ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ | ᠦᠵᠡᠯ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠶᠢᠨ | ᠲᠥᠯᠥᠭᠡ᠂ ︽ᠲᠠᠪᠤᠨ ᠰᠠᠷ᠎ᠠ ᠶᠢᠨ ᠲᠦᠷᠪᠡᠨ ᠤ ᠬᠥᠳᠡᠯᠭᠡᠭᠡᠨ︾ ᠤ 106 ᠵᠢᠯ ᠤᠨ ᠤᠢ ᠶᠢ ᠳᠤᠷᠠᠰᠬᠠᠬᠤ | ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠯᠠᠭᠤᠴᠤᠳ ᠤᠨ | ᠠᠵᠢᠯ ᠤᠨ ᠵᠥᠪᠯᠡᠯ ︽ᠵᠠᠯᠠᠭᠤ ᠨᠠᠰᠤᠨ ᠤ ᠴᠤᠭ ᠵᠢᠪᠬᠤᠭ᠎ᠠ ᠶᠢ ᠪᠠᠳᠠᠷᠠᠭᠤᠯᠵᠤ ᠲᠤᠭ᠎ᠠ ᠪᠦᠷᠢᠳᠬᠡᠯ ᠤᠨ ᠠᠵᠢᠯ ᠤᠨ | ᠪᠠᠶᠢᠷᠢ ᠶᠢ ᠪᠡᠶᠡᠴᠢᠯᠡᠨ ᠣᠶᠢᠯᠠᠭᠠᠶ᠎ᠠ︾ ᠭᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯ ᠤᠨ | ᠪᠠᠶᠢᠷᠢ ᠠᠯᠤᠰᠯᠠᠭᠰᠠᠨ ᠦᠢᠯᠡᠳᠦᠯᠭᠡ ᠪᠠᠷ ᠳᠠᠮᠵᠢᠨ ᠠᠵᠢᠯ ᠤᠨ ︽ᠰᠢᠨ᠎ᠡ ᠬᠠᠷᠠᠭᠠᠰᠤ︾ ᠶᠢ ᠢᠯᠡᠷᠡᠭᠦᠯᠵᠦ᠂ | ᠠᠵᠢᠯ ᠤᠨ ᠰᠢᠨ᠎ᠡ ᠰᠡᠳᠬᠢᠴᠡ ᠶᠢ ᠡᠷᠢᠯᠬᠢᠯᠡᠵᠦ᠂ ᠵᠠᠯᠠᠭᠤ ᠺᠠᠳ᠋ᠷᠴᠤᠳ ᠤᠨ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠪᠡ᠃ | ᠠᠵᠢᠯ ᠤᠨ ᠪᠠᠶᠢᠷᠢ ᠪᠠᠨ ᠬᠠᠷᠢᠯᠴᠠᠨ ᠰᠣᠯᠢᠬᠤ ᠠᠵᠢᠯᠯᠠᠭ᠎ᠠ ᠳᠤᠮᠳᠠ᠂ ᠪᠦᠬᠦ ᠲᠣᠪᠴᠢᠶ᠎ᠠ ᠶᠢᠨ ᠡᠯ᠎ᠡ ᠭᠠᠵᠠᠷ | ᠲᠠᠰᠤᠭ᠂ ᠨᠢᠭᠡᠴᠢ ᠶᠢᠨ ᠵᠠᠯᠠᠭᠤ ᠺᠠᠳ᠋ᠷᠴᠤᠳ ᠢᠳᠡᠪᠬᠢᠲᠡᠢ ᠣᠷᠣᠯᠴᠠᠵᠤ᠂ ᠵᠠᠰᠠᠭ ᠵᠠᠬᠢᠷᠭᠠᠨ ᠤ ᠭᠠᠵᠠᠷ ᠲᠠᠰᠤᠭ | ᠪᠣᠯᠤᠨ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠤᠭᠤᠷᠣᠨᠳᠣ ᠳᠦᠷᠢ ᠪᠠᠨ ᠬᠠᠷᠢᠯᠴᠠᠨ ᠰᠣᠯᠢᠯᠴᠠᠵᠤ | ᠪᠡᠶᠡᠴᠢᠯᠡᠨ ᠣᠶᠢᠯᠠᠭᠠᠬᠤ ᠪᠠ ᠠᠵᠢᠯ ᠤᠨ ᠣᠯᠤᠯᠲᠠ ᠪᠠᠨ ᠰᠣᠯᠢᠯᠴᠠᠵᠤ᠂ ᠵᠠᠯᠠᠭᠤ ᠺᠠᠳ᠋ᠷᠴᠤᠳ ᠢ ᠲᠤᠭ᠎ᠠ | ᠪᠦᠷᠢᠳᠬᠡᠯ ᠤᠨ ᠠᠵᠢᠯ ᠳᠤ ᠨᠡᠩ ᠪᠦᠬᠦ ᠲᠠᠯ᠎ᠠ ᠶᠢᠨ᠂ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠬᠠᠷᠢᠯᠴᠠᠨ | ᠣᠶᠢᠯᠠᠭᠠᠯᠴᠠᠬᠤ᠂ ᠬᠠᠷᠢᠯᠴᠠᠨ ᠬᠠᠮᠵᠢᠯᠴᠠᠬᠤ᠂ ᠬᠠᠮᠲᠤ ᠪᠠᠷ ᠳᠡᠭᠡᠭᠰᠢᠯᠡᠬᠦ ᠰᠠᠶᠢᠨ ᠰᠠᠶᠢᠬᠠᠨ ᠠᠵᠢᠯ ᠤᠨ ᠠᠭᠤᠷ | ᠠᠮᠢᠰᠬᠤᠯ ᠢ ᠪᠤᠢ ᠪᠣᠯᠭᠠᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ | ᠲᠣᠰ ᠤᠳᠠᠭᠠᠨ ᠤ ᠠᠵᠢᠯ ᠤᠨ ᠪᠠᠶᠢᠷᠢ ᠶᠢᠨ ᠬᠠᠷᠢᠯᠴᠠᠨ ᠪᠡᠶᠡᠴᠢᠯᠡᠨ ᠣᠶᠢᠯᠠᠭᠠᠬᠤ ᠨᠢ ᠲᠤᠭ᠎ᠠ ᠪᠦᠷᠢᠳᠬᠡᠯ ᠤᠨ | ᠠᠵᠢᠯ ᠤᠨ ᠰᠢᠰᠲ᠋ᠧᠮᠲᠦ ᠴᠢᠨᠠᠷ ᠢ ᠨᠠᠩ ᠰᠢᠭᠤᠳ ᠣᠶᠢᠯᠠᠭᠠᠵᠤ᠂ ᠡᠳᠦᠷ ᠲᠤᠲᠤᠮ ᠤᠨ ᠠᠵᠢᠯ ᠤᠨ ᠳᠤᠮᠳᠠ | ᠤᠤᠯ ᠤᠨ ᠰᠡᠳᠬᠢᠬᠦᠶ ᠪᠠᠨ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠳᠤ ᠠᠰᠢᠭᠲᠠᠶ | ᠶᠤᠮ ᠭᠡᠵᠡᠶ᠃ | ᠲᠣᠰ ᠤᠳᠠᠭᠠᠨ ᠤ ᠠᠵᠢᠯ ᠤᠨ ᠪᠠᠶᠢᠷᠢ ᠶᠢᠨ ᠪᠡᠶᠡᠴᠢ ᠣᠶᠢᠯᠠᠭᠠᠯᠲᠠ ᠠᠴᠠ ᠪᠢ ᠠᠵᠤ ᠦᠢᠯᠡᠳᠪᠦᠷᠢ ᠶᠢᠨ ᠠᠵᠤ | ᠠᠬᠤᠶ ᠶᠢᠨ ᠠᠵᠢᠯᠯᠠᠭᠠᠨ ᠤ ᠲᠤᠬᠠᠶ ᠪᠥᠬᠦ ᠲᠠᠯ᠎ᠠ ᠶᠢᠨ ᠲᠠᠨᠢᠯᠲᠠ ᠲᠠᠢ ᠪᠣᠯᠤᠭᠰᠠᠨ ᠪᠥᠭᠡᠳ ᠭᠠᠵᠠᠷ ᠲᠠᠰᠤᠭ ᠤᠨ | ᠬᠤᠭᠤᠷᠣᠨᠳᠣᠬᠢ ᠬᠠᠮᠵᠢᠯᠴᠠᠬᠤ ᠦᠢᠯᠡᠳᠦᠯ ᠢ ᠴᠢᠩᠭᠠᠳᠬᠠᠬᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠳᠤ | ᠨᠠᠩ ᠭᠦᠨᠵᠡᠭᠡᠶ ᠣᠶᠢᠯᠠᠭᠠᠯᠲᠠ ᠲᠠᠢ ᠪᠣᠯᠵᠣ᠂ ᠨᠠᠩ ᠴᠤ ᠤᠤᠯ ᠤᠨ ᠰᠡᠳᠬᠢᠬᠦᠶ ᠶᠢᠨ ᠬᠢᠵᠠᠭᠠᠷᠯᠠᠯ ᠠᠴᠠ | ᠮᠤᠯᠲᠤᠷᠠᠵᠤ᠂ ᠨᠠᠩ ᠬᠤᠷᠸ᠎ᠠ ᠲᠠᠯ᠎ᠠ ᠠᠴᠠ ᠲᠤᠭ᠎ᠠ ᠪᠦᠷᠢᠳᠬᠡᠯ ᠤᠨ ᠠᠵᠢᠯ ᠢ ᠣᠶᠢᠯᠠᠭᠠᠬᠤ ᠶᠢᠨ ᠬᠠᠮᠲᠤ ᠲᠣᠰ | ᠪᠡᠶ᠎ᠡ ᠶᠢᠨ ᠠᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠳᠤ ᠨᠠᠩ ᠭᠦᠨᠵᠡᠭᠡᠶ ᠪᠣᠳᠣᠯᠬᠢᠯᠠᠯ ᠲᠠᠢ ᠪᠣᠯᠵᠠᠶ᠃ | ᠬᠠᠷᠭᠤᠭᠤᠯᠤᠨ ᠪᠣᠳᠣᠬᠤ ᠭᠠᠵᠠᠷ ᠤᠨ ᠸᠠᠩ ᠱᠤᠸᠠᠢ ︵ᠠᠵᠤ ᠦᠢᠯᠡᠳᠪᠦᠷᠢ ᠶᠢᠨ ᠭᠠᠵᠠᠷ ᠢ ᠪᠡᠶᠡᠴᠢᠯᠡᠨ | ᠣᠶᠢᠯᠠᠭᠠᠪᠠ︶ | ᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠴᠠᠭᠠᠬᠤ ᠠᠰᠠᠭᠤᠯᠲᠠ ᠶᠢᠨ ᠬᠠᠭᠤᠳᠠᠰᠤ ᠶᠢ ᠬᠢᠨᠠᠨ | ᠬᠠᠷᠭᠤᠭᠤᠯᠬᠤ ᠪᠠ ᠵᠠᠰᠠᠪᠤᠷᠢ ᠣᠷᠣᠭᠤᠯᠬᠤ᠂ ᠠᠶᠢᠮᠠᠭ ᠬᠤᠳᠠ ᠶᠢᠨ ᠪᠠᠶᠢᠴᠠᠭᠠᠯᠲᠠ ᠶᠢᠨ ᠲᠦᠷᠦᠯ ᠵᠦᠢᠯ ᠢ ᠪᠦᠬᠦᠯᠢ | ᠴᠣᠭᠴᠠ ᠪᠠᠷ ᠬᠤᠷᠢᠶᠠᠩᠭᠤᠶᠢᠯᠠᠵᠤ ᠬᠠᠮᠲᠤ ᠪᠠᠷ ᠡᠳ᠋ᠯᠡᠬᠦ ᠵᠡᠷᠭᠡ ᠠᠭᠤᠯᠭ᠎ᠠ ᠳᠤ ᠣᠷᠣᠯᠴᠠᠵᠤ᠂ ᠶᠡᠬᠡᠬᠡᠨ ᠣᠯᠣᠯᠲᠠ | ᠲᠠᠢ᠃ ᠠᠵᠢᠯ ᠤᠨ ᠪᠠᠶᠢᠷᠢ ᠶᠢᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠨᠢ ᠪᠠᠶᠢᠷᠢ ᠰᠣᠯᠢᠵᠤ ᠰᠡᠳᠬᠢᠬᠦ ᠪᠠ | ᠨᠡᠪᠲᠡᠷᠡᠯᠴᠡᠨ ᠬᠠᠮᠵᠢᠯᠴᠠᠬᠤ ᠶᠢ ᠠᠬᠢᠭᠤᠯᠵᠤ᠂ ᠮᠢᠨᠦ ᠲᠠᠷᠠᠭᠠᠴᠢ ᠶᠢᠨ ᠠᠯᠬᠤᠮ ᠤᠨ ᠲᠤᠬᠠᠶᠢᠯᠠᠭᠰᠠᠨ ᠠᠵᠢᠯ ᠢᠶᠠᠨ | ᠰᠠᠶᠢᠲᠤᠷ ᠬᠢᠬᠦ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠶᠡᠭᠡ ᠬᠠᠪᠰᠤᠷᠤᠯᠭ᠎ᠠ ᠪᠣᠯᠬᠤ ᠶᠤᠮ᠃ | ᠠᠵᠢᠯᠲᠠᠨ ᠤ ᠶᠠᠪᠤᠳᠠᠯ ᠤᠨ ᠭᠠᠵᠠᠷ ᠤᠨ ᠮᠠ ᠲᠤᠤ ︵ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢᠨ ᠲᠥᠪ ᠢ | ᠪᠡᠶᠡᠴᠢᠯᠡᠨ ᠣᠶᠢᠯᠠᠭᠠᠪᠠ︶ | ᠠᠵᠢᠯ ᠤᠨ ᠪᠠᠶᠢᠷᠢ ᠶᠢᠨ ᠪᠡᠶᠡᠴᠢ ᠣᠶᠢᠯᠠᠭᠠᠯᠲᠠ ᠪᠠᠷ ᠳᠠᠮᠵᠢᠭᠤᠯᠤᠨ᠂ ᠪᠢ ᠵᠠᠰᠠᠭ ᠵᠠᠬᠢᠷᠭᠠᠨ ᠤ ᠠᠵᠢᠯ ᠤᠨ | ᠪᠥᠬᠦ ᠲᠠᠯ᠎ᠠ ᠶᠢᠨ ᠴᠢᠨᠠᠷ ᠪᠠ ᠦᠢᠯᠡᠴᠢᠯᠡᠭᠡᠨ ᠤ ᠴᠢᠨᠠᠷ ᠤᠨ ᠣᠨᠴᠠᠯᠢᠭ ᠰᠢᠨᠵᠢ ᠶᠢ ᠭᠦᠨᠵᠡᠭᠡᠶ ᠣᠶᠢᠯᠠᠭᠠᠵᠤ᠂ ᠵᠠᠰᠠᠭ | ᠵᠠᠬᠢᠷᠭᠠᠨ ᠤ ᠠᠵᠢᠯ ᠤᠨ ᠲᠥᠪ ᠴᠢᠩᠭ᠎ᠠ ᠴᠢᠨᠠᠷ ᠪᠠ ᠨᠠᠷᠢᠨ ᠪᠤᠳᠤᠯᠢᠶᠠᠨᠲᠤ ᠴᠢᠨᠠᠷ ᠢ ᠰᠢᠭᠤᠳ ᠮᠡᠳᠡᠷᠡᠵᠦ᠂ | ᠠᠵᠢᠯᠲᠠᠨ ᠤ ᠶᠠᠪᠤᠳᠠᠯ ᠤᠨ ᠠᠵᠢᠯ ᠳᠤ ᠲᠦᠷᠢᠮ ᠢ ᠣᠨᠣᠪᠴᠢᠲᠠᠶ ᠬᠡᠷᠡᠭᠵᠢᠭᠦᠯᠦᠨ᠂ ᠲᠠᠰ ᠳᠠᠷᠠᠭᠠᠯᠠᠯ ᠢ ᠴᠢᠩᠭ᠎ᠠ | ᠵᠢᠷᠤᠮᠵᠢᠭᠤᠯᠬᠤ ᠬᠡᠷᠡᠭᠲᠡᠶ ᠮᠥᠷᠲᠡᠭᠡᠨ ᠪᠠᠰᠠ ᠨᠡᠪᠲᠡᠷᠡᠯᠴᠡᠨ ᠵᠣᠬᠢᠴᠠᠭᠤᠯᠬᠤ ᠪᠠ ᠲᠠᠶᠢᠯᠪᠤᠷᠢᠯᠠᠬᠤ ᠠᠵᠢᠯ ᠢ ᠰᠠᠶᠢᠲᠤᠷ | ᠬᠢᠬᠦ ᠬᠡᠷᠡᠭᠲᠡᠶ᠃ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠠᠵᠢᠯᠲᠠᠨ ᠪᠣᠯᠤᠭᠰᠠᠨ ᠤ ᠬᠤᠪᠢ ᠳᠤ᠂ | ᠬᠤᠶᠢᠰᠢᠳᠠ ᠵᠠᠰᠠᠭ ᠵᠠᠬᠢᠷᠭᠠᠨ ᠤ ᠱᠠᠭᠠᠷᠳᠠᠯᠭ᠎ᠠ ᠲᠠᠢ ᠨᠠᠩ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠣᠰ | ᠪᠡᠶ᠎ᠡ ᠶᠢᠨ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠵᠢᠷᠤᠮᠵᠢᠯᠳᠤ ᠴᠢᠨᠠᠷ ᠢ ᠳᠡᠭᠡᠭᠰᠢᠯᠡᠭᠦᠯᠬᠦ ᠪᠣᠯᠤᠨ᠎ᠠ᠃ | ᠦᠢᠯᠡᠴᠢᠯᠡᠭᠡᠨ ᠤ ᠭᠠᠵᠠᠷ ᠤᠨ ᠴᠧᠨ ᠵᠢᠶᠠ ᠶᠤᠸᠠᠨ ︵ᠠᠵᠢᠯᠲᠠᠨ ᠤ ᠶᠠᠪᠤᠳᠠᠯ ᠤᠨ ᠭᠠᠵᠠᠷ ᠢ ᠪᠡᠶᠡᠴᠢᠯᠡᠨ | ᠣᠶᠢᠯᠠᠭᠠᠪᠠ︶ | ᠠᠵᠢᠯ ᠤᠨ ᠪᠠᠶᠢᠷᠢ ᠶᠢᠨ ᠪᠡᠶᠡᠴᠢᠯᠡᠨ ᠣᠶᠢᠯᠠᠭᠠᠬᠤ ᠬᠤᠭᠤᠴᠠᠭᠠᠨ ᠳᠤ᠂ ᠪᠢ ᠲᠠᠷᠢᠶᠠᠯᠠᠩ ᠮᠠᠯ ᠠᠵᠤ ᠠᠬᠤᠶ ᠶᠢᠨ | ᠭᠠᠵᠠᠷ ᠲᠤ ᠬᠦᠷᠴᠦ G101 ᠬᠦᠰᠦᠨᠦᠭᠲᠦ ᠶᠢᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠪᠠ ᠬᠢᠨᠠᠨ | ᠬᠠᠷᠭᠤᠭᠤᠯᠵᠤ ᠰᠢᠯᠭᠠᠨ ᠠᠪᠬᠤ ᠶᠢ ᠭᠤᠤᠯᠳᠠᠯᠭ᠎ᠠ ᠲᠠᠢ ᠰᠤᠷᠤᠯᠴᠠᠪᠠ᠃ ᠡᠨᠡ ᠤᠳᠠᠭᠠᠨ ᠤ ᠠᠵᠢᠯ ᠤᠨ ᠪᠠᠶᠢᠷᠢ ᠶᠢᠨ | ᠪᠡᠶᠡᠴᠢᠯᠡᠨ ᠣᠶᠢᠯᠠᠭᠠᠬᠤ ᠠᠵᠢᠯᠯᠠᠭ᠎ᠠ ᠨᠢ ᠮᠢᠨᠦ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠢ ᠣᠶᠢᠯᠠᠭᠠᠬᠤ ᠳᠤ | ᠲᠣᠬᠢᠶᠠᠯ ᠣᠯᠭᠤᠵᠤ᠂ ᠮᠡᠳᠡᠭᠦᠯᠬᠦ ᠬᠦᠰᠦᠨᠦᠭᠲᠦ ᠶᠢ ᠮᠡᠳᠡᠭᠦᠯᠦᠨ ᠬᠦᠷᠭᠡᠬᠦ ᠶᠠᠪᠤᠴᠠ ᠳᠤ ᠵᠢᠩᠬᠢᠨᠢ ᠣᠷᠣᠯᠴᠠᠭᠰᠠᠨ | ᠪᠥᠭᠡᠳ ᠲᠤᠭ᠎ᠠ ᠪᠦᠷᠢᠳᠬᠡᠯ ᠤᠨ ᠮᠡᠳᠡᠭᠡ ᠵᠠᠩᠭᠢ᠂ ᠵᠥᠪᠯᠡᠯᠭᠡ ᠥᠭᠬᠦ᠂ ᠬᠢᠨᠠᠯᠲᠠ ᠲᠠᠯᠪᠢᠬᠤ ᠭᠤᠷᠪᠠᠨ ᠶᠡᠭᠡ | ᠡᠭᠦᠷᠭᠡ ᠴᠢᠳᠠᠪᠤᠷᠢ ᠶᠢᠨ ᠲᠤᠬᠠᠶ ᠨᠡᠩ ᠭᠦᠨᠵᠡᠭᠡᠶ ᠲᠠᠨᠢᠯᠲᠠ ᠲᠠᠢ ᠪᠣᠯᠭᠠᠵᠤ᠂ ᠠᠯᠪᠠᠨ ᠭᠡᠷ ᠤᠨ ᠦᠢᠯᠡᠴᠢᠯᠡᠭᠡ | ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠳᠤ ᠰᠢᠨ᠎ᠡ ᠰᠡᠳᠬᠢᠮᠵᠢ ᠪᠠ ᠰᠢᠨ᠎ᠡ ᠪᠣᠳᠣᠯ ᠢ ᠬᠠᠩᠭᠠᠭᠰᠠᠨ ᠪᠠᠶᠢᠨ᠎ᠠ᠃ | ᠠᠯᠪᠠᠨ ᠬᠡᠷ ᠤᠨ ᠦ᠋ ᠳ᠋ᠢ ︵ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠢ ᠪᠡᠶᠡᠴᠢᠯᠡᠨ ᠣᠶᠢᠯᠠᠭᠠᠪᠠ︶ | ᠤᠷᠤᠰᠬᠠᠯ ᠤᠰᠤ ᠦᠮᠡᠬᠡᠶᠢᠷᠡᠬᠦ ᠦᠭᠡᠢ ᠤᠭᠯᠤᠷᠠᠭᠠ ᠮᠣᠳᠣ ᠬᠤᠷᠣᠬᠠᠶᠢᠲᠤᠬᠤ ᠦᠭᠡᠢ᠃ ᠠᠵᠢᠯ ᠤᠨ | ᠪᠠᠶᠢᠷᠢ ᠪᠠᠨ ᠬᠠᠷᠢᠯᠴᠠᠨ ᠰᠣᠯᠢᠬᠤ ᠨᠢ ︽ᠪᠡᠶᠡᠴᠢᠯᠡᠨ ᠣᠶᠢᠯᠠᠭᠠᠬᠤ ᠬᠢᠴᠢᠶᠡᠯ︾ ᠪᠣᠯᠬᠤ ᠪᠠᠷ ᠪᠠᠷᠠᠬᠤ ᠥᠬᠡᠶ᠂ ᠪᠠᠰᠠ | ︽ᠲᠣᠯᠢᠨ ᠳᠤ ᠵᠢᠰᠦ ᠪᠠᠨ ᠦᠵᠡᠬᠦ︾ ᠶᠠᠪᠤᠳᠠᠯ ᠪᠣᠯᠤᠨ᠎ᠠ᠂ ᠬᠠᠷᠢᠯᠴᠠᠨ ᠪᠡᠶᠡᠴᠢᠯᠡᠨ ᠣᠶᠢᠯᠠᠭᠠᠬᠤ ᠪᠠᠷ | ᠳᠠᠮᠵᠢᠭᠤᠯᠤᠨ᠂ ᠠᠵᠢᠯ ᠤᠨ ᠪᠠᠶᠢᠷᠢ ᠶᠢᠨ ᠪᠠᠬᠢᠯᠡᠯᠲᠡ ᠶᠢ ᠡᠪᠳᠡᠵᠦ᠂ ᠪᠥᠬᠦ ᠲᠣᠪᠴᠢᠶ᠎ᠠ ᠶᠢᠨ ᠵᠠᠯᠠᠭᠤ ᠺᠠᠳ᠋ᠷ᠂ | ᠢᠯᠠᠩᠭᠤᠶ᠎ᠠ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷ ᠤᠨ ᠲᠤᠭ᠎ᠠ ᠪᠦᠷᠢᠳᠬᠡᠯ ᠤᠨ ᠠᠵᠢᠯ ᠤᠨ ᠪᠥᠬᠦ | ᠬᠡᠯᠬᠢᠶᠡᠨ ᠤ ᠲᠤᠬᠠᠶ ᠲᠠᠨᠢᠯᠲᠠ ᠶᠢ ᠨᠡᠮᠡᠭᠳᠡᠭᠦᠯᠵᠦ᠂ ︽ᠪᠣᠳᠣᠯᠭᠠᠰᠢᠷᠠᠯ ᠮᠠᠶ᠋ᠢᠭ︾ ᠢᠶᠠᠷ ᠪᠡᠶᠡᠴᠢᠯᠡᠨ ᠣᠶᠢᠯᠠᠭᠠᠬᠤ ᠳᠤ | ᠨᠢᠭᠡᠳᠦᠭᠡᠷ ᠹᠷᠣᠨᠲ ᠤᠨ ᠬᠠᠷᠠᠭᠠᠰᠤ ᠬᠠᠩᠭᠠᠵᠤ᠂ ᠲᠤᠭ᠎ᠠ ᠪᠦᠷᠢᠳᠬᠡᠯ ᠤᠨ ᠪᠥᠬᠦ ᠲᠠᠯ᠎ᠠ ᠶᠢᠨ ᠴᠢᠳᠠᠪᠤᠷᠢᠲᠠᠨ ᠢ | ᠬᠥᠮᠦᠵᠢᠭᠦᠯᠬᠦ᠂ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ᠂ ᠺᠠᠳ᠋ᠷ ᠤᠨ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠬᠥᠭᠵᠢᠭᠡᠬᠦ ᠳᠤ ᠢᠳᠡᠪᠬᠢᠲᠡᠶ ᠦᠢᠯᠡᠳᠦᠯ ᠦᠵᠡᠭᠦᠯᠵᠦ᠂ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ | ᠥᠬᠡᠶ ᠠᠬᠢᠭᠤᠯᠵᠤ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠳᠤ ᠵᠠᠯᠠᠭᠤ ᠨᠠᠰᠤᠨ ᠤ | ᠬᠦᠴᠦᠨ ᠴᠢᠳᠠᠯ ᠢᠶᠠᠨ ᠡᠷᠭᠦᠨ᠎ᠡ᠃ | |