠦᠭᠰᠡᠨ ᠲᠡᠷᠡ ᠦᠳᠡ ᠶᠢᠨ ᠬᠤᠶᠢᠨ᠎ᠠ ᠠᠴᠠ ᠡᠬᠢᠯᠡᠨ᠂ ᠰᠧᠷᠪᠢᠶ᠎ᠠ᠂ ᠪᠢᠷᠮᠠ᠂ | ᠺᠦᠪᠡ᠂ ᠸᠧᠨᠧᠽᠦ᠋ᠧᠯᠠ᠂ ᠰᠯᠦᠸᠠᠺᠢᠶᠠ ᠶᠢᠨ ᠤᠳᠤᠷᠢᠳᠬᠤ ᠬᠥᠮᠥᠨ ᠤᠷᠢᠳ ᠬᠤᠵᠢᠳ ᠲᠡᠷᠢᠭᠦᠯᠡᠭᠴᠢ ᠰᠢ ᠶᠢᠨ | ᠫᠢᠩ ᠤᠨ ᠪᠠᠭᠤᠭᠰᠠᠨ ᠵᠣᠴᠢᠳ ᠤᠨ ᠪᠠᠭᠤᠳᠠᠯ ᠳᠤ ᠬᠦᠷᠴᠦ ᠢᠷᠡᠨ ᠠᠭᠤᠯᠵᠠᠪᠠ᠃ | ᠤᠯᠤᠰ ᠤᠨ ᠲᠤᠭ ᠡᠮᠬᠢ ᠵᠢᠷᠤᠮ ᠲᠠᠢ ᠰᠣᠯᠢᠭᠳᠠᠵᠤ᠂ ᠠᠭᠤᠯᠵᠠᠯᠲᠠ ᠶᠢᠨ ᠲᠢᠩᠬᠢᠮ ᠤᠨ ᠡᠭᠦᠳᠡ ᠨᠡᠭᠡᠭᠡᠭᠳᠡᠨ | ᠬᠠᠭᠠᠭᠳᠠᠨ᠎ᠠ᠃ ᠮᠣᠰᠺᠸᠠ ᠳᠠᠬᠢ ᠭᠠᠷ ᠠᠳᠬᠤᠯᠴᠠᠭᠰᠠᠨ ᠴᠠᠭ ᠮᠥᠴᠡ ᠳᠤ᠂ ᠰᠢᠯᠵᠢᠰᠢ ᠦᠭᠡᠢ ᠬᠥᠷᠰᠢ | ᠵᠡᠷᠭᠡᠯᠡᠳᠡᠭᠡ ᠤᠯᠤᠰ ᠪᠠᠶᠢᠬᠤ ᠪᠥᠭᠡᠳ ᠪᠠᠰᠠ ︽ᠲᠡᠭᠷᠢ ᠶᠢᠨ ᠬᠢᠵᠠᠭᠠᠷ ᠲᠤ ᠪᠠᠶᠢᠭᠰᠠᠨ ᠴᠦ ᠬᠥᠷᠰᠢ ᠵᠡᠷᠭᠡᠯᠡᠳᠡᠭᠡ | ᠤᠯᠤᠰ ᠮᠡᠲᠦ︾ ᠠᠯᠤᠰ ᠬᠤᠯᠠ ᠶᠢᠨ ᠤᠯᠤᠰ ᠴᠤ ᠪᠤᠢ᠃ | ᠬᠤᠶᠠᠷ ᠲᠠᠯ᠎ᠠ ᠶᠢᠨ ᠬᠠᠷᠢᠯᠴᠠᠭᠠᠨ ᠤ ᠠᠯᠬᠤᠮ ᠪᠦᠷᠢ ᠶᠢᠨ ᠰᠣᠩᠭᠤᠯᠲᠠ ᠨᠢ ᠴᠥᠮ ᠰᠦᠷ ᠳᠠᠯᠠᠶᠢᠴᠠᠲᠠᠢ ᠴᠠᠭ | ᠦᠶ᠎ᠡ ᠶᠢᠨ ᠶᠡᠭᠡ ᠤᠷᠤᠰᠬᠠᠯ ᠳᠤᠮᠳᠠ᠂ ᠳᠡᠯᠡᠬᠡᠢ ᠶᠢᠨ ᠪᠠᠶᠢᠷᠢᠰᠢᠯ ᠤᠨ ᠶᠡᠭᠡ ᠪᠣᠷᠣ ᠲᠥᠯᠥᠪ ᠤᠨ ᠳᠣᠣᠷ᠎ᠠ | ᠶᠠᠪᠤᠭᠳᠠᠵᠤ ᠪᠠᠶᠢᠨ᠎ᠠ᠃ ᠬᠥᠮᠥᠰ ᠤᠨ ᠡᠮᠦᠨ᠎ᠡ ᠲᠠᠯᠪᠢᠭᠳᠠᠵᠤ ᠪᠠᠶᠢᠭ᠎ᠠ ᠨᠢ ᠵᠠᠪᠠᠯ ᠬᠠᠷᠢᠭᠤᠯᠬᠤ ᠬᠤᠶᠠᠷ ᠰᠡᠳᠦᠪ | ᠪᠣᠯᠣᠨ᠎ᠠ᠃ | ᠨᠢᠭᠡ ᠰᠡᠳᠦᠪ᠄ ᠭᠠᠯᠵᠠᠭᠤᠷᠠᠭᠰᠠᠨ ᠮᠡᠲᠦ ᠬᠠᠮᠠᠭᠠᠯᠠᠬᠤ ᠦᠵᠡᠯ ᠤᠨ ᠡᠮᠦᠨ᠎ᠡ᠂ ᠠᠵᠤ ᠠᠬᠤᠢ ᠶᠢᠨ | ᠳᠡᠯᠡᠬᠡᠶᠢᠵᠢᠯᠲᠡ ᠶᠢ ᠦᠷᠭᠦᠯᠵᠢᠯᠡᠨ ᠰᠣᠩᠭᠤᠬᠤ ᠶᠢ ᠪᠠᠷᠢᠮᠲᠠᠯᠠᠬᠤ ᠦᠦ︖ | ᠡᠨᠡ ᠪᠣᠯ ᠠᠭᠤᠯᠵᠠᠯᠲᠠ ᠶᠢᠨ ᠳᠤᠮᠳᠠ ᠲᠣᠭᠤᠷᠢᠵᠤ ᠭᠠᠷᠴᠤ ᠴᠢᠳᠠᠬᠤ ᠦᠭᠡᠢ ᠶᠠᠷᠢᠶᠠᠨ ᠤ ᠰᠡᠳᠦᠪ ᠮᠥᠨ᠂ | ᠡᠭᠦᠨ ᠳᠤ ᠴᠥᠭᠡᠨ ᠪᠤᠰᠤ ᠤᠯᠤᠰ ᠲᠦᠷᠦ ᠶᠢᠨ ᠴᠢᠬᠤᠯᠠ ᠬᠥᠮᠥᠰ ᠥᠪᠡᠷ ᠤᠨ ᠦᠵᠡᠯᠲᠡ ᠪᠠᠨ ᠳᠡᠯᠭᠡᠪᠡ᠃ ᠨᠢᠭᠡ | ᠡᠳᠦᠷ ᠤᠨ ᠡᠮᠦᠨ᠎ᠡ᠂ ᠶᠡᠷᠦᠩᠬᠡᠶᠢᠯᠡᠭᠴᠢ ᠫᠦᠲ᠋ᠢᠨ᠄ ︽ᠥᠨᠳᠥᠷ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠨᠢ | ᠬᠡᠪ ᠤᠨ ᠶᠣᠰᠣ ᠠᠴᠠ ᠵᠥᠷᠢᠴᠡᠬᠦ ᠪᠥᠭᠡᠳ ᠬᠠᠤᠯᠢ ᠳᠤ ᠨᠡᠶᠢᠴᠡᠬᠦ ᠦᠭᠡᠢ᠂ ᠵᠥᠪᠭᠡᠨ ᠥᠪᠡᠷ ᠢ ᠪᠠᠨ ᠵᠠᠯᠭᠢᠬᠤ | ᠶᠠᠪᠤᠳᠠᠯ ᠪᠣᠯᠣᠨ᠎ᠠ︾ ᠭᠡᠵᠦ ᠰᠢᠭᠤᠳ ᠬᠡᠯᠡᠪᠡ᠃ | ᠳᠤᠮᠳᠠᠳᠤ ᠤᠯᠤᠰ ᠪᠣᠯᠣᠨ ᠡᠸᠦ᠋ᠷᠦᠫᠡ ᠲᠢᠪ᠂ ᠪᠦᠭᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ | ᠪᠠᠶᠢᠭᠤᠯᠤᠮᠵᠢ ᠪᠣᠯᠣᠨ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠬᠤ ᠬᠦᠨᠳᠦ | ᠡᠭᠦᠷᠭᠡ ᠶᠢ ᠡᠭᠦᠷᠭᠡᠯᠡᠵᠦ ᠪᠠᠶᠢᠨ᠎ᠠ᠃ ᠰᠯᠤᠸᠠᠺᠢᠶᠠ ᠶᠢᠨ ᠶᠡᠷᠦᠩᠬᠡᠢ ᠰᠠᠶᠢᠳ ᠹᠧᠶᠢᠽᠦ᠋ᠸᠧ᠂ ︽ᠳᠤᠷᠠᠲᠠᠶ᠎ᠠ | ᠳᠤᠮᠳᠠᠳᠤ ᠤᠯᠤᠰ ᠲᠠᠢ ᠬᠠᠮᠲᠤ ᠪᠠᠷ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠴᠢᠯᠦᠭᠡᠲᠦ ᠠᠷᠠᠯᠵᠢᠶᠠᠨ ᠤ | ᠳᠦᠷᠢᠮ ᠢ ᠬᠠᠮᠠᠭᠠᠯᠠᠵᠤ᠂ ᠳᠡᠯᠡᠬᠡᠢ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠲᠣᠭᠲᠠᠭᠤᠨ ᠢ ᠬᠠᠮᠠᠭᠠᠯᠠᠨ᠎ᠠ︾ ᠭᠡᠵᠦ ᠡᠷᠡᠰ ᠴᠢᠩᠭ᠎ᠠ ᠢᠯᠡᠳᠬᠡᠪᠡ᠃ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ | ᠮᠣᠰᠺᠸᠠ ᠳᠤ ᠬᠦᠷᠴᠦ᠂ ᠲᠡᠷᠢᠭᠦᠯᠡᠭᠴᠢ ᠰᠢ ᠶᠢᠨ ᠫᠢᠩ ᠲᠠᠢ ᠳᠠᠬᠢᠨᠲᠠ ᠠᠭᠤᠯᠵᠠᠭᠰᠠᠨ ᠪᠥᠭᠡᠳ ︽ | ᠰᠧᠷᠪᠢᠶ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠪᠦᠯᠬᠦᠮᠳᠡᠵᠦ ᠪᠠᠶᠢᠭᠠᠳ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ ᠤᠨ ᠠᠪᠴᠢᠷᠠᠭᠰᠠᠨ ᠥᠷᠢᠰᠦᠯᠳᠦᠭᠡᠨ ᠢ ᠠᠷᠭᠠᠴᠠᠭᠠᠨ᠎ᠠ︾ ᠭᠡᠵᠦ ᠳᠠᠬᠢᠨᠲᠠ ᠴᠢᠬᠤᠯᠠᠴᠢᠯᠠᠪᠠ᠃ | ︽ᠬᠦᠴᠢᠷ ᠪᠡᠷᠬᠡᠰᠢᠶᠡᠯ ᠢ ᠲᠤᠭᠤᠯᠤᠨ ᠭᠡᠭᠡᠨ ᠰᠠᠷᠠᠭᠤᠯ ᠲᠡᠶᠢᠰᠢ ᠤᠷᠤᠭᠰᠢᠯᠠᠬᠤ ᠶᠢᠨ ᠬᠠᠮᠤᠭ ᠤᠨ ᠬᠦᠴᠦᠷᠬᠡᠭ | ᠬᠦᠴᠦᠨ ᠪᠣᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠠᠪᠤᠳᠠᠯ ᠪᠣᠯᠣᠨ᠎ᠠ᠂ ᠬᠠᠮᠤᠭ ᠤᠨ ᠪᠦᠲᠦᠮᠵᠢᠲᠡᠢ | ᠠᠷᠭ᠎ᠠ ᠪᠣᠯ ᠦᠨᠡᠨ ᠰᠡᠳᠬᠢᠯ ᠠᠴᠠ ᠪᠠᠨ ᠳᠡᠮᠵᠢᠯᠴᠡᠨ ᠲᠤᠰᠠᠯᠠᠯᠴᠠᠬᠤ ᠶᠠᠪᠤᠳᠠᠯ ᠪᠣᠯᠣᠨ᠎ᠠ︾ ᠭᠡᠵᠦ ᠲᠡᠷᠢᠭᠦᠯᠡᠭᠴᠢ | ᠰᠢ ᠶᠢᠨ ᠫᠢᠩ ᠬᠡᠯᠡᠪᠡ᠃ | ᠲᠡᠦᠬᠡ ᠶᠢ ᠡᠷᠡᠯᠬᠡᠭ ᠵᠣᠷᠢᠬᠲᠠᠳ ᠡᠭᠦᠳᠦᠨ ᠪᠦᠲᠦᠭᠡᠭᠰᠡᠨ ᠶᠤᠮ᠃ ᠳᠤᠮᠳᠠᠳᠤ ᠤᠯᠤᠰ ᠤᠨ ᠢᠮᠠᠭᠲᠠ | ᠪᠠᠷᠢᠮᠲᠠᠯᠠᠭᠰᠠᠭᠠᠷ ᠢᠷᠡᠭᠰᠡᠨ ︽ᠨᠡᠭᠡᠭᠡᠯᠲᠡ ᠬᠢᠵᠦ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠲᠡᠭᠦ︾ ᠵᠣᠭᠰᠣᠯᠲᠠ ᠨᠢ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ ᠮᠠᠰᠢ ᠬᠤᠪᠣᠷ ᠨᠠᠨᠳᠢᠨ ᠵᠦᠢᠯ ᠶᠤᠮ᠃ | ᠲᠡᠷᠢᠭᠦᠯᠡᠭᠴᠢ ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ︽ | ᠠᠵᠤ ᠠᠬᠤᠢ ᠶᠢᠨ ᠳᠡᠯᠡᠬᠡᠶᠢᠵᠢᠯᠲᠡ ᠶᠢᠨ ᠦᠷ᠎ᠡ ᠪᠦᠲᠦᠭᠡᠯ ᠢ ᠬᠠᠮᠠᠭᠠᠯᠠᠨ᠎ᠠ︾ ᠭᠡᠵᠦ ᠲᠣᠳᠣᠷᠬᠠᠢ ᠢᠯᠡᠳᠬᠡᠪᠡ᠃ | ᠠᠭᠤᠯᠵᠠᠯᠲᠠ ᠬᠢᠬᠦ ᠦᠶᠡᠰ᠂ ᠭᠠᠳᠠᠭᠠᠳᠤ ᠶᠢᠨ ᠤᠯᠤᠰ ᠲᠦᠷᠦ ᠶᠢᠨ ᠴᠢᠬᠤᠯᠠ ᠬᠥᠮᠥᠰ ︽ᠨᠢᠭᠡ ᠪᠦᠰᠡ ᠨᠢᠭᠡ | ᠵᠠᠮ︾᠂ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠵᠡᠷᠭᠡ ᠤᠬᠠᠭᠳᠠᠬᠤᠨ ᠢ ᠶᠠᠷᠢᠪᠠ᠃ ᠠᠷᠠᠯᠵᠢᠶᠠᠨ ᠤ ᠪᠠᠬᠢᠯᠡᠯᠲᠡ ᠳᠤ ᠥᠨᠥᠴᠢᠨ ᠠᠷᠠᠯ ᠪᠠᠶᠢᠭᠤᠯᠬᠤ᠂ | ᠮᠡᠷᠭᠡᠵᠢᠯ ᠤᠨ ᠡᠵᠡᠷᠬᠡᠭᠯᠡᠯ ᠢᠶᠠᠷ ᠥᠨᠳᠥᠷ ᠬᠡᠷᠡᠮ ᠪᠣᠰᠬᠠᠵᠤ ᠪᠠᠶᠢᠭ᠎ᠠ ᠤᠳᠤ ᠦᠶ᠎ᠡ ᠳᠤ᠂ ᠳᠤᠮᠳᠠᠳᠤ ᠤᠯᠤᠰ ᠤᠨ | ᠠᠵᠠ ᠲᠣᠭᠢᠶᠠᠯ᠂ ᠳᠤᠮᠳᠠᠳᠤ ᠤᠯᠤᠰ ᠤᠨ ᠬᠠᠷᠢᠭᠤᠴᠠᠯᠭ᠎ᠠ᠂ ᠠᠰᠢᠭ ᠬᠦᠷᠲᠡᠭᠡᠯ ᠨᠢ ᠵᠥᠪᠭᠡᠨ ᠬᠤᠶᠠᠷ | ᠲᠠᠯ᠎ᠠ ᠶᠢᠨ ᠬᠢ ᠪᠢᠰᠢ᠂ ᠪᠠᠰᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠳᠤ | ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠳᠡᠯᠡᠬᠡᠢ ᠶᠢᠨ ᠠᠵᠤ ᠠᠬᠤᠢ ᠶᠢᠨ ᠰᠥᠷᠭᠡᠦ ᠤᠷᠤᠰᠬᠠᠯ ᠠᠴᠠ ᠭᠠᠷᠬᠤ ᠶᠢ | ᠬᠦᠴᠦᠯᠡᠨ ᠠᠬᠢᠭᠤᠯᠵᠤ ᠪᠠᠶᠢᠨ᠎ᠠ᠃ | ᠨᠥᠭᠦᠭᠡ ᠨᠢᠭᠡ ᠰᠡᠳᠦᠪ᠄ ᠲᠠᠰᠤᠷᠠᠯᠲᠠ ᠦᠭᠡᠢ ᠲᠣᠯᠣᠭᠠᠢ ᠥᠨᠳᠡᠶᠢᠵᠦ ᠪᠠᠶᠢᠭ᠎ᠠ ᠬᠦᠴᠦᠷᠬᠡᠭᠯᠡᠯ ᠤᠨ ᠤᠯᠤᠰ | ᠲᠥᠷᠥ ᠶᠢᠨ ᠡᠮᠦᠨ᠎ᠡ᠂ ᠳᠡᠯᠡᠬᠡᠢ ᠶᠢᠨ ᠬᠤᠶᠠᠳᠤᠭᠠᠷ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠳᠤ | ᠬᠡᠷᠬᠢᠨ ᠵᠥᠪ ᠬᠠᠨᠳᠤᠬᠤ ᠪᠤᠶ︖ | ᠥᠨᠥᠳᠥᠷ ᠤᠨ ᠳᠡᠯᠡᠬᠡᠢ ᠶᠢᠷᠲᠢᠨᠴᠦ ᠶᠢᠨ ᠬᠠᠮᠤᠭ ᠤᠨ ᠦᠨᠳᠦᠰᠦᠨ ᠥᠷᠢᠰᠦᠯᠳᠦᠭᠡᠨ ᠪᠣᠯ ᠡᠮᠬᠢ ᠳᠢᠭᠯᠢᠮ ᠤᠨ | ᠥᠷᠢᠰᠦᠯᠳᠦᠭᠡᠨ ᠪᠣᠯᠣᠨ᠎ᠠ᠃ ᠳᠡᠯᠡᠬᠡᠢ ᠶᠢᠨ ᠬᠤᠶᠠᠳᠤᠭᠠᠷ ᠶᠡᠭᠡ ᠳᠠᠶᠢᠨ ᠤ ᠢᠯᠠᠯᠲᠠ ᠶᠢᠨ ᠦᠷ᠎ᠡ ᠪᠦᠲᠦᠭᠡᠯ ᠤᠨ | ᠲᠥᠪᠯᠡᠷᠡᠩᠭᠦᠢ ᠢᠯᠡᠷᠡᠯ ᠪᠣᠯᠤᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠣᠯᠠᠨ | ᠤᠯᠤᠰ ᠤᠨ ᠰᠢᠰᠲ᠋ᠧᠮ ᠤᠷᠢᠳ ᠡᠮᠦᠨ᠎ᠡ ᠪᠠᠶᠢᠭ᠎ᠠ ᠦᠭᠡᠢ ᠳᠠᠭᠠᠷᠢᠯᠲᠠ ᠳᠤ ᠤᠴᠠᠷᠠᠪᠠ᠃ | ᠠᠶᠢᠯᠴᠢᠯᠠᠯᠲᠠ ᠬᠢᠬᠦ ᠲᠠᠰᠢᠷᠠᠮ ᠢᠶᠠᠷ᠂ ᠲᠡᠷᠢᠭᠦᠯᠡᠭᠴᠢ ᠰᠢ ᠶᠢᠨ ᠫᠢᠩ᠄ ︽ᠳᠡᠯᠡᠬᠡᠢ ᠶᠢᠨ ᠪᠠᠶᠢᠳᠠᠯ ᠬᠡᠳᠦᠢ | ᠡᠭᠡᠳᠡᠷᠡᠭᠡᠨ ᠪᠤᠳᠤᠯᠢᠶᠠᠨᠲᠠᠢ ᠪᠤᠯᠬᠤ ᠲᠤᠳᠤᠮ᠂ ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ | ᠰᠦᠷ ᠢ ᠲᠡᠳᠦᠢ ᠪᠠᠷᠢᠮᠲᠠᠯᠠᠨ ᠬᠠᠮᠠᠭᠠᠯᠠᠬᠤ ᠬᠡᠷᠡᠭᠲᠡᠢ︾ ᠭᠡᠵᠦ ᠭᠦᠨᠵᠡᠭᠡᠢ ᠵᠢᠭᠠᠵᠤ ᠭᠠᠷᠭᠠᠪᠠ᠃ | ᠳᠡᠯᠡᠬᠡᠢ ᠶᠢᠷᠲᠢᠨᠴᠦ ᠲᠥᠪ ᠭᠤᠣᠯᠴᠢ ᠪᠠᠶᠢᠬᠤ ᠬᠡᠷᠡᠭᠲᠡᠢ᠂ ᠬᠠᠷᠭᠢᠰ ᠬᠡᠷᠴᠡᠭᠡᠢ ᠪᠠᠶᠢᠵᠤ ᠪᠤᠯᠬᠤ ᠦᠭᠡᠢ᠂ | ᠲᠡᠦᠬᠡ ︽ᠬᠦᠴᠦᠷᠬᠡᠭᠯᠡᠯ ᠪᠣᠯ ᠨᠡᠶᠢᠲᠡ ᠶᠢᠨ ᠶᠣᠰᠣ︾ ᠭᠡᠬᠦ ᠪᠠᠯᠠᠷ ᠬᠠᠷᠠᠩᠭᠤᠢ ᠴᠠᠭ ᠦᠶ᠎ᠡ ᠳᠤ ᠪᠤᠴᠠᠵᠤ ᠪᠤᠯᠬᠤ | ᠦᠭᠡᠢ᠃ ᠬᠠᠮᠲᠤ ᠶᠢᠨ ᠬᠦᠰᠡᠯ ᠱᠠᠭᠠᠷᠳᠠᠯᠭ᠎ᠠ ᠪᠣᠯ ᠪᠠᠰᠠ ᠴᠤ ᠬᠥᠭᠵᠢᠯᠲᠡ ᠶᠢᠨ ᠶᠡᠭᠡ ᠬᠠᠨᠳᠤᠰᠢ ᠶᠢ ᠳᠠᠭᠠᠬᠰᠠᠨ | ᠶᠡᠭᠡ ᠶᠣᠰᠣ ᠮᠥᠨ᠃ | ᠲᠡᠦᠬᠡ ᠠᠴᠠ ᠣᠶᠤᠨ ᠤᠬᠠᠭᠠᠨ ᠭᠦᠷᠳᠡᠨ᠎ᠡ᠃ ᠪᠢᠷᠮᠠ ᠶᠢᠨ ᠤᠳᠤᠷᠢᠳᠬᠤ ᠬᠥᠮᠥᠨ ᠮᠢᠨ ᠠᠩ ᠯᠠᠢ ᠲᠠᠢ | ᠠᠭᠤᠯᠵᠠᠬᠤ ᠳᠠᠭᠠᠨ᠂ ᠲᠡᠷᠢᠭᠦᠯᠡᠭᠴᠢ ᠰᠢ ᠶᠢᠨ ᠫᠢᠩ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ | ᠪᠣᠯᠣᠨ ᠪᠠᠨᠳᠦ᠋ᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠦᠨ᠎ᠡ ᠦᠷᠳᠡᠭ ᠢ ᠴᠢᠬᠤᠯᠠᠴᠢᠯᠠᠵᠤ᠂ ᠬᠤᠶᠠᠷ | ᠲᠠᠯ᠎ᠠ ᠪᠠᠷ ᠢᠶᠠᠨ ᠬᠥᠭᠵᠢᠵᠦ ᠪᠠᠶᠢᠭ᠎ᠠ ᠤᠯᠤᠰ ᠤᠳ ᠤᠨ ᠵᠦᠢ ᠶᠣᠰᠣᠨ ᠤ ᠡᠷᠬᠡ ᠠᠰᠢᠭ ᠢ ᠬᠠᠮᠲᠤ ᠪᠠᠷ | ᠬᠠᠮᠠᠭᠠᠯᠠᠬᠤ ᠶᠢ ᠰᠠᠨᠠᠭᠠᠴᠢᠯᠠᠪᠠ᠃ | ᠪᠣᠳᠠᠲᠤ ᠠᠬᠤᠢ ᠶᠢᠨ ᠳᠤᠮᠳᠠ ᠰᠥᠰᠥ ᠵᠣᠷᠢᠭ ᠢᠶᠠᠨ ᠳᠠᠪᠲᠠᠨ ᠪᠣᠯᠪᠠᠰᠤᠷᠠᠭᠤᠯᠤᠨ᠎ᠠ᠃ ᠯᠠᠲ᠋ᠢᠨ ᠠᠮᠧᠷᠢᠺᠠ ᠪᠠ | ᠺᠠᠷᠢᠪᠧ ᠶᠢᠨ ᠤᠯᠤᠰ ᠤᠳ ᠣᠶᠢᠷ᠎ᠠ ᠶᠢᠨ ᠵᠢᠯ ᠤᠳ ᠲᠤ ᠭᠠᠭᠴᠠ ᠲᠠᠯ᠎ᠠ ᠶᠢᠨ ᠵᠠᠯᠬᠠᠭᠠᠯ᠂ ᠡᠵᠡᠷᠬᠡᠬᠦ ᠡᠷᠬᠡ ᠶᠢᠨ | ᠳᠠᠷᠤᠯᠠᠯ ᠳᠣᠷᠣᠮᠵᠢᠯᠠᠯ ᠢ ᠬᠠᠰᠢᠷᠠᠲᠠᠯ᠎ᠠ ᠠᠮᠰᠠᠵᠠᠢ᠃ ᠺᠦᠪᠡ ᠶᠢᠨ ᠤᠯᠤᠰ ᠤᠨ ᠲᠡᠷᠢᠭᠦᠯᠡᠭᠴᠢ ᠳ᠋ᠢᠶᠠᠰ — | ᠺᠠᠨᠦ᠋ᠢᠷ᠂ ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠲᠤᠰ ᠲᠤᠰ ᠠᠭᠤᠯᠵᠠᠬᠤ ᠳᠠᠭᠠᠨ᠂ | ᠲᠡᠷᠢᠭᠦᠯᠡᠭᠴᠢ ᠰᠢ ᠶᠢᠨ ᠫᠢᠩ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠴᠥᠮ ᠡᠷᠬᠡ ᠮᠡᠳᠡᠯ ᠲᠠᠢ | ᠲᠤᠰᠠᠭᠠᠷ ᠲᠣᠭᠲᠠᠨᠢᠭᠰᠠᠨ ᠤᠯᠤᠰ ᠮᠥᠨ᠂ ᠠᠯᠢ ᠨᠢᠭᠡᠨ ᠤᠯᠤᠰ ᠲᠤ ᠬᠠᠷᠢᠶᠠᠯᠠᠭᠳᠠᠬᠤ ᠦᠭᠡᠢ᠃ ᠲᠡᠷᠡ | ᠳᠤᠮᠳᠠᠳᠤ ᠶᠢᠨ ᠲᠠᠯ᠎ᠠ ᠶᠢᠨ ᠬᠢᠨ ᠺᠦᠪᠡ᠂ ᠸᠧᠨᠧᠽᠦ᠋ᠧᠯᠠ ᠶᠢᠨ ᠤᠯᠤᠰ ᠤᠨ ᠡᠷᠬᠡ ᠮᠡᠳᠡᠯ ᠪᠣᠯᠣᠨ ᠦᠨᠳᠦᠰᠦᠲᠡᠨ ᠤ | ᠨᠡᠷ᠎ᠡ ᠬᠦᠨᠳᠦ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠬᠤᠶᠠᠷ ᠤᠯᠤᠰ ᠤᠨ ᠠᠷᠠᠳ ᠲᠦᠮᠡᠨ ᠤ ᠭᠠᠳᠠᠭᠠᠳᠤ ᠶᠢᠨ | ᠭᠠᠷ ᠳᠦᠷᠦᠯᠲᠡ ᠶᠢ ᠡᠰᠡᠷᠭᠦᠴᠡᠬᠦ ᠶᠢ ᠡᠷᠡᠰ ᠳᠡᠮᠵᠢᠨ᠎ᠠ ᠭᠡᠵᠦ ᠳᠠᠪᠲᠠᠨ ᠢᠯᠡᠷᠬᠡᠶᠢᠯᠡᠪᠡ᠃ | ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠤᠳᠤᠮ ᠤᠯᠠᠮᠵᠢᠯᠠᠯ ᠢ ᠲᠠᠰᠤᠯᠵᠤ ᠳᠡᠶᠢᠯᠭᠦ ᠦᠭᠡᠢ᠃ ᠲᠠᠶᠢᠸᠠᠨ | ᠳᠤᠮᠳᠠᠳᠤ ᠤᠯᠤᠰ ᠲᠤ ᠪᠤᠴᠠᠵᠤ ᠢᠷᠡᠭᠰᠡᠨ ᠶᠠᠪᠤᠳᠠᠯ ᠪᠣᠯ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ | ᠦᠷ᠎ᠡ ᠪᠦᠲᠦᠭᠡᠯ ᠪᠠ ᠲᠠᠶᠢᠨ ᠤ ᠳᠠᠷᠠᠭᠠᠬᠢ ᠤᠯᠠᠨ ᠤᠯᠤᠰ ᠤᠨ ᠡᠮᠬᠢ ᠳᠢᠭᠯᠢᠮ ᠤᠨ ᠴᠢᠬᠤᠯᠠ ᠪᠦᠷᠢᠯᠳᠦᠭᠦᠨ ᠬᠡᠰᠡᠭ | ᠮᠥᠨ᠂ ᠲᠡᠦᠬᠡ ᠶᠢᠨ ᠠᠯᠢ ᠡᠷᠲᠡ ᠲᠣᠳᠣᠷᠬᠠᠢ ᠪᠢᠴᠢᠭᠳᠡᠭᠰᠡᠨ ᠠᠭᠤᠯᠠ ᠤᠰᠤᠨ ᠤ ᠬᠠᠷᠢᠶᠠᠯᠠᠯ ᠮᠥᠨ᠃ ᠨᠢᠭᠡ ᠯᠡ | ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠬᠤ ᠪᠣᠯ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠶᠢᠨ | ᠪᠠᠶᠢᠪᠠᠰᠤ ᠵᠣᠬᠢᠬᠤ ᠠᠭᠤᠯᠭ᠎ᠠ ᠮᠥᠨ᠃ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠦᠭᠡ | ᠬᠡᠯᠡᠯᠭᠡ ᠢᠳᠡ ᠬᠦᠴᠦᠨ ᠲᠠᠢ᠄ | ︽ᠲᠠᠶᠢᠸᠠᠨ ᠠᠷᠠᠯ ᠤᠨ ᠳᠣᠲᠣᠭᠠᠳᠤ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠭᠠᠳᠠᠭᠠᠳᠤ ᠶᠢᠨ | ᠬᠦᠴᠦᠨ ᠶᠠᠭᠠᠬᠢᠵᠤ ᠲᠦᠢᠪᠡᠭᠡᠭᠰᠡᠨ ᠴᠦ᠂ ᠳᠤᠮᠳᠠᠳᠤ ᠤᠯᠤᠰ ᠡᠴᠦᠰ ᠲᠡᠭᠡᠨ ᠨᠢᠭᠡᠳᠬᠦ ᠪᠥᠭᠡᠳ ᠯᠠᠪᠲᠠᠢ ᠨᠢᠭᠡᠳᠬᠦ | ᠲᠡᠦᠬᠡ ᠶᠢᠨ ᠶᠡᠭᠡ ᠬᠠᠨᠳᠤᠰᠢ ᠬᠤᠷᠢᠭᠯᠠᠭᠳᠠᠰᠢ ᠦᠭᠡᠢ ᠶᠤᠮ︾᠃ | ᠰᠢᠳᠤᠷᠭᠤ ᠶᠣᠰᠣᠨ ᠳᠠᠪᠠᠯᠭᠠᠨ ᠲᠦᠯᠬᠢᠯᠡᠬᠦ ᠮᠡᠲᠦ ᠬᠦᠴᠦᠲᠡᠢ᠃ ︽ᠨᠢᠭᠡ ᠯᠡ ᠳᠤᠮᠳᠠᠳᠤ ᠤᠯᠤᠰ ᠪᠠᠶᠢᠬᠤ | ᠵᠠᠷᠴᠢᠮ ᠢ ᠡᠷᠡᠰ ᠬᠡᠷᠡᠭᠵᠢᠭᠦᠯᠵᠦ᠂ ᠲᠠᠶᠢᠸᠠᠨ ᠤ ᠠᠰᠠᠭᠤᠳᠠᠯ ᠳᠡᠭᠡᠷ᠎ᠡ ᠢᠮᠠᠭᠲᠠ ᠳᠤᠮᠳᠠᠳᠤ ᠶᠢᠨ ᠲᠠᠯ᠎ᠠ ᠶᠢᠨ | ᠵᠣᠭᠰᠣᠯᠲᠠ ᠶᠢ ᠳᠡᠮᠵᠢᠨ᠎ᠡ︾᠂ ︽ᠲᠠᠶᠢᠸᠠᠨ ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ | ᠦᠭᠡᠢ ᠨᠢᠭᠡ ᠬᠡᠰᠡᠭ ᠮᠥᠨ︾ ᠁ ᠡᠯ᠎ᠡ ᠲᠠᠯ᠎ᠠ ᠶᠢᠨ ᠬᠢᠨ ᠮᠣᠰᠺᠸᠠ ᠳᠤ ᠢᠮᠠᠭᠲᠠ ᠶᠢᠨ ᠵᠣᠭᠰᠣᠯᠲᠠ ᠪᠠᠨ | ᠳᠠᠬᠢᠨᠲᠠ ᠢᠯᠡᠷᠬᠡᠶᠢᠯᠡᠪᠡ᠃ ᠡᠨᠡ ᠪᠣᠯ ᠲᠥᠪ ᠭᠤᠣᠯᠴᠢ ᠰᠢᠳᠤᠷᠭᠤ ᠶᠣᠰᠣᠨ ᠤ ᠡᠷᠡᠰ ᠪᠠᠲᠤ ᠬᠠᠮᠠᠭᠠᠯᠠᠯᠲᠠ | ᠮᠥᠨ᠃ | ᠡᠩᠬᠡ ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ ᠲᠦᠪᠰᠢᠨ ᠤ ᠤᠯᠠᠭᠠᠨ | ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ᠂ ᠲᠡᠦᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠵᠦ ᠠᠮᠵᠢᠭ᠎ᠠ | ᠦᠭᠡᠢ ᠪᠠᠶᠢᠬᠤ ᠳᠤ ᠰᠢᠨ᠎ᠡ ᠠᠰᠠᠭᠤᠳᠠᠯ ᠢᠯᠡᠷᠡᠵᠦ ᠪᠠᠶᠢᠬᠤ ᠶᠢᠷᠲᠢᠨᠴᠦ ᠳᠤ᠂ ᠭᠠᠯ ᠢ ᠳᠦᠷᠡᠯᠵᠡᠭᠦᠯᠬᠦ ᠶᠤᠮ ᠦᠦ | ᠡᠰᠡᠬᠦᠯ᠎ᠡ ᠡᠪᠰᠡᠬᠦ ᠶᠢ ᠢᠳᠬᠠᠬᠤ ᠶᠤᠮ ᠦᠦ᠂ ᠠᠶᠤᠯᠭᠠᠨ ᠰᠦᠷᠳᠡᠭᠦᠯᠬᠦ ᠶᠤᠮ ᠦᠦ ᠡᠰᠡᠬᠦᠯ᠎ᠡ ᠡᠰᠡᠷᠭᠦᠴᠡᠯᠳᠦᠯ ᠢ | ᠲᠠᠶᠠᠭᠳᠠᠬᠤ ᠶᠤᠮ ᠦᠦ︖ ᠳᠤᠮᠳᠠᠳᠤ ᠤᠯᠤᠰ ᠭᠤᠣᠯᠴᠢ ᠦᠭᠡ ᠬᠡᠯᠡᠵᠦ᠂ ᠭᠤᠣᠯᠴᠢ ᠶᠠᠪᠤᠳᠠᠯ ᠬᠢᠵᠦ᠂ | ᠯᠠᠪᠳᠠᠭᠤᠨ ᠢᠶᠠᠷ ᠤᠷᠤᠭᠰᠢᠯᠠᠵᠤ᠂ ᠲᠥᠪ ᠭᠤᠣᠯᠴᠢ ᠪᠠᠷ ᠬᠠᠨᠳᠤᠵᠤ ᠪᠤᠢ᠃ | ᠦᠺᠷᠠᠶᠢᠨ ᠤ ᠬᠢᠮᠤᠷᠠᠯ ᠦᠷᠭᠦᠯᠵᠢᠯᠡᠵᠦ ᠳᠡᠯᠡᠬᠡᠢ ᠳ᠋ᠠᠬᠢᠨ ᠢ ᠰᠠᠨᠠᠭᠠᠰᠢᠷᠠᠭᠤᠯᠵᠤ ᠪᠠᠶᠢᠨ᠎ᠠ᠃ ᠡᠩᠬᠡ | ᠲᠠᠶᠢᠪᠤᠩ ᠳᠤ ᠠᠰᠢᠭᠲᠠᠢ ᠴᠢᠷᠮᠠᠶᠢᠯᠭ᠎ᠠ ᠪᠦᠭᠦᠨ ᠢ ᠳᠤᠮᠳᠠᠳᠤ ᠤᠯᠤᠰ ᠴᠥᠮ ᠪᠠᠶᠠᠷᠯᠠᠨ ᠤᠭᠲᠤᠵᠤ ᠪᠠᠶᠢᠨ᠎ᠠ᠃ ︽ | ᠳᠤᠮᠳᠠᠳᠤ ᠤᠯᠤᠰ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠪᠦᠭᠦ ᠪᠥᠮᠪᠥᠷᠴᠡᠭ ᠤᠨ | ᠠᠮᠤᠷ ᠲᠦᠪᠰᠢᠨ ᠤ ᠦᠵᠡᠯᠲᠡ ᠶᠢ ᠰᠠᠨᠠᠭᠠᠴᠢᠯᠠᠵᠤ᠂ ᠡᠯ᠎ᠡ ᠤᠯᠤᠰ ᠤᠨ ᠵᠦᠢ ᠵᠣᠬᠢᠰᠲᠠᠢ ᠠᠮᠤᠷ ᠲᠦᠪᠰᠢᠨ ᠢ | ᠠᠩᠬᠠᠷᠤᠨ ᠬᠠᠯᠠᠮᠵᠢᠯᠠᠬᠤ ᠶᠢ ᠴᠢᠬᠤᠯᠠᠴᠢᠯᠠᠵᠤ᠂ ᠬᠢᠮᠤᠷᠠᠯ ᠡᠭᠦᠰᠬᠦ ᠦᠨᠳᠦᠰᠦ ᠰᠤᠷᠪᠤᠯᠵᠢ ᠶᠢ ᠠᠷᠢᠯᠭᠠᠬᠤ ᠬᠡᠷᠡᠭᠲᠡᠢ | ᠭᠡᠵᠦ ᠦᠵᠡᠵᠦ ᠪᠠᠶᠢᠨ᠎ᠠ︾᠃ ᠲᠡᠷᠢᠭᠦᠯᠡᠭᠴᠢ ᠰᠢ ᠶᠢᠨ ᠫᠢᠩ ᠠᠰᠠᠭᠤᠳᠠᠯ ᠤᠨ ᠦᠨᠳᠦᠰᠦ ᠰᠤᠷᠪᠤᠯᠵᠢ ᠪᠠ ᠮᠥᠨ | ᠴᠢᠨᠠᠷ ᠢ ᠠᠩᠬᠠᠷᠴᠤ ᠪᠠᠶᠢᠭ᠎ᠠ ᠶᠤᠮ᠃ | ᠳᠤᠮᠳᠠᠳᠤ ᠶᠢᠨ ᠲᠠᠯ᠎ᠠ ᠶᠢᠨ ᠪᠤᠰᠤᠳᠴᠢ ᠲᠥᠪ ᠭᠤᠣᠯᠴᠢ ᠵᠣᠭᠰᠣᠯᠲᠠ ᠶᠢ ᠶᠡᠷᠦᠩᠬᠡᠶᠢᠯᠡᠭᠴᠢ ᠫᠦᠲ᠋ᠢᠨ ᠳᠡᠭᠡᠳᠦ | ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠶᠠᠮᠠᠷᠴᠤ ᠤᠷᠢᠲᠠᠯ ᠦᠭᠡᠢ ᠪᠠᠷ ᠨᠠᠶᠢᠷᠠᠮᠳᠠᠯ ᠤᠨ ᠬᠡᠯᠡᠯᠴᠡᠭᠡ ᠶᠢ ᠡᠬᠢᠯᠡᠭᠦᠯᠬᠦ | ᠳᠤᠷᠠᠲᠠᠢ᠂ ᠲᠥᠪ ᠭᠤᠣᠯᠴᠢ᠂ ᠥᠨᠢ ᠤᠳᠠᠭᠠᠨ ᠤ ᠨᠠᠶᠢᠷᠠᠮᠳᠠᠯ ᠤᠨ ᠬᠡᠯᠡᠯᠴᠡᠭᠡᠷ ᠲᠣᠬᠢᠷᠠᠯᠴᠠᠬᠤ ᠶᠢ ᠬᠦᠰᠡᠵᠦ | ᠪᠠᠶᠢᠨ᠎ᠠ ᠭᠡᠵᠦ ᠢᠯᠡᠳᠬᠡᠪᠡ᠃ | ᠤᠷᠪᠠᠭᠠᠨ ᠬᠥᠷᠪᠡᠭᠡᠨ ᠲᠠᠢ ᠪᠠᠶᠢᠳᠠᠯ ᠤᠨ ᠳᠤᠮᠳᠠ ᠶᠣᠰᠣ ᠵᠢᠷᠤᠮ ᠢ ᠡᠷᠬᠢᠮᠯᠡᠵᠦ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠪᠡᠯ ᠳᠡᠮᠵᠢᠯᠭᠡ᠂ ᠢᠲᠡᠭᠡᠯ ᠢ ᠣᠯᠳᠠᠭ᠂ ︽ᠶᠣᠰᠣ ᠶᠢ ᠣᠯᠣᠭᠰᠠᠳ ᠲᠤ ᠲᠤᠰᠠᠯᠠᠮᠵᠢ | ᠦᠯᠡᠮᠵᠢ᠂ ᠶᠣᠰᠣ ᠶᠢ ᠠᠯᠳᠠᠭᠰᠠᠳ ᠲᠤ ᠲᠤᠰᠠᠯᠠᠮᠵᠢ ᠮᠡᠬᠦᠰ︾᠃ ︽ᠳᠡᠯᠡᠬᠡᠢ ᠶᠢᠨ ᠡᠯ᠎ᠡ ᠤᠯᠤᠰ ᠤᠨ ᠠᠷᠠᠳ | ᠲᠦᠮᠡᠨ ᠪᠦᠷ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ | ᠵᠣᠭᠰᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︾᠃ | ︵ᠳᠥᠷᠪᠡ︶ ᠲᠡᠷᠢᠭᠦᠯᠡᠭᠴᠢ ᠰᠢ ᠶᠢᠨ ᠫᠢᠩ ᠤᠨ ᠮᠣᠰᠺᠸᠠ ᠳᠠᠬᠢ ᠴᠠᠭ᠄ | ︽ᠲᠣᠮᠣ ᠤᠯᠤᠰ ᠨᠢ ᠲᠣᠮᠣ ᠤᠯᠤᠰ ᠤᠨ ᠳᠦᠷᠢ ᠲᠠᠢ ᠪᠠᠶᠢᠵᠤ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ ᠢ | ᠢᠯᠡᠷᠡᠭᠦᠯᠬᠦ ᠬᠡᠷᠡᠭᠲᠡᠢ︾ | ᠪᠠᠰᠠ ᠨᠢᠭᠡᠨ ᠵᠢᠯ ᠤᠨ ᠴᠠᠭᠠᠨ ᠬᠤᠰᠤ ᠨᠣᠭᠤᠭᠠᠷᠠᠵᠤ᠂ ᠭᠤᠣᠯᠲᠤ ᠪᠣᠷᠣ ᠳᠡᠯᠭᠡᠷᠡᠵᠦ᠂ ︽ᠠᠯᠢᠮ᠎ᠠ ᠶᠢᠨ | ᠴᠡᠴᠡᠭ ᠭᠠᠵᠠᠷ ᠰᠠᠢ ᠦᠭᠡᠢ ᠳᠡᠯᠭᠡᠷᠡᠭᠰᠡᠨ ᠪᠠᠶᠢᠨ᠎ᠠ︾᠃ | ᠤᠷᠤᠰ ᠲᠠᠬᠢ ᠠᠶᠠᠯᠠᠯ ᠤᠨ ᠬᠤᠶᠠᠷ ᠶᠠᠪᠤᠳᠠᠯ ᠨᠢ ᠳᠡᠯᠡᠬᠡᠢ ᠳ᠋ᠠᠬᠢᠨ ᠳᠤ ᠭᠦᠨ ᠰᠠᠭᠤᠭᠳᠠᠯ ᠦᠯᠡᠳᠡᠭᠡᠵᠡᠢ᠄ | ᠨᠢᠭᠡ ᠨᠢ ᠲᠡᠷᠢᠭᠦᠯᠡᠭᠴᠢ ᠰᠢ ᠶᠢᠨ ᠫᠢᠩ ᠪᠣᠯᠣᠨ ᠶᠡᠷᠦᠩᠬᠡᠶᠢᠯᠡᠭᠴᠢ ᠫᠦᠲ᠋ᠢᠨ 10 ᠴᠠᠭ ᠰᠢᠬᠠᠮ ᠰᠣᠯᠢᠯᠴᠠᠭ᠎ᠠ | ᠬᠢᠭᠰᠡᠨ ᠶᠠᠪᠤᠳᠠᠯ ᠪᠣᠯᠣᠨ᠎ᠠ᠃ | ᠨᠦᠭᠦᠭᠡ ᠨᠢ ᠲᠡᠷᠢᠭᠦᠯᠡᠭᠴᠢ ᠰᠢ ᠶᠢᠨ ᠫᠢᠩ ᠮᠣᠰᠺᠸᠠ ᠳᠤ 3 ᠰᠥᠨᠢ ᠰᠠᠭᠠᠲᠠᠭᠰᠠᠨ ᠶᠠᠪᠤᠳᠠᠯ ᠪᠣᠯᠣᠨ᠎ᠠ᠃ | ᠣᠷᠴᠢᠮ ᠤᠨ ᠵᠢᠯ ᠤᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠳᠤ ᠠᠷᠪᠢᠨ ᠬᠠᠷᠠᠭᠳᠠᠬᠤ ᠦᠭᠡᠢ᠃ | ᠡᠨᠡ ᠬᠤᠶᠠᠷ ᠶᠠᠪᠤᠳᠠᠯ ᠨᠢ ᠶᠠᠭᠤ ᠶᠢ ᠬᠠᠷᠠᠭᠤᠯᠵᠤ ᠪᠠᠶᠢᠬᠤ ᠪᠤᠢ︖ | ᠭᠠᠭᠴᠠ ᠲᠠᠯ᠎ᠠ ᠶᠢᠨ ᠪᠠ ᠤᠯᠠᠨ ᠲᠠᠯ᠎ᠠ ᠶᠢᠨ ᠬᠤᠷᠴᠠ ᠰᠢᠷᠦᠭᠦᠨ ᠦᠵᠡᠯᠴᠡᠭᠡᠨ᠂ ᠡᠵᠡᠷᠬᠡᠬᠦ ᠦᠵᠡᠯ ᠢ | ᠬᠠᠮᠠᠭᠠᠯᠠᠬᠤ ᠪᠠ ᠡᠵᠡᠷᠬᠡᠬᠦ ᠦᠵᠡᠯ ᠢ ᠡᠰᠡᠷᠭᠦᠴᠡᠬᠦ ᠭᠦᠨᠵᠡᠭᠡᠢ ᠦᠵᠡᠯᠴᠡᠭᠡᠨ ᠪᠦᠬᠦᠢ ᠤᠯᠠᠨ ᠤᠯᠤᠰ ᠤᠨ | ᠪᠠᠶᠢᠳᠠᠯ ᠠᠴᠠ ᠠᠪᠴᠤ ᠦᠵᠡᠪᠡᠯ᠂ ᠳᠤᠮᠳᠠᠳᠤ ᠤᠷᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠶᠢᠨ ᠪᠦᠭᠦ ᠪᠥᠮᠪᠥᠷᠴᠡᠭ ᠤᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ ᠲᠣᠳᠣᠷᠠᠵᠤ | ᠪᠠᠶᠢᠨ᠎ᠠ᠃ | ᠳᠡᠯᠡᠬᠡᠢ ᠶᠢᠨ ᠤᠯᠠᠨ ᠲᠦᠢᠯᠰᠢᠷᠠᠯᠲᠠ᠂ ᠠᠵᠤ ᠠᠬᠤᠢ ᠶᠢᠨ ᠳᠡᠯᠡᠬᠡᠶᠢᠵᠢᠯᠲᠡ᠂ ᠤᠯᠠᠨ ᠤᠯᠤᠰ ᠤᠨ | ᠬᠠᠷᠢᠯᠴᠠᠭᠠᠨ ᠤ ᠠᠷᠠᠳᠴᠢᠯᠠᠯᠲᠠ ᠶᠢ ᠠᠬᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ︔ | ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ | ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠳᠠᠬᠢ ᠦᠭᠡ ᠬᠡᠯᠡᠬᠦ | ᠡᠷᠬᠡ ᠶᠢ ᠳᠡᠭᠡᠭᠰᠢᠯᠡᠭᠦᠯᠭᠦ ᠪᠠᠷ ᠰᠠᠨᠠᠯ ᠨᠢᠭᠡᠲᠡᠢ ᠵᠥᠪᠰᠢᠶᠡᠷᠡᠪᠡ︔ | ᠡᠯ᠎ᠡ ᠲᠥᠷᠥᠯ ᠤᠨ ᠬᠠᠯᠠᠮᠰᠢᠯ ᠠᠰᠠᠭᠤᠳᠠᠯ ᠢ ᠤᠯᠤᠰ ᠲᠥᠷᠥ ᠪᠠᠷ ᠰᠢᠢᠳᠪᠦᠷᠢᠯᠡᠬᠦ ᠶᠢ ᠠᠬᠢᠭᠤᠯᠬᠤ ᠶᠢ ᠰᠠᠨᠠᠯ | ᠨᠢᠭᠡᠲᠡᠢ ᠵᠥᠪᠰᠢᠶᠡᠷᠡᠪᠡ︔ | ᠁ | ᠳᠤᠮᠳᠠᠳᠤ ᠤᠷᠤᠰ ᠬᠤᠶᠠᠷ ᠤᠯᠤᠰ ᠤᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯ ᠣᠷᠤᠭ᠎ᠠ ᠪᠤᠰᠬᠠᠭ᠎ᠠ | ᠪᠠᠶᠢᠳᠠᠯ ᠳᠣᠣᠷᠠᠬᠢ ᠪᠠᠶᠢᠯᠳᠤᠬᠤ ᠪᠣᠳᠣᠯᠭ᠎ᠠ ᠶᠢᠨ ᠪᠠᠷᠢᠮᠵᠢᠶ᠎ᠠ ᠮᠥᠨ᠂ ᠨᠡᠩ ᠴᠤ ᠬᠤᠶᠠᠷ ᠲᠣᠮᠣ ᠤᠯᠤᠰ ᠤᠨ | ᠳᠡᠯᠡᠬᠡᠢ ᠳ᠋ᠠᠬᠢᠨ ᠳᠠᠬᠢ ︽ᠣᠨᠴᠠᠭᠠᠢ ᠬᠠᠷᠢᠭᠤᠴᠠᠯᠭ᠎ᠠ︾᠂ ︽ᠣᠮᠤᠭ ᠲᠡᠭᠦᠯᠳᠡᠷ ᠡᠭᠦᠷᠭᠡᠯᠡᠯ︾ ᠮᠥᠨ᠃ | ︽ᠲᠣᠮᠣ ᠤᠯᠤᠰ ᠨᠢ ᠲᠣᠮᠣ ᠤᠯᠤᠰ ᠤᠨ ᠳᠦᠷᠢ ᠲᠠᠢ ᠪᠠᠶᠢᠵᠤ᠂ ᠨᠡᠩ ᠤᠯᠠᠨ ᠬᠠᠷᠢᠭᠤᠴᠠᠯᠭ᠎ᠠ ᠡᠭᠦᠷᠭᠡᠯᠡᠯ ᠢ | ᠢᠯᠡᠷᠡᠭᠦᠯᠬᠦ ᠬᠡᠷᠡᠭᠲᠡᠢ︾᠃ ᠲᠡᠷᠢᠭᠦᠯᠡᠭᠴᠢ ᠰᠢ ᠶᠢᠨ ᠫᠢᠩ ᠤᠨ ᠮᠣᠰᠺᠸᠠ ᠳᠠᠬᠢ ᠴᠠᠭ ᠲᠤ᠂ ᠳᠤᠮᠳᠠᠳᠤ ᠤᠯᠤᠰ ᠤᠨ | ᠲᠣᠮᠣ ᠤᠯᠤᠰ ᠤᠨ ᠳᠦᠷᠢ ᠪᠣᠯ ᠨᠢᠭᠡᠨ ᠭᠤᠣᠯ ᠱᠤᠭᠤᠮ ᠪᠣᠯᠣᠨ᠎ᠠ᠃ | ᠥᠷᠭᠡᠨ ᠠᠭᠤᠳᠠᠮ ᠳᠤᠮᠳᠠᠳᠤ ᠶᠢᠨ ᠲᠡᠦᠬᠡ ᠶᠠᠭᠠᠬᠢᠭᠰᠠᠨ ᠥᠨᠢ ᠤᠳᠠᠭᠠᠨ ᠪᠤᠢ᠂ ᠪᠣᠯᠪᠠᠰᠤᠨ ᠨᠢ ᠶᠠᠭᠠᠬᠢᠭᠰᠠᠨ | ᠥᠷᠭᠡᠨ ᠳᠡᠯᠭᠡᠷ ᠭᠦᠨ ᠭᠦᠨᠵᠡᠭᠡᠢ ᠪᠢᠯᠡ᠃ ᠲᠡᠦᠬᠡ ᠶᠢᠨ ᠮᠤᠷᠤᠢ ᠰᠠᠷᠤᠢ ᠬᠥᠭᠵᠢᠯᠲᠡ ᠶᠢᠨ ᠳᠤᠮᠳᠠ᠂ ᠪᠠᠰᠠ | ᠦᠨᠳᠦᠰᠦᠲᠡᠨ ᠤ ᠭᠤᠲᠤᠮᠰᠢᠭ᠂ ᠠᠷᠠᠳ ᠲᠦᠮᠡᠨ ᠤ ᠭᠠᠰᠠᠯᠠᠩ ᠵᠣᠪᠠᠯᠠᠩ᠂ ᠪᠣᠯᠪᠠᠰᠤᠨ ᠤ ᠲᠣᠭᠤᠰᠣᠨ ᠳᠤ | ᠳᠠᠷᠤᠭᠳᠠᠭᠰᠠᠨ ᠪᠤᠳᠤᠩᠭᠤᠢ ᠴᠠᠭ ᠮᠥᠴᠡ ᠪᠠᠶᠢᠭᠰᠠᠨ ᠶᠤᠮ᠃ ᠭᠡᠲᠡᠯ᠎ᠡ ᠵᠠᠭᠤᠨ ᠵᠢᠯ ᠥᠩᠭᠡᠷᠡᠵᠦ ᠤᠯᠠᠷᠢᠨ | ᠬᠤᠪᠢᠰᠪᠠ᠃ ᠬᠥᠮᠥᠨ ᠲᠥᠷᠥᠯᠬᠢᠲᠡᠨ ᠤ ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ | ᠲᠥᠯᠥᠭᠡ ᠲᠡᠮᠡᠴᠡᠬᠦ ᠨᠢ ᠡᠨᠡ ᠬᠦ ᠠᠭᠤᠤ ᠶᠡᠭᠡ ᠤᠯᠤᠰ ᠤᠨ ᠰᠢᠨ᠎ᠡ ᠴᠠᠭ ᠦᠶ᠎ᠡ ᠶᠢᠨ ᠬᠢᠴᠢᠶᠡᠩᠭᠦ᠋ᠢᠯᠡᠨ ᠰᠠᠬᠢᠬᠤ | ᠵᠣᠷᠢᠯᠲᠠ᠂ ᠪᠠᠲᠤᠲᠠᠢ ᠠᠵᠢᠯᠯᠠᠭ᠎ᠠ ᠪᠣᠯᠤᠭᠰᠠᠨ ᠪᠠᠶᠢᠨ᠎ᠠ᠃ | 5 ᠰᠠᠷ᠎ᠠ ᠶᠢᠨ 9 ᠤ ᠡᠳᠦᠷ ᠠᠴᠠ 9 ᠰᠠᠷ᠎ᠠ ᠶᠢᠨ 3 ᠤ ᠡᠳᠦᠷ ᠢ ᠪᠠᠷᠠᠯᠠᠪᠠᠯ᠂ ᠲᠡᠷᠡ ᠡᠳᠦᠷ᠂ ᠨᠢᠭᠡᠨ | ᠡᠷᠲᠡᠨ ᠤ ᠦᠨᠳᠦᠰᠦᠲᠡᠨ ᠤ ᠭᠠᠰᠠᠯᠠᠩ ᠵᠣᠪᠠᠯᠠᠩ ᠪᠣᠯᠣᠨ ᠭᠡᠷᠡᠯ ᠰᠠᠴᠤᠷᠠᠩᠭᠤᠢ ᠠᠮᠵᠢᠯᠲᠠ ᠶᠢ ᠠᠭᠰᠢᠭᠠᠵᠤ᠂ ︽ | ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠤ ᠠᠭᠤᠤ ᠶᠡᠭᠡ ᠢᠯᠠᠯᠲᠠ ᠨᠢ | ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠲᠣᠮᠣ ᠤᠯᠤᠰ ᠤᠨ ᠪᠠᠶᠢᠷᠢ ᠰᠠᠭᠤᠷᠢ ᠶᠢ ᠳᠠᠭᠢᠨ ᠰᠢᠨ᠎ᠡ ᠪᠠᠷ | ᠲᠣᠭᠲᠠᠭᠠᠭᠰᠠᠨ ᠪᠠᠶᠢᠨ᠎ᠠ︾᠃ | 80 ᠵᠢᠯ ᠤᠨ ᠡᠮᠦᠨ᠎ᠡ᠂ ᠲᠡᠦᠬᠡ ᠶᠢᠨ ᠰᠢᠨ᠎ᠡ ᠬᠠᠭᠤᠳᠠᠰᠤ ᠶᠢ ᠰᠡᠬᠦᠪᠡ᠃ ᠶᠡᠭᠡ ᠤᠯᠤᠰ ᠤᠨ ᠳᠠᠭᠢᠨ | ᠡᠰᠡᠨᠢᠯ ᠳᠤ ᠡᠬᠢᠯᠡᠩᠭᠦᠲᠡ ᠪᠠᠨ ᠡᠩᠬᠡ ᠲᠠᠶᠢᠪᠤᠩ ᠪᠠ ᠰᠢᠳᠤᠷᠭᠤ ᠶᠣᠰᠣ ᠶᠢ ᠰᠡᠶᠢᠯᠪᠡ᠃ ᠲᠤᠬᠠᠢ ᠶᠢᠨ ᠵᠢᠯ ᠳᠤ ᠡᠩ | ᠲᠡᠷᠢᠭᠦᠨ ᠳᠤ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠳᠡᠭᠡᠷ᠎ᠡ ᠭᠠᠷ ᠤᠨ | ᠦᠰᠦᠭ ᠵᠢᠷᠤᠭᠰᠠᠨ ᠠᠴᠠ ᠰᠢᠨ᠎ᠡ ᠴᠠᠭ ᠦᠶ᠎ᠡ ᠳᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠭᠦᠷᠲᠡᠯ᠎ᠡ᠂ ᠡᠨᠡ ᠬᠦ ᠶᠡᠭᠡ ᠠᠯᠬᠤᠮ ᠢᠶᠠᠷ ᠡᠷᠡᠮᠡᠬᠡᠶᠢᠯᠡᠨ ᠤᠷᠤᠭᠰᠢᠯᠠᠵᠤ ᠪᠠᠶᠢᠭ᠎ᠠ ᠲᠣᠮᠣ | ᠤᠯᠤᠰ ᠢᠮᠠᠭᠲᠠ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠠᠷᠠᠳ ᠲᠦᠮᠡᠨ ᠤ ᠲᠥᠯᠥᠭᠡ | ᠬᠤᠪᠢ ᠨᠡᠮᠡᠷᠢ ᠦᠵᠡᠭᠦᠯᠪᠡ᠃ | ᠡᠷᠲᠡᠨ ᠤ ᠬᠢ ᠶᠢ ᠲᠣᠯᠢᠯᠠᠵᠤ ᠡᠳᠦᠭᠡ ᠶᠢ ᠮᠡᠳᠡᠨ᠎ᠠ᠃ ᠲᠣᠮᠣ ᠤᠯᠤᠰ ᠤᠨ ᠳᠦᠷᠢ ᠨᠢ ᠨᠢᠭᠡᠨ ᠴᠠᠭ ᠤᠨ ᠤᠴᠢᠷ | ᠶᠠᠪᠤᠳᠠᠯ ᠢᠶᠠᠷ ᠲᠣᠭᠲᠠᠭᠠᠭᠳᠠᠳᠠᠭ ᠪᠢᠰᠢ᠂ ᠬᠠᠷᠢᠨ ᠤᠳᠠᠭ᠎ᠠ ᠪᠦᠷᠢ ᠶᠢᠨ ᠰᠣᠩᠭᠤᠯᠲᠠ ᠪᠣᠯᠣᠨ ᠠᠵᠢᠯᠯᠠᠭ᠎ᠠ ᠶᠢᠨ | ᠳᠤᠮᠳᠠ ᠲᠣᠳᠣᠷᠬᠠᠶᠢᠯᠠᠭᠳᠠᠳᠠᠭ᠃ ᠲᠣᠮᠣ ᠤᠯᠤᠰ ᠤᠨ ᠪᠠᠶᠢᠷᠢ ᠰᠠᠭᠤᠷᠢ ᠨᠢ ᠳᠠᠩ ᠭᠠᠭᠴᠠ ᠪᠣᠳᠠᠲᠤ ᠬᠦᠴᠦᠨ ᠤ | ᠬᠠᠷᠢᠴᠠᠯ ᠳᠤ ᠲᠣᠮᠢᠶᠠᠯᠠᠭᠳᠠᠬᠤ ᠪᠢᠰᠢ᠂ ᠬᠠᠷᠢᠨ ᠡᠴᠦᠰ ᠰᠡᠭᠦᠯ ᠳᠡᠭᠡᠨ ᠳᠡᠯᠡᠬᠡᠢ ᠨᠡᠶᠢᠲᠡ ᠶᠢᠨ ᠬᠥᠮᠥᠰ ᠤᠨ | ᠰᠡᠳᠬᠢᠯ ᠤᠨ ᠬᠠᠨᠳᠤᠰᠢ ᠠᠴᠠ ᠲᠣᠭᠲᠠᠭᠠᠭᠳᠠᠬᠤ ᠶᠤᠮ᠃ | ᠬᠠᠨᠠᠭᠠᠷ ᠲᠠᠯᠠᠢ ᠬᠠᠯᠭᠢᠯᠠᠨ ᠴᠠᠯᠭᠢᠯᠠᠵᠤ ᠪᠠᠭᠠᠲᠤᠷ ᠤᠨ ᠣᠣᠷ ᠴᠢᠨᠠᠷ ᠢ ᠨᠡᠩ ᠢᠯᠡᠷᠡᠭᠦᠯᠦᠨ᠎ᠡ᠃ ᠲᠡᠦᠬᠡ ᠶᠢᠨ | ᠬᠥᠭᠵᠢᠯᠲᠡ ᠶᠢᠨ ᠵᠠᠩᠭᠢᠯᠠᠭ᠎ᠠ ᠶᠢᠨ ᠦᠶ᠎ᠡ ᠳᠤ᠂ ᠨᠡᠩ ᠤᠯᠠᠨ ᠤᠯᠤᠰ ᠳᠤᠮᠳᠠᠳᠤ ᠤᠯᠤᠰ ᠢ ᠬᠠᠷᠠᠬᠤ ᠪᠣᠯᠣᠨ᠎ᠠ᠃ | ᠶᠠᠭ ᠰᠧᠷᠪᠢᠶ᠎ᠠ ᠶᠢᠨ ᠶᠡᠷᠦᠩᠬᠡᠶᠢᠯᠡᠭᠴᠢ ᠥᠴᠢᠴᠢ ᠶᠢᠨ ᠬᠡᠯᠡᠭᠰᠡᠨᠴᠢᠯᠡᠨ᠄ ︽ᠳᠤᠮᠳᠠᠳᠤ ᠶᠢᠨ ᠲᠠᠯ᠎ᠠ ᠶᠢᠨ | ᠣᠶᠢᠯᠠᠭᠠᠭᠳᠠᠬᠤᠨ ᠪᠠ ᠠᠵᠢᠯᠯᠠᠭ᠎ᠠ ᠨᠢ ᠳᠡᠯᠡᠬᠡᠢ ᠨᠡᠶᠢᠭᠡᠮ ᠤᠨ ᠬᠠᠮᠲᠤ ᠶᠢᠨ ᠠᠰᠢᠭ ᠲᠤᠰᠠ ᠪᠠᠨ ᠬᠠᠮᠠᠭᠠᠯᠠᠬᠤ | ᠰᠥᠰᠥ ᠵᠣᠷᠢᠭ ᠪᠠ ᠢᠲᠡᠭᠡᠯ ᠢ ᠨᠡᠮᠡᠭᠳᠡᠭᠦᠯᠪᠡ︾᠃ | ︽ᠳᠤᠮᠳᠠᠳᠤ ᠤᠯᠤᠰ ᠲᠤ᠂ ᠢᠷᠡᠭᠡᠳᠦᠢ ᠪᠠ ᠢᠲᠡᠭᠡᠯ ᠵᠣᠷᠢᠭ ᠢ ᠣᠯᠵᠤ ᠬᠠᠷᠠᠪᠠ︾ ᠪᠣᠯ ᠳᠡᠯᠡᠬᠡᠢ | ᠨᠡᠶᠢᠲᠡ ᠶᠢᠨ ᠥᠷᠭᠡᠨ ᠳᠡᠯᠭᠡᠷ ᠬᠠᠮᠲᠤ ᠶᠢᠨ ᠲᠠᠨᠢᠯᠲᠠ ᠪᠣᠯᠣᠨ᠎ᠠ᠂ ᠥᠨᠥᠳᠥᠷ ᠤᠨ ᠳᠤᠮᠳᠠᠳᠤ ᠤᠯᠤᠰ ᠤᠨ | ᠳᠡᠯᠡᠬᠡᠢ ᠶᠢᠨ ᠰᠠᠭᠤᠭᠳᠠᠯ ᠢ ᠪᠣᠯ ᠯᠠᠪᠳᠠᠭᠤᠨ ᠪᠠᠲᠤᠲᠠᠢ ᠲᠡᠮᠡᠴᠡᠯ ᠢᠶᠠᠷ ᠣᠯᠣᠭᠰᠠᠨ ᠶᠤᠮ᠃ | ᠢᠲᠡᠭᠡᠯ ᠪᠣᠯ ᠳᠤᠮᠳᠠᠳᠤ ᠤᠯᠤᠰ ᠤᠨ ᠬᠥᠭᠵᠢᠯᠲᠡ ᠶᠢᠨ ᠬᠦᠴᠦᠨ ᠠᠴᠠ ᠢᠷᠡᠯᠲᠡ ᠲᠠᠢ ᠶᠤᠮ᠃ | ᠠᠶᠢᠯᠴᠢᠯᠠᠯᠲᠠ ᠬᠢᠬᠦ ᠠᠴᠠ ᠡᠮᠦᠨᠡᠬᠡᠨ᠂ ᠤᠷᠤᠰ ᠤᠨ ᠵᠠᠭᠤᠴᠢᠯᠠᠭᠤᠷ ᠤᠨ ᠬᠢᠨ ᠨᠢᠭᠡᠨ ᠪᠠᠷᠢᠮᠲᠠᠲᠤ ᠹᠢᠯᠢᠮ ᠢ | ᠨᠠᠪᠲᠠᠷᠡᠭᠦᠯᠵᠦ᠂ ᠶᠡᠷᠦᠩᠬᠡᠶᠢᠯᠡᠭᠴᠢ ᠫᠦᠲ᠋ᠢᠨ ᠰᠣᠷᠪᠤᠯᠵᠢᠯᠠᠭ᠎ᠠ ᠬᠦᠯᠢᠶᠡᠬᠦ ᠳᠡᠭᠡᠨ᠄ 25 ᠵᠢᠯ ᠤᠨ ᠡᠮᠦᠨ᠎ᠡ᠂ ᠲᠡᠷᠡ | ᠳᠠᠷᠤᠢ ᠳᠡᠯᠡᠬᠡᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯᠳᠠᠯᠭ᠎ᠠ ᠶᠠᠭ ᠠᠽᠢᠶ᠎ᠠ ᠲᠢᠪ ᠨᠣᠮᠣᠬᠠᠨ ᠲᠠᠯᠠᠢ ᠶᠢᠨ | ᠣᠷᠣᠨ ᠲᠡᠶᠢᠰᠢ ᠰᠢᠯᠵᠢᠵᠦ ᠪᠠᠶᠢᠬᠤ ᠶᠢ ᠠᠩᠬᠠᠷᠴᠤ ᠤᠯᠪᠠ︔ ᠤᠷᠤᠰ ᠳᠤᠮᠳᠠᠳᠤ ᠤᠯᠤᠰ ᠯᠤᠭ᠎ᠠ ᠶᠢᠨ | ᠬᠠᠷᠢᠯᠴᠠᠭ᠎ᠠ ᠪᠠᠨ ᠢᠳᠡᠪᠬᠢᠲᠡᠢ ᠬᠥᠭᠵᠢᠭᠦᠯᠵᠦ᠂ ᠳᠡᠯᠡᠬᠡᠢ ᠶᠢᠨ ᠲᠣᠭᠲᠠᠭᠤᠨ ᠳᠤ ᠪᠠᠲᠤ ᠪᠠᠬᠢ ᠰᠠᠭᠤᠷᠢ ᠲᠠᠯᠪᠢᠵᠤ | ᠥᠭᠪᠡ ᠭᠡᠵᠦ ᠬᠡᠯᠡᠪᠡ᠃ | ᠵᠢᠩᠬᠢᠨᠢ ᠲᠡᠦᠬᠡ ᠶᠢᠨ ᠤᠬᠠᠮᠰᠠᠷ᠂ ᠲᠡᠦᠬᠡ ᠶᠢᠨ ᠰᠠᠨᠠᠭᠠᠴᠢᠯᠠᠭᠠᠲᠤ ᠴᠢᠨᠠᠷ ᠨᠢ ᠲᠦᠷ ᠴᠠᠭ ᠤᠨ ᠲᠦᠯᠬᠢᠭᠡᠨ ᠤ | ᠴᠢᠭᠯᠡᠯ ᠢ ᠤᠷᠢᠳᠴᠢᠯᠠᠨ ᠮᠠᠭᠠᠳᠯᠠᠬᠤ ᠳᠤ ᠪᠠᠶᠢᠬᠤ ᠪᠠᠷ ᠪᠠᠷᠠᠬᠤ ᠦᠭᠡᠢ ᠨᠡᠩ ᠴᠤ ᠲᠡᠦᠬᠡ ᠶᠢᠨ ᠶᠡᠭᠡ ᠬᠠᠨᠳᠤᠰᠢ ᠶᠢ | ᠰᠠᠨᠠᠭᠠᠴᠢᠯᠠᠭ᠎ᠠ ᠠᠴᠠ ᠪᠠᠨ ᠲᠠᠭᠠᠵᠤ᠂ ᠲᠡᠦᠬᠡ ᠶᠢᠨ ᠠᠵᠠ ᠲᠣᠭᠢᠶᠠᠯ ᠢ ᠠᠮᠵᠢᠵᠤ᠂ ᠲᠡᠦᠬᠡ ᠶᠢᠨ ᠬᠥᠭᠵᠢᠯᠲᠡ ᠶᠢ | ᠬᠥᠲᠥᠯᠥᠨ ᠳᠠᠭᠠᠭᠤᠯᠬᠤ ᠳᠤ ᠪᠠᠶᠢᠨ᠎ᠠ᠃ ᠠᠶᠢᠯᠴᠢᠯᠠᠯᠲᠠ ᠳᠤᠮᠳᠠ᠂ ᠲᠡᠷᠢᠭᠦᠯᠡᠭᠴᠢ ᠰᠢ ᠶᠢᠨ ᠫᠢᠩ ᠦᠭᠡ ᠦᠨᠡᠨᠴᠢ | ᠰᠡᠳᠬᠢᠯᠭᠡ ᠭᠦᠨ ᠢᠶᠠᠷ᠄ ︽ᠪᠢᠳᠡ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠯᠠᠨ ᠳᠠᠪᠠᠭ᠋ᠤ | ᠢᠲᠡᠭᠡᠯ ᠵᠣᠷᠢᠭ ᠲᠠᠢ ᠶᠤᠮ᠃ ᠭᠠᠳᠠᠭᠠᠳᠤ ᠣᠷᠴᠢᠨ ᠨᠥᠬᠦᠴᠡᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ | ᠴᠥᠮ ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠨ᠎ᠡ︾ ᠭᠡᠵᠦ ᠬᠡᠯᠡᠪᠡ᠃ | ︽ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠬᠦ ᠬᠡᠷᠡᠭᠲᠡᠢ︾᠂ ᠡᠨᠡ ᠪᠣᠯ ᠥᠨᠥᠳᠥᠷ ᠤᠨ ᠪᠢᠳᠡᠨ ᠤ | ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠠᠷᠭᠠᠴᠠᠭᠠᠬᠤ ᠢᠲᠡᠭᠡᠯ ᠵᠣᠷᠢᠭ ᠮᠥᠨ᠂ ᠪᠢᠳᠡᠨ ᠤ ᠳᠡᠯᠡᠬᠡᠢ | ᠨᠡᠶᠢᠭᠡᠮ ᠢ ᠬᠥᠲᠥᠯᠥᠨ ᠳᠠᠭᠠᠭᠤᠯᠵᠤ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠪᠣᠭᠤᠮᠲᠠ ᠶᠢ ᠬᠠᠮᠲᠤ ᠪᠠᠷ | ᠲᠤᠭᠤᠯᠬᠤ ᠢᠲᠡᠭᠡᠯ ᠵᠣᠷᠢᠭ ᠤᠨ ᠡᠬᠢ ᠰᠤᠷᠪᠤᠯᠵᠢ ᠮᠥᠨ᠃ | ᠠᠶᠢᠯᠴᠢᠯᠠᠯᠲᠠ ᠬᠢᠬᠦ ᠠᠴᠠ ᠡᠮᠦᠨᠡᠬᠡᠨ᠂ ᠤᠯᠠᠨ ᠤᠯᠤᠰ ᠤᠨ ᠵᠠᠭᠤᠴᠢᠯᠠᠭᠤᠷ ᠤᠨ ᠬᠢᠨ ᠳᠤᠮᠳᠠᠳᠤ ᠤᠯᠤᠰ ᠤᠨ | ᠲᠤᠬᠠᠢ ᠬᠤᠶᠠᠷ ᠳᠠᠪᠬᠤᠷ ᠠᠵᠢᠭᠯᠠᠯᠲᠠ ᠶᠢ ᠬᠠᠮᠲᠤ ᠲᠠᠯᠪᠢᠵᠤ ᠦᠵᠡᠪᠡᠯ ᠳᠤᠮᠳᠠᠳᠤ ᠤᠯᠤᠰ ᠪᠣᠯᠣᠨ ᠳᠡᠯᠡᠬᠡᠢ ᠶᠢᠨ | ᠬᠠᠷᠢᠯᠴᠠᠭᠠᠨ ᠤ ᠲᠡᠦᠬᠡᠨ ᠬᠤᠪᠢᠷᠠᠯᠲᠠ ᠶᠢ ᠨᠡᠩ ᠲᠣᠳᠣᠷᠬᠠᠢ ᠣᠶᠢᠯᠠᠭᠠᠵᠤ ᠪᠣᠯᠣᠨ᠎ᠠ᠃ | ᠨᠢᠭᠡᠳᠦᠭᠡᠷ ᠳᠠᠪᠬᠤᠷ ᠠᠵᠢᠭᠯᠠᠯᠲᠠ ᠳᠤ ᠳᠤᠮᠳᠠᠳᠤ ᠤᠯᠤᠰ ᠤᠨ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠳ᠋ᠦᠩᠨᠡᠯᠲᠡ ᠨᠢ ᠪᠣᠯ ︽ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠭᠵᠢᠯᠲᠡ ᠤᠳᠠᠭᠠᠨ ᠪᠠᠶᠢᠬᠤ︾ ᠴᠠᠭ ᠦᠶ᠎ᠡ ᠨᠢᠭᠡᠨᠲᠡ ᠥᠩᠭᠡᠷᠡᠵᠦ᠂ ᠴᠢᠨᠠᠷ ᠰᠠᠶᠢᠲᠠᠢ ᠬᠥᠭᠵᠢᠯᠲᠡ ᠪᠦᠬᠦᠢ | ᠳᠤᠮᠳᠠᠳᠤ ᠤᠯᠤᠰ ᠡᠳᠦᠷ ᠢᠷᠡᠬᠦᠶ᠎ᠡ ︽ᠬᠥᠲᠥᠯᠥᠨ ᠳᠠᠭᠠᠭᠤᠯᠬᠤ ᠬᠦᠴᠦᠨ︾ ᠪᠣᠯᠪᠠ᠃ | ᠨᠦᠭᠦᠭᠡ ᠨᠢᠭᠡ ᠳᠠᠪᠬᠤᠷ ᠠᠵᠢᠭᠯᠠᠯᠲᠠ ᠳᠤ ᠳᠤᠮᠳᠠᠳᠤ ᠤᠯᠤᠰ ᠤᠨ ᠤᠯᠠᠨ ᠤᠯᠤᠰ ᠲᠠᠬᠢ ᠨᠥᠯᠥᠭᠡᠯᠡᠯ ᠳᠤ | ᠠᠩᠬᠠᠷᠤᠯ ᠢᠶᠠᠨ ᠲᠥᠪᠯᠡᠷᠡᠭᠦᠯᠵᠦ᠂ ᠳ᠋ᠦᠩᠨᠡᠯᠲᠡ ᠨᠢ ᠪᠣᠯ ᠣᠳᠣᠬᠠᠨ ᠤ ᠳᠤᠮᠳᠠᠳᠤ ᠤᠯᠤᠰ ᠤᠨ ᠳᠡᠯᠡᠬᠡᠢ ᠳ᠋ᠠᠬᠢᠨ ᠳᠤ | ᠠᠪᠴᠢᠷᠠᠭᠰᠠᠨ ᠬᠤᠪᠢᠷᠠᠯᠲᠠ ᠨᠢ ᠵᠥᠪᠭᠡᠨ ︽ᠬᠡᠷᠡᠭ ᠶᠠᠪᠤᠳᠠᠯ ᠤᠨ ᠲᠡᠦᠬᠡ︾ ᠲᠡᠳᠦᠢ ᠪᠢᠰᠢ᠂ ᠪᠠᠰᠠ ᠨᠡᠩ | ᠭᠦᠨᠵᠡᠭᠡᠢ ᠬᠤᠪᠢᠰᠤᠯᠲᠠ ᠶᠢᠨ ᠪᠡᠯᠭᠡ ᠲᠡᠮᠳᠡᠭ ᠪᠣᠯᠣᠨ᠎ᠠ᠃ | ᠢᠲᠡᠭᠡᠯ᠂ ᠳᠤᠮᠳᠠᠳᠤ ᠤᠯᠤᠰ ᠤᠨ ᠬᠠᠮᠲᠤᠷᠠᠯᠴᠠᠭᠠᠨ ᠤ ᠬᠦᠴᠦᠨ ᠠᠴᠠ ᠢᠷᠡᠯᠲᠡ ᠲᠠᠢ ᠶᠤᠮ᠃ | 2013 ᠣᠨ ᠳᠤ᠂ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭᠠᠬᠢ ᠠᠩᠬᠠᠳᠠᠭᠴᠢ | ᠠᠶᠢᠯᠴᠢᠯᠠᠯᠲᠠ ᠳᠤ᠂ ᠲᠡᠷᠢᠭᠦᠯᠡᠭᠴᠢ ᠰᠢ ᠶᠢᠨ ᠫᠢᠩ ᠤᠷᠤᠰ ᠲᠤ ᠢᠷᠡᠪᠡ᠃ ︽ᠪᠡᠶ᠎ᠡ ᠮᠠᠬᠠᠪᠤᠳ ᠨᠢ ᠨᠢᠭᠡᠨᠲᠡ 21 | ᠳ᠋ᠦ᠋ᠭᠡᠷ ᠵᠠᠭᠤᠨ ᠳᠤ ᠣᠷᠣᠭᠰᠠᠨ ᠪᠠᠶᠢᠬᠤ ᠳᠤ ᠲᠠᠷᠢᠬᠢ ᠲᠣᠯᠣᠭᠠᠢ ᠨᠢ ᠪᠠᠰᠠ ᠥᠩᠭᠡᠷᠡᠭᠰᠡᠨ ᠳᠡᠭᠡᠨ ᠵᠣᠭᠰᠣᠩᠭᠢᠷᠠᠵᠤ | ᠪᠤᠯᠬᠤ ᠦᠭᠡᠢ︾᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠣᠶᠢᠯᠠᠭᠠᠭᠳᠠᠬᠤᠨ ᠠᠶᠠᠨᠳᠠᠭᠠᠨ ᠪᠤᠢ ᠪᠣᠯᠪᠠ᠃ | ᠴᠠᠭ ᠬᠤᠭᠤᠴᠠᠭᠠᠨ ᠤ ᠦᠷᠭᠦᠯᠵᠢᠯᠡᠬᠦ ᠶᠢ ᠳᠠᠭᠠᠯᠳᠤᠨ᠂ ᠡᠨᠡ ᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ | ᠬᠠᠮᠲᠤᠷᠠᠯᠴᠠᠭᠠᠨ ᠤ ᠪᠣᠷᠣ ᠲᠥᠯᠥᠪ ᠡᠳᠦᠷ ᠢᠷᠡᠬᠦᠶ᠎ᠡ ᠲᠡᠭᠦᠯᠳᠡᠷᠵᠢᠪᠡ᠃ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠴᠤ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠰᠢᠢᠳᠪᠦᠷᠢ ᠳᠤ ᠪᠢᠴᠢᠵᠦ ᠣᠷᠣᠭᠤᠯᠤᠨ᠂ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ | ᠪᠠᠶᠢᠭᠤᠯᠬᠤ ᠳᠤ ᠨᠡᠩ ᠤᠯᠠᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠪᠠ᠃ | ᠥᠨᠥᠳᠥᠷ᠂ ᠳᠠᠬᠢᠨᠲᠠ ᠮᠣᠰᠺᠸᠠ ᠳᠤ ᠬᠦᠷᠬᠦ ᠳᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠭᠡᠷᠡᠯ ᠭᠢᠯᠪᠠᠭ᠎ᠠ᠂ ᠳᠡᠯᠡᠬᠡᠢ ᠳ᠋ᠠᠬᠢᠨ ᠳᠠᠬᠢ ᠤᠷᠢᠶᠠᠯᠠᠬᠤ ᠬᠦᠴᠦᠨ | ᠨᠥᠯᠥᠭᠡᠯᠡᠬᠦ ᠬᠦᠴᠦᠨ ᠨᠢ ᠨᠢᠭᠡᠨᠲᠡ ᠬᠥᠮᠥᠰ ᠢ ᠭᠠᠶᠢᠬᠠᠰᠢ ᠠᠯᠳᠠᠭᠤᠯᠪᠠ᠃ 2021 ᠣᠨ ᠤ ᠨᠠᠮᠤᠷ᠂ 2022 | ᠣᠨ ᠤ ᠬᠠᠪᠤᠷ᠂ 2023 ᠣᠨ ᠤ ᠬᠠᠪᠤᠷ᠂ ᠲᠡᠷᠢᠭᠦᠯᠡᠭᠴᠢ ᠰᠢ ᠶᠢᠨ ᠫᠢᠩ ᠤᠷᠢᠳ ᠬᠤᠵᠢᠳ ᠭᠤᠷᠪᠠᠨ ᠶᠡᠭᠡ | ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠤᠷᠠᠳᠴᠠᠢ᠄ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠨᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ | ᠤᠯᠠᠮ ᠨᠢᠭᠡ ᠠᠯᠬᠤᠮ ᠪᠠᠶᠠᠯᠢᠭᠵᠢᠭᠤᠯᠤᠨ ᠥᠷᠭᠡᠳᠬᠡᠭᠰᠡᠨ ᠪᠥᠭᠡᠳ ᠬᠥᠮᠥᠨ ᠲᠥᠷᠥᠯᠬᠢᠲᠡᠨ ᠤ ᠪᠣᠯᠪᠠᠰᠤᠨ ᠤ ᠠᠶᠠᠨ | ᠵᠠᠮ ᠢ ᠭᠡᠷᠡᠯᠲᠦᠭᠦᠯᠦᠭᠰᠡᠨ ᠪᠠᠶᠢᠨ᠎ᠠ᠃ | ︽︿ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠨᠠᠶᠢᠵᠠ ᠶᠢᠨ ᠳᠤᠭᠤᠶᠢᠯᠠᠩ﹀ ᠤᠨ | ᠠᠵᠢᠯ ᠳᠤ ᠦᠷᠭᠦᠯᠵᠢᠯᠡᠨ ᠣᠷᠣᠯᠴᠠᠨ᠎ᠠ︾᠂ ︽ᠬᠤᠶᠠᠷ ᠲᠠᠯ᠎ᠠ ᠪᠠᠷ ᠢᠶᠠᠨ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ ᠶᠢᠨ ᠲᠤᠬᠠᠢ ᠬᠠᠮᠲᠤᠷᠠᠯᠴᠠᠭ᠎ᠠ ᠥᠷᠨᠢᠭᠦᠯᠦᠨ᠎ᠡ︾᠂ ︽ᠤᠷᠤᠰ ᠤᠨ ᠬᠢᠨ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ︾ ᠁ | ᠳᠤᠮᠳᠠᠳᠤ ᠤᠯᠤᠰ ᠣᠷᠤᠭ᠎ᠠ ᠪᠤᠰᠬᠠᠭ᠎ᠠ ᠴᠠᠭ ᠦᠶ᠎ᠡ ᠳᠤ ᠡᠷᠡᠰ ᠭᠤᠶᠢᠪᠢᠰᠢ ᠦᠭᠡᠢ ᠪᠠᠷ ︽ᠲᠡᠦᠬᠡ ᠶᠢᠨ ᠵᠥᠪ | ᠲᠠᠯ᠎ᠠ ᠳᠤ ᠵᠣᠭᠰᠣᠨ᠎ᠠ︾᠃ | ᠮᠣᠰᠺᠸᠠ ᠳᠤ ᠬᠦᠷᠬᠦ ᠠᠴᠠ ᠡᠮᠦᠨᠡᠬᠡᠨ᠂ ᠲᠡᠷᠢᠭᠦᠯᠡᠭᠴᠢ ᠰᠢ ᠶᠢᠨ ᠫᠢᠩ ᠡᠸᠦ᠋ᠷᠦᠫᠡ ᠲᠢᠪ ᠤᠨ ᠤᠳᠤᠷᠢᠳᠬᠤ | ᠬᠥᠮᠥᠰ ᠲᠠᠢ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ | ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠵᠦ᠂ ᠴᠠᠭ ᠦᠶ᠎ᠡ ᠶᠢᠨ ᠥᠷᠢᠰᠦᠯᠳᠦᠭᠡᠨ ᠢ ᠬᠠᠮᠲᠤᠷᠠᠯᠴᠠᠨ | ᠠᠷᠭᠠᠴᠠᠭᠠᠬᠤ ᠪᠠᠷ ᠬᠤᠶᠠᠷ ᠲᠠᠯ᠎ᠠ ᠶᠢᠨ ᠲᠣᠳᠣᠷᠬᠠᠢ ᠬᠠᠮᠲᠤ ᠶᠢᠨ ᠲᠠᠨᠢᠯᠲᠠ ᠲᠠᠢ ᠪᠤᠯᠪᠠ︔ | ᠲᠡᠭᠦᠨ ᠠᠴᠠ ᠡᠮᠦᠨᠡᠬᠡᠨ᠂ ᠵᠡᠭᠦᠨ ᠡᠮᠦᠨᠡᠲᠦ ᠠᠽᠢᠶ᠎ᠠ ᠳᠠᠬᠢ ᠠᠶᠠᠯᠠᠯ ᠨᠢ ᠡᠷᠭᠢᠨ ᠲᠣᠭᠤᠷᠢᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ︔ | ᠳᠠᠷᠠᠭᠠᠴᠢ ᠶᠢᠨ ᠴᠠᠭ ᠢ ᠪᠠᠷᠠᠯᠠᠬᠤᠶ᠎ᠠ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ — ᠯᠠᠲ᠋ᠢᠨ | ᠠᠮᠧᠷᠢᠺᠠ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ | ᠳᠥᠷᠪᠡᠳᠦᠭᠡᠷ ᠬᠤᠭᠤᠴᠠᠭᠠᠨ ᠤ ᠰᠠᠶᠢᠳ ᠤᠨ ᠳᠡᠰ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠤᠯᠴᠠᠬᠤ | ᠪᠥᠭᠡᠳ ᠴᠢᠬᠤᠯᠠ ᠶᠠᠷᠢᠶ᠎ᠠ ᠲᠠᠯᠪᠢᠬᠤ ᠴᠢᠮᠡᠭᠡ ᠤᠯᠤᠰ ᠤᠨ ᠳᠣᠲᠣᠭᠠᠳᠤ ᠭᠠᠳᠠᠭᠠᠳᠤ ᠳᠤ ᠤᠯᠠᠮᠵᠢᠯᠠᠭᠳᠠᠪᠠ᠃ | ᠴᠠᠭ ᠦᠶ᠎ᠡ ᠶᠢᠨ ᠰᠠᠯᠬᠢᠨ ᠳᠠᠪᠠᠯᠭᠠᠨ ᠳᠣᠯᠭᠢᠶᠠᠯᠠᠨ ᠳᠠᠪᠠᠯᠭᠠᠯᠠᠬᠤᠶᠠ᠂ ᠢᠮᠠᠭᠲᠠ ᠲᠥᠪ ᠭᠤᠣᠯᠴᠢ ᠶᠢ | ᠡᠷᠢᠯᠬᠢᠯᠡᠵᠦ᠂ ᠬᠠᠮᠲᠤᠷᠠᠯᠴᠠᠭ᠎ᠠ ᠬᠢᠬᠦ ᠶᠢ ᠡᠷᠬᠢᠮᠯᠡᠵᠦ᠂ ᠬᠠᠮᠲᠤ ᠪᠠᠷ ᠠᠰᠢᠭ ᠭᠦᠷᠳᠡᠭᠦ ᠪᠠᠷ ᠴᠢᠷᠮᠠᠶᠢᠵᠤ ᠪᠠᠶᠢᠭ᠎ᠠ | ᠳᠤᠮᠳᠠᠳᠤ ᠤᠯᠤᠰ ᠤᠨ ᠨᠠᠶᠢᠵᠠ ᠨᠥᠬᠦᠳ ᠳᠠᠶᠠᠩ ᠳᠡᠯᠡᠬᠡᠢ ᠳᠤ ᠲᠦᠭᠡᠵᠦ ᠪᠠᠶᠢᠨ᠎ᠠ᠃ | ︽ᠬᠠᠷᠢᠴᠠᠯᠠᠰᠢ ᠦᠭᠡᠢ ᠲᠡᠭᠰᠢ ᠵᠠᠮ ᠭᠡᠵᠦ ᠪᠠᠶᠢᠳᠠᠭ ᠦᠭᠡᠢ᠂ ᠪᠤᠴᠠᠰᠢ ᠦᠭᠡᠢ ᠶᠠᠪᠤᠳᠠᠯ ᠭᠡᠵᠦ ᠪᠠᠶᠢᠳᠠᠭ | ᠦᠭᠡᠢ︾᠃ ᠲᠡᠦᠬᠡ ᠶᠡᠷᠦᠨᠢ ᠨᠤᠭᠤᠷᠠᠯ ᠪᠦᠳᠦᠷᠢᠯ ᠤᠨ ᠳᠤᠮᠳᠠ ᠬᠥᠭᠵᠢᠨ ᠤᠷᠤᠭᠰᠢᠯᠠᠳᠠᠭ ᠶᠤᠮ᠃ ᠬᠦᠴᠢᠷ | ᠪᠡᠷᠬᠡᠰᠢᠶᠡᠯ ᠪᠠ ᠳᠠᠪᠲᠠᠯᠲᠠ ᠶᠢᠨ ᠳᠤᠮᠳᠠ ᠡᠷᠡᠰ ᠭᠤᠶᠢᠪᠢᠰᠢ ᠦᠭᠡᠢ ᠯᠠᠪᠳᠠᠭᠤᠨ ᠲᠣᠭᠲᠠᠭᠤᠨ ᠢᠶᠠᠷ ᠠᠯᠤᠰ ᠢ | ᠵᠣᠷᠢᠨ ᠤᠷᠤᠭᠰᠢᠯᠠᠨ᠎ᠠ᠃ ᠶᠡᠭᠡ ᠬᠠᠨᠳᠤᠰᠢ ᠶᠢ ᠲᠥᠯᠥᠪᠵᠢᠭᠦᠯᠬᠦ᠂ ᠶᠡᠭᠡ ᠵᠢᠷᠤᠮ ᠢ ᠡᠭᠦᠷᠭᠡᠯᠡᠬᠦ᠂ ᠶᠡᠭᠡ ᠵᠠᠮ ᠢᠶᠠᠷ | ᠵᠠᠮᠨᠠᠬᠤ ᠬᠠᠷᠢᠭᠤᠴᠠᠯᠭ᠎ᠠ ᠲᠠᠢ ᠶᠡᠭᠡ ᠤᠯᠤᠰ ᠤᠨ ᠢᠷᠡᠭᠡᠳᠦᠢ ᠯᠠᠪ ᠬᠢᠵᠠᠭᠠᠯᠠᠰᠢ ᠦᠭᠡᠢ ᠰᠦᠷᠯᠢᠭ ᠰᠠᠶᠢᠬᠠᠨ ᠶᠤᠮ᠃ |