ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 13 ᠤ ᠴᠠᠭᠢᠯᠭᠠᠨ ᠮᠡᠳᠡᠭᠡ 5 ᠰᠠᠷ᠎ᠠ ᠶᠢᠨ 13 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠪᠷᠠᠽᠢᠯ ᠤᠨ | ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ | ᠰᠢ ᠶᠢᠨ ᠫᠢᠩ᠂ ᠨᠢᠳᠤᠨᠤᠨ ᠳᠤᠮᠳᠠᠳᠤ ᠪᠷᠠᠽᠢᠯ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ | ᠲᠠᠰᠢᠷᠠᠮ ᠢᠶᠠᠷ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭ᠎ᠠ ᠶᠢ ᠭᠠᠷ ᠬᠤᠯᠪᠣᠨ ᠨᠡᠩ ᠲᠥᠪ | ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ ᠪᠥᠮᠪᠥᠷᠴᠡᠭ ᠤᠨ ᠳᠤᠮᠳᠠᠳᠤ ᠪᠷᠠᠽᠢᠯ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠭᠠᠨ ᠲᠡᠰ ᠳᠡᠪᠰᠢᠭᠦᠯᠦᠨ᠎ᠡ ᠭᠡᠵᠦ ᠨᠡᠶᠢᠲᠡᠯᠡᠪᠡ᠂ ᠡᠨᠡ ᠬᠦ ᠪᠠᠶᠢᠯᠳᠤᠬᠤ | ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠨᠢ ᠳᠤᠮᠳᠠᠳᠤ ᠪᠷᠠᠽᠢᠯ ᠤᠨ ᠬᠠᠷᠢᠯᠴᠠᠭ᠎ᠠ ᠶᠢᠨ ᠳᠠᠷᠠᠭᠠᠴᠢ ᠶᠢᠨ ︽ᠰᠢᠵᠢᠷ | ᠠᠯᠳᠠᠨ 50 ᠵᠢᠯ︾ ᠳᠤ ᠠᠤᠭ᠎ᠠ ᠵᠢᠷᠤᠭ ᠲᠥᠰᠥᠪ ᠢ ᠵᠢᠷᠤᠭᠯᠠᠵᠤ ᠥᠭᠴᠡᠢ᠃ ᠤᠷᠪᠠᠭᠠᠨ ᠬᠥᠷᠪᠡᠭᠡᠨ ᠲᠠᠢ | ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠪᠷᠠᠽᠢᠯ ᠬᠤᠶᠠᠷ ᠤᠯᠤᠰ ᠬᠥᠮᠥᠨ ᠲᠥᠷᠥᠯᠬᠢᠲᠡᠨ ᠤ ᠲᠠᠪᠰᠢᠯᠳᠠ ᠳᠤ | ᠬᠠᠷᠢᠭᠤᠴᠠᠯᠭ᠎ᠠ ᠡᠭᠦᠷᠭᠡᠯᠡᠬᠦ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠠᠷᠢᠭᠤᠴᠠᠯᠭ᠎ᠠ ᠪᠠᠨ ᠭᠦᠢᠴᠡᠳᠬᠡᠬᠦ ᠤᠭ | ᠰᠠᠨᠠᠭ᠎ᠠ ᠪᠠᠨ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ | ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠢ ᠭᠠᠷ | ᠬᠤᠯᠪᠣᠨ ᠲᠠᠶᠢᠴᠢᠯᠠᠵᠤ ᠪᠦᠯᠬᠦᠮᠳᠡᠯ ᠬᠠᠮᠵᠢᠯᠴᠠᠭ᠎ᠠ ᠪᠠᠨ ᠴᠢᠩᠭᠠᠳᠬᠠᠶ᠎ᠠ ᠭᠡᠵᠦ ᠵᠢᠭᠠᠵᠤ ᠭᠠᠷᠭᠠᠪᠠ᠃ | | | | 5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ | ᠬᠠᠲᠤᠨ ᠫᠧᠩ ᠯᠢ ᠶᠤᠸᠠᠨ ᠲᠠᠢ ᠪᠠᠨ ᠯᠦᠯᠠ ᠪᠣᠯᠣᠨ ᠲᠡᠭᠦᠨ ᠤ ᠬᠠᠲᠤᠨ ᠯᠥᠸᠧᠰᠠᠩᠷᠧᠯᠠ ᠲᠠᠢ ᠬᠠᠮᠲᠤ ᠶᠢᠨ | ᠰᠡᠭᠦᠳᠡᠷ ᠲᠠᠲᠠᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ | ᠰᠡᠭᠦᠳᠡᠷᠯᠡᠪᠡ︶ | ᠰᠢ ᠶᠢᠨ ᠫᠢᠩ᠂ ᠰᠢᠨ᠎ᠡ ᠲᠡᠦᠬᠡ ᠶᠢᠨ ᠭᠠᠷᠤᠭ᠎ᠠ ᠳᠤ ᠵᠣᠭᠰᠣᠵᠤ᠂ ᠳᠤᠮᠳᠠᠳᠤ ᠪᠷᠠᠽᠢᠯ ᠬᠤᠶᠠᠷ ᠲᠠᠯ᠎ᠠ ᠪᠠᠷ ᠢᠶᠠᠨ | ᠨᠢᠭᠡ ᠳᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠰᠠᠭᠤᠷᠢ ᠶᠢ ᠪᠠᠬᠢᠵᠢᠭᠦᠯᠵᠦ᠂ ᠬᠠᠷᠢᠯᠴᠠᠨ ᠬᠦᠨᠳᠦᠳᠬᠡᠬᠦ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ | ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠳᠡᠭᠡᠷ᠎ᠡ ᠬᠠᠷᠢᠯᠴᠠᠨ | ᠲᠡᠮᠵᠢᠵᠥ᠂ ᠡᠯ᠎ᠡ ᠱᠠᠲᠤ ᠳᠠᠪᠬᠤᠷᠭ᠎ᠠ᠂ ᠪᠦᠭᠦ ᠲᠠᠯ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ | ᠬᠠᠷᠢᠯᠴᠠᠭ᠎ᠠ ᠶᠢᠨ ᠤᠷᠳᠤ ᠬᠤᠭᠤᠴᠠᠭ᠎ᠠ ᠪᠠᠷ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠶ᠎ᠠ᠃ ᠬᠤᠶᠠᠷ ᠲᠤ᠂ | ᠬᠠᠮᠲᠤᠷᠠᠯᠴᠠᠭ᠎ᠠ ᠪᠠᠨ ᠥᠷᠭᠡᠳᠬᠡᠬᠦ ᠶᠢ ᠪᠠᠷᠢᠮᠲᠠᠯᠠᠵᠤ᠂ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ | ᠪᠷᠠᠽᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠢ ᠵᠣᠯᠭᠠᠭᠤᠯᠬᠤ ᠶᠢ ᠭᠦᠨᠵᠡᠭᠡᠶᠢᠷᠡᠭᠦᠯᠵᠦ᠂ | ᠬᠤᠶᠠᠷ ᠤᠯᠤᠰ ᠤᠨ ᠡᠯ᠎ᠡ ᠵᠦᠢᠯ ᠤᠨ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ | ᠰᠠᠭᠤᠷᠢ ᠲᠥᠬᠦᠭᠡᠷᠦᠮᠵᠢ᠂ ᠬᠥᠳᠡᠭᠡ ᠠᠵᠤ ᠠᠬᠤᠢ᠂ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ | ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠨᠧᠷᠭᠢ ᠶᠢᠨ ᠭᠡᠯᠪᠡᠷᠢ ᠶᠢ ᠬᠤᠪᠢᠷᠠᠭᠤᠯᠬᠤ᠂ ᠠᠭᠠᠷ ᠤᠨ ᠠᠶᠠᠯᠠᠯ | ᠰᠠᠨᠰᠠᠷ ᠤᠨ ᠠᠶᠠᠯᠠᠯ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠠᠮᠲᠤᠷᠠᠯᠴᠠᠭᠠᠨ ᠤ | ᠰᠢᠨ᠎ᠡ ᠣᠷᠣᠨ ᠵᠠᠢ ᠶᠢ ᠥᠷᠭᠡᠳᠬᠡᠵᠦ᠂ ᠬᠤᠶᠠᠷ ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠨᠡᠩ | ᠤᠯᠠᠨ ᠭᠢᠯᠠᠰ ᠴᠡᠭ ᠢ ᠪᠤᠢ ᠪᠣᠯᠭᠠᠶ᠎ᠠ᠃ ᠭᠤᠷᠪᠠ ᠳᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠪᠠᠷᠢᠮᠲᠠᠯᠠᠵᠤ᠂ | ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ | ᠢᠷᠡᠬᠦ ᠵᠢᠯ ︽ᠳᠤᠮᠳᠠᠳᠤ ᠪᠷᠠᠽᠢᠯ ᠤᠨ ᠰᠣᠶᠣᠯ ᠤᠨ ᠣᠨ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ | ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ᠂ ᠵᠠᠭᠤᠴᠢᠯᠠᠭᠤᠷ᠂ ᠣᠷᠣᠨ ᠨᠤᠲᠤᠭ ᠵᠡᠷᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠬᠥᠮᠥᠰ ᠤᠨ ᠶᠠᠪᠤᠯᠴᠠᠭ᠎ᠠ ᠳᠤ ᠨᠡᠩ ᠤᠯᠠᠨ ᠲᠦᠭᠦᠮ | ᠦᠵᠡᠭᠦᠯᠦᠶ᠎ᠡ᠃ ᠳᠥᠷᠪᠡ ᠳᠤ᠂ ᠤᠯᠠᠨ ᠲᠠᠯ᠎ᠠ ᠶᠢᠨ ᠬᠠᠮᠵᠢᠯᠴᠠᠭ᠎ᠠ ᠶᠢ ᠪᠠᠷᠢᠮᠲᠠᠯᠠᠵᠤ᠂ ᠳᠤᠮᠳᠠᠳᠤ ᠪᠷᠠᠽᠢᠯ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠢᠨᠠᠷ ᠢ ᠳᠡᠭᠡᠭᠰᠢᠯᠡᠭᠦᠯᠦᠶ᠎ᠡ᠃ ᠵᠡᠭᠦᠨ ᠪᠠᠷᠠᠭᠤᠨ ᠬᠠᠭᠠᠰ | ᠪᠥᠮᠪᠥᠷᠴᠡᠭ ᠤᠨ ᠬᠤᠶᠠᠷ ᠶᠡᠭᠡ ᠬᠥᠭᠵᠢᠵᠦ ᠪᠠᠶᠢᠭ᠎ᠠ ᠤᠯᠤᠰ ᠪᠣᠯᠤᠭᠰᠠᠨ ᠤ ᠬᠤᠪᠢ ᠳᠤ ᠬᠤᠶᠠᠷ ᠤᠯᠤᠰ ᠢᠶᠠᠷ ᠢᠶᠠᠨ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠯᠳᠠᠨ ᠲᠣᠭᠤᠰᠭ᠋᠎ᠠ ᠤᠯᠤᠰ ᠤᠳ᠂ ᠳᠤᠮᠳᠠᠳᠤ ᠤᠯᠤᠰ — | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠵᠡᠷᠭᠡ | ᠤᠯᠠᠨ ᠲᠠᠯᠠᠲᠤ ᠲᠣᠭᠲᠠᠴᠠ ᠳᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠤᠯᠠᠨ | ᠲᠠᠯᠠᠲᠤ ᠦᠵᠡᠯ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠤᠯᠠᠨ ᠤᠯᠤᠰ ᠤᠨ | ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠢ ᠬᠠᠮᠠᠭᠠᠯᠠᠵᠤ᠂ ᠲᠤᠭ ᠲᠡᠮᠳᠡᠭ ᠲᠣᠳᠣᠷᠬᠠᠢ ᠪᠠᠷ ᠭᠠᠭᠴᠠ ᠲᠠᠯᠠᠲᠤ | ᠦᠵᠡᠯ᠂ ᠬᠠᠮᠠᠭᠠᠯᠠᠬᠤ ᠦᠵᠡᠯ ᠪᠣᠯᠣᠨ ᠡᠵᠡᠷᠬᠡᠵᠦ ᠳᠠᠷᠤᠯᠠᠬᠤ ᠠᠵᠢᠯᠯᠠᠭ᠎ᠠ ᠶᠢ ᠡᠰᠡᠷᠭᠦᠴᠡᠶ᠎ᠡ ᠭᠡᠵᠦ ᠴᠢᠬᠤᠯᠠᠴᠢᠯᠠᠪᠠ᠃ | | | | | 5 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠪᠷᠠᠽᠢᠯ ᠤᠨ ᠶᠡᠷᠦᠩᠬᠡᠶᠢᠯᠡᠭᠴᠢ ᠯᠦᠯᠠ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ | ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ | ᠠᠭᠤᠳᠠᠮ ᠲᠠᠯᠠᠪᠠᠶ ᠳᠤ ᠯᠦᠯᠠ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ︶ | ᠯᠦᠯᠠ᠂ ᠪᠷᠠᠽᠢᠯ ᠳᠤᠮᠳᠠᠳᠤ ᠬᠠᠷᠢᠯᠴᠠᠨ ᠭᠦᠨᠳᠦᠳᠭᠡᠵᠦ᠂ ᠬᠤᠪᠢ ᠵᠠᠶᠠᠭ᠎ᠠ ᠪᠠᠨ ᠬᠠᠮᠲᠤᠳᠬᠠᠵᠤ᠂ ᠬᠤᠶᠠᠷ | ᠤᠯᠤᠰ ᠤᠨ ᠬᠠᠷᠢᠯᠴᠠᠭ᠎ᠠ ᠡᠪᠳᠡᠷᠡᠰᠢ ᠦᠭᠡᠢ ᠪᠠᠲᠤ ᠪᠠᠬᠢ ᠪᠠᠶᠢᠵᠤ᠂ ᠶᠠᠮᠠᠷᠪᠠ ᠭᠠᠳᠠᠭᠠᠳᠤ ᠬᠦᠴᠦᠨ ᠵᠦᠢᠯ ᠤᠨ | ᠬᠠᠷᠰᠢᠯᠠᠯ ᠡᠪᠳᠡᠯᠭᠡ ᠶᠢ ᠬᠦᠯᠢᠶᠡᠬᠦ ᠦᠭᠡᠢ᠃ ᠪᠤᠰᠤᠳ ᠲᠣᠮᠣ ᠤᠯᠤᠰ ᠲᠠᠢ ᠠᠳᠠᠯᠢ ᠦᠭᠡᠢ ᠨᠢ ᠭᠡᠪᠡᠯ ᠳᠤᠮᠳᠠᠳᠤ | ᠤᠯᠤᠰ ᠪᠷᠠᠽᠢᠯ ᠢ ᠪᠠᠭᠲᠠᠭᠠᠭᠰᠠᠨ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠠᠵᠤ ᠠᠬᠤᠢ | ᠨᠡᠶᠢᠭᠡᠮ ᠤᠨ ᠬᠥᠭᠵᠢᠯᠲᠡ ᠪᠠᠨ ᠪᠡᠶᠡᠯᠡᠭᠦᠯᠬᠦ ᠶᠢ ᠴᠢᠩ ᠦᠨᠡᠨ ᠰᠡᠳᠬᠢᠯ ᠠᠴᠠ ᠪᠠᠨ ᠳᠡᠮᠵᠢᠭᠰᠡᠭᠡᠷ ᠢᠷᠡᠵᠠᠢ᠃ | ᠪᠷᠠᠽᠢᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠪᠷᠠᠽᠢᠯ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠠᠬᠢᠭᠤᠯᠵᠤ᠂ ᠨᠡᠩ ᠲᠥᠪ ᠭᠤᠣᠯᠴᠢ᠂ ᠡᠩᠬᠡ ᠲᠠᠶᠢᠪᠤᠩ᠂ ᠴᠡᠴᠡᠭᠯᠡᠨ ᠬᠥᠭᠵᠢᠭᠰᠡᠨ ᠳᠡᠯᠡᠬᠡᠢ ᠶᠢᠷᠲᠢᠨᠴᠦ ᠶᠢ | ᠪᠠᠶᠢᠭᠤᠯᠵᠤ᠂ ᠡᠯ᠎ᠡ ᠤᠯᠤᠰ ᠲᠤ ᠦᠯᠢᠭᠡᠷ ᠳᠠᠭᠤᠷᠢᠶᠠᠯ ᠪᠣᠯᠣᠨ᠎ᠠ᠃ ᠪᠷᠠᠽᠢᠯ ᠤᠨ ᠬᠢᠨ ᠳᠤᠷᠠᠲᠠᠶ᠎ᠠ ᠲᠤᠰ ᠪᠡᠶ᠎ᠡ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠯᠤᠭ᠎ᠠ | ᠵᠣᠯᠭᠠᠭᠤᠯᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠰᠠᠨᠰᠠᠷ ᠤᠨ ᠠᠶᠠᠯᠠᠯ᠂ | ᠮᠥᠩᠭᠦᠨ ᠭᠦᠢᠯᠭᠡᠭᠡᠨ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠵᠠᠯᠠᠭᠤᠴᠤᠳ ᠤᠨ | ᠰᠣᠯᠢᠯᠴᠠᠭ᠎ᠠ᠂ ᠰᠣᠶᠣᠯ ᠤᠨ ᠰᠣᠯᠢᠯᠴᠠᠭ᠎ᠠ ᠶᠢ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠤ ᠶᠠᠪᠤᠯᠴᠠᠭ᠎ᠠ | ᠪᠠ ᠨᠥᠭᠦᠷᠰᠡᠭ ᠰᠡᠳᠬᠢᠯᠭᠡ ᠶᠢ ᠨᠡᠮᠡᠭᠳᠡᠭᠦᠯᠦᠨ᠎ᠡ᠃ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠤᠭᠰᠠᠨ | ᠠᠮᠵᠢᠯᠲᠠ ᠪᠦᠲᠦᠮᠵᠢ ᠬᠥᠮᠥᠰ ᠢ ᠪᠢᠰᠢᠷᠡᠭᠦᠯᠪᠡ᠂ ᠪᠷᠠᠽᠢᠯ ᠳᠤᠷᠠᠲᠠᠶ᠎ᠠ ᠳᠤᠮᠳᠠᠳᠤ ᠤᠯᠤᠰ ᠤᠨ ᠲᠤᠷᠰᠢᠯᠭ᠎ᠠ ᠶᠢ | ᠰᠤᠷᠤᠯᠴᠠᠨ ᠲᠣᠯᠢ ᠪᠤᠯᠭᠠᠵᠤ᠂ ᠨᠡᠩ ᠤᠯᠠᠨ ᠬᠥᠮᠥᠨ ᠢ ᠶᠠᠳᠠᠭᠤ ᠬᠦᠴᠢᠷᠳᠡᠯ ᠪᠠ ᠥᠯᠥᠰᠬᠦᠯᠡᠩ ᠠᠴᠠ | ᠠᠩᠭᠢᠵᠢᠷᠠᠭᠤᠯᠤᠨ᠎ᠠ᠃ ᠣᠳᠣᠬᠠᠨ ᠤ ᠪᠠᠶᠢᠳᠠᠯ ᠳᠣᠣᠷ᠎ᠠ ᠤᠯᠠᠨ ᠲᠠᠯᠠᠲᠤ ᠦᠵᠡᠯ ᠢ ᠡᠷᠡᠰ ᠬᠠᠮᠠᠭᠠᠯᠠᠬᠤ ᠨᠢ | ᠲᠦᠢᠯ ᠤᠨ ᠴᠢᠬᠤᠯᠠ ᠶᠤᠮ᠂ ᠬᠠᠮᠠᠭᠠᠯᠠᠬᠤ ᠦᠵᠡᠯ᠂ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠢᠶᠠᠨ | ᠲᠠᠲᠠᠪᠤᠷᠢᠯᠠᠬᠤ ᠨᠢ ᠬᠥᠭᠵᠢᠯ ᠴᠡᠴᠡᠭᠯᠡᠯ ᠢ ᠠᠪᠴᠢᠷᠠᠵᠤ ᠴᠢᠳᠠᠬᠤ ᠦᠭᠡᠢ᠂ ᠵᠥᠪᠭᠡᠨ ᠰᠠᠮᠠᠭᠤᠷᠠᠯ ᠢ ᠪᠤᠢ ᠪᠣᠯᠭᠠᠨ᠎ᠠ᠃ | ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠥᠷᠢᠰᠦᠯᠳᠦᠭᠡᠨ ᠢ ᠠᠷᠭᠠᠴᠠᠭᠠᠬᠤ ᠡᠷᠡᠰ ᠪᠠᠲᠤ ᠣᠪᠣᠷ ᠨᠢ ᠡᠯ᠎ᠡ | ᠤᠯᠤᠰ ᠤᠨ ᠬᠦᠴᠦᠨ ᠴᠢᠳᠠᠯ ᠪᠠ ᠢᠲᠡᠭᠡᠯ ᠵᠣᠷᠢᠭ ᠢ ᠬᠥᠪᠴᠢᠯᠡᠵᠦ ᠪᠠᠶᠢᠨ᠎ᠠ᠃ ᠪᠷᠠᠽᠢᠯ ᠤᠨ ᠬᠢᠨ ᠳᠤᠷᠠᠲᠠᠶ᠎ᠠ | ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ | ᠠᠰᠢᠭ ᠲᠤᠰᠠ ᠶᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ | ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠵᠤ᠂ ᠡᠩᠬᠡ | ᠲᠠᠶᠢᠪᠤᠩ ᠢ ᠡᠷᠭᠢᠮᠯᠡᠭᠦ ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ ᠪᠠ ᠪᠷᠠᠽᠢᠯ ᠬᠤᠶᠠᠷ ᠤᠯᠤᠰ | ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ︽ᠡᠩᠬᠡ ᠲᠠᠶᠢᠪᠤᠩ ᠤᠨ ᠨᠠᠶᠢᠵᠠ︾ ᠶᠢᠨ | ᠳᠤᠭᠤᠶᠢᠯᠠᠩ ᠤᠨ ᠦᠢᠯᠡᠳᠦᠯ ᠢᠶᠠᠨ ᠪᠠᠳᠠᠷᠠᠭᠤᠯᠵᠤ᠂ ᠣᠷᠣᠰ ᠪᠣᠯᠣᠨ ᠦᠺᠷᠠᠶᠢᠨ ᠤ ᠰᠢᠭᠤᠳ ᠶᠠᠷᠢᠯᠴᠠᠭ᠎ᠠ ᠬᠢᠬᠦ ᠶᠢ | ᠳᠡᠮᠵᠢᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠬᠢᠮᠤᠷᠠᠯ ᠢ | ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠤᠨ᠎ᠠ ᠭᠡᠵᠦ ᠰᠠᠨᠠᠯ ᠨᠢᠭᠡᠲᠡᠢ | ᠵᠥᠪᠰᠢᠶᠡᠷᠡᠪᠡ᠃ | ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠳᠡᠭᠡ ᠠᠵᠤ ᠠᠬᠤᠢ᠂ | ᠲᠣᠭᠠᠴᠢᠯᠠᠭᠰᠠᠨ ᠠᠵᠤ ᠠᠬᠤᠢ᠂ ᠮᠥᠩᠭᠦᠨ ᠭᠦᠢᠯᠭᠡᠭᠡᠨ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ | ᠵᠠᠭᠤᠴᠢᠯᠠᠭᠤᠷ ᠵᠡᠷᠭᠡ ᠬᠦᠷᠢᠶᠡᠨ ᠤ 20 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ | ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | ᠬᠤᠶᠠᠷ ᠲᠠᠯ᠎ᠠ ᠪᠠᠷ ᠢᠶᠠᠨ ︽ᠨᠡᠩ ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠨᠡᠩ ᠦᠷᠭᠦᠯᠵᠢᠯᠡᠬᠦ ᠤᠳᠤᠨ | ᠪᠥᠮᠪᠥᠷᠴᠡᠭ ᠢ ᠭᠠᠷ ᠬᠤᠯᠪᠣᠨ ᠪᠠᠶᠢᠭᠤᠯᠬᠤ ᠳᠤᠮᠳᠠᠳᠤ ᠪᠷᠠᠽᠢᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠴᠢᠩᠭᠠᠳᠬᠠᠵᠤ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠬᠤᠯᠪᠣᠭᠠᠨ ᠤ ᠪᠷᠠᠽᠢᠯ ᠤᠯᠤᠰ ᠤᠨ ᠬᠠᠮᠲᠤᠷᠠᠭᠰᠠᠨ | ᠢᠯᠡᠷᠬᠡᠶᠢᠯᠡᠯᠲᠡ︾ ᠪᠣᠯᠣᠨ ︽ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠪᠷᠠᠽᠢᠯ ᠤᠨ ᠬᠠᠮᠲᠤᠷᠠᠭᠰᠠᠨ | ᠢᠯᠡᠷᠬᠡᠶᠢᠯᠡᠯᠲᠡ︾ ᠶᠢ ᠨᠡᠶᠢᠲᠡᠯᠡᠪᠡ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ ᠯᠦᠯᠠ ᠪᠣᠯᠣᠨ ᠲᠡᠭᠦᠨ ᠤ ᠬᠠᠳᠤᠨ | ᠯᠦᠸᠧᠰᠠᠩᠷᠧᠯᠠ ᠶᠢ ᠤᠭᠲᠤᠬᠤ ᠶᠣᠰᠣᠯᠠᠯ ᠶᠠᠪᠤᠭᠤᠯᠪᠠ᠃ | ᠯᠦᠯᠠ ᠬᠦᠷᠴᠦ ᠢᠷᠡᠬᠦ ᠳᠤ ᠶᠣᠰᠣᠯᠠᠯ ᠤᠨ ᠴᠡᠷᠢᠭ ᠮᠥᠷᠯᠡᠨ ᠶᠣᠰᠣᠯᠠᠪᠠ᠃ ᠰᠢ ᠶᠢᠨ ᠫᠢᠩ ᠪᠣᠯᠣᠨ ᠯᠦᠯᠠ | ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠪᠷᠠᠽᠢᠯ ᠬᠤᠶᠠᠷ | ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ | ᠫᠤᠤ ᠶᠢ 21 ᠳᠤᠤᠭᠠᠷᠭᠠᠪᠠ᠃ ᠯᠦᠯᠠ ᠰᠢ ᠶᠢᠨ ᠫᠢᠩ ᠤᠨ ᠪᠡᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ | ᠰᠣᠨᠢᠷᠬᠠᠪᠠ᠃ | ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠯᠦᠯᠠ ᠪᠣᠯᠣᠨ ᠲᠡᠭᠦᠨ ᠤ ᠬᠠᠳᠦᠨ ᠢ ᠤᠭᠲᠤᠬᠤ | ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |