ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ 5 ᠰᠠᠷ᠎ᠠ ᠶᠢᠨ 14 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ | ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠤᠳ᠋ᠷᠤ᠋ ᠲᠠᠢ ᠠᠭᠤᠯᠵᠠᠪᠠ᠃ | | | | 5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ | ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠤᠲ᠋ᠧᠷᠤ᠋ ᠲᠠᠢ | ᠠᠭᠤᠯᠵᠠᠪᠠ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ︶ | ᠰᠢ ᠶᠢᠨ ᠫᠢᠩ᠂ ᠺᠣᠯᠣᠮᠪᠢᠶ᠎ᠠ ᠪᠣᠯ ᠯᠠᠲ᠋ᠢᠨ ᠠᠮᠧᠷᠢᠺᠠ ᠲᠢᠪ ᠤᠨ ᠴᠢᠬᠤᠯᠠ ᠤᠯᠤᠰ ᠮᠥᠨ᠂ ᠳᠤᠮᠳᠠᠳᠤ ᠤᠯᠤᠰ | ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠠ ᠠᠯᠤᠰ ᠭᠡᠲᠦ ᠶᠢᠨ ᠬᠠᠷᠠᠭᠠᠰᠤ ᠠᠴᠠ ᠬᠤᠶᠠᠷ ᠤᠯᠤᠰ ᠤᠨ | ᠬᠠᠷᠢᠯᠴᠠᠭ᠎ᠠ ᠶᠢ ᠬᠥᠭᠵᠢᠭᠦᠯᠬᠦ ᠳᠤ ᠬᠠᠨᠳᠤᠭᠰᠠᠭᠠᠷ ᠢᠷᠡᠭᠰᠡᠨ ᠶᠤᠮ᠃ ᠡᠨᠡ ᠵᠢᠯ ᠪᠣᠯ ᠳᠤᠮᠳᠠᠳᠤ ᠺᠣᠯᠣᠮᠪᠢᠶ᠎ᠠ ᠶᠢᠨ | ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯᠣᠨ᠎ᠠ᠃ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ | ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ | ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃ ᠬᠤᠶᠠᠷ ᠲᠠᠯ᠎ᠠ ᠪᠠᠷ ᠢᠶᠠᠨ ᠤᠯᠤᠰ | ᠲᠦᠷᠦ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ | ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠶ᠎ᠡ᠃ ᠺᠣᠯᠣᠮᠪᠢᠶ᠎ᠠ ᠶᠢᠨ ︽ᠨᠢᠭᠡ | ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠲᠣᠮᠣ ᠭᠡᠷ ᠪᠦᠯᠢ ᠳᠤ ᠵᠢᠩᠬᠢᠨᠢ ᠪᠠᠷ | ᠣᠷᠣᠯᠴᠠᠬᠰᠠᠨ ᠢᠶᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠬᠠᠮᠲᠤᠷᠠᠯᠴᠠᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠨᠡᠩ | ᠤᠯᠠᠨ ᠰᠢᠯᠢᠳᠡᠭ ᠦᠢᠯᠡᠳᠬᠦᠨ ᠢ ᠣᠷᠣᠭᠤᠯᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠣᠯᠣᠮᠪᠢᠶ᠎ᠠ ᠳᠤ | ᠬᠦᠷᠴᠦ ᠪᠡᠯᠡ ᠣᠷᠣᠭᠤᠯᠤᠨ ᠦᠢᠯᠡᠰ ᠪᠣᠰᠬᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ | ᠣᠷᠤᠯᠴᠠᠬᠤ ᠶᠢ ᠲᠡᠮᠵᠢᠨ᠎ᠡ᠃ ᠬᠤᠶᠠᠷ ᠲᠠᠯ᠎ᠠ ᠪᠠᠷ ᠢᠶᠠᠨ ᠰᠠᠯᠬᠢᠨ ᠡᠨᠧᠷᠭᠢ᠂ ᠰᠢᠨ᠎ᠡ ᠡᠨᠧᠷᠭᠢ ᠶᠢᠨ ᠮᠠᠰᠢᠨ ᠲᠡᠷᠭᠡ᠂ | ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ | ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠪᠡᠶᠡᠯᠡᠭᠦᠯᠦᠶ᠎ᠡ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | 45 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠤᠷᠭᠠᠨ ᠬᠥᠮᠦᠵᠢᠯ᠂ ᠰᠣᠶᠣᠯ᠂ | ᠵᠢᠭᠤᠯᠴᠢᠯᠠᠯ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ | ᠪᠠᠬᠢᠵᠢᠭᠦᠯᠦᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤᠷᠠᠯᠴᠠᠭ᠎ᠠ ᠪᠣᠯ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠴᠢᠬᠤᠯᠠ ᠪᠦᠷᠢᠯᠳᠦᠭᠦᠨ ᠬᠡᠰᠡᠭ | ᠪᠠᠶᠢᠵᠤ᠂ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ ᠪᠣᠯᠣᠨ ᠲᠡᠦᠬᠡ ᠶᠢᠨ ᠤᠷᠤᠰᠬᠠᠯ ᠢ ᠳᠠᠭᠠᠵᠤ᠂ | ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠤᠯᠤᠰ ᠤᠳ ᠤᠨ ᠬᠠᠮᠲᠤ ᠶᠢᠨ ᠠᠰᠢᠭ ᠲᠤᠰᠠ ᠳᠤ | ᠨᠡᠶᠢᠴᠡᠵᠦ ᠪᠠᠶᠢᠨ᠎ᠠ᠃ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ | ᠬᠤᠷᠠᠯ ᠠᠮᠵᠢᠯᠲᠠ ᠲᠠᠢ ᠬᠤᠷᠠᠯᠳᠤᠵᠤ᠂ ᠳᠡᠯᠡᠬᠡᠢ ᠳ᠋ᠠᠬᠢᠨ ᠳᠤ ᠬᠥᠭᠵᠢᠯ ᠮᠠᠨᠳᠤᠯ ᠢ ᠬᠠᠮᠲᠤ ᠪᠠᠷ ᠰᠦᠪᠡᠭᠴᠢᠯᠡᠬᠦ | ᠢᠳᠡᠪᠬᠢᠲᠡᠢ ᠳᠣᠬᠢᠶ᠎ᠠ ᠶᠢ ᠲᠠᠯᠪᠢᠵᠠᠢ᠃ ᠺᠣᠯᠣᠮᠪᠢᠶ᠎ᠠ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠬᠤᠷᠠᠯ ᠢ ᠠᠮᠵᠢᠯᠲᠠ ᠲᠠᠢ | ᠡᠷᠭᠢᠯᠡᠭᠦ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢ | ᠪᠠᠭᠲᠠᠭᠠᠭᠰᠠᠨ ᠯᠠᠲ᠋ᠢᠨ ᠠᠮᠧᠷᠢᠺᠠ ᠶᠢᠨ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ — ᠯᠠᠲ᠋ᠢᠨ ᠠᠮᠧᠷᠢᠺᠠ | ᠪᠣᠯᠣᠨ ᠺᠠᠷᠢᠪᠧ ᠶᠢᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ | ᠺᠠᠷᠢᠪᠧ ᠶᠢᠨ ᠤᠯᠤᠰ ᠤᠳ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠴᠢᠬᠤᠯᠠᠴᠢᠯᠠᠪᠠ᠃ | ᠫᠤᠳ᠋ᠷᠤ᠋᠂ ᠺᠣᠯᠣᠮᠪᠢᠶ᠎ᠠ ᠪᠣᠯᠣᠨ ᠳᠤᠮᠳᠠᠳᠤ ᠤᠯᠤᠰ ᠤᠨ ᠨᠥᠭᠦᠷᠰᠡᠭ ᠬᠠᠷᠢᠯᠴᠠᠭ᠎ᠠ ᠥᠨᠢ ᠤᠳᠠᠭᠠᠨ ᠲᠡᠦᠬᠡ ᠲᠠᠢ | ᠶᠤᠮ᠂ ᠺᠣᠯᠣᠮᠪᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠭᠦᠨᠵᠡᠭᠡᠢ ᠬᠥᠭᠵᠢᠭᠦᠯᠬᠦ ᠶᠢ | ᠬᠦᠰᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ | ᠬᠠᠷᠢᠯᠴᠠᠨ ᠳᠡᠮᠵᠢᠬᠦ ᠪᠠᠨ ᠴᠢᠩᠭᠠᠳᠬᠠᠶ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠵᠤ᠂ | ᠠᠷᠠᠯᠵᠢᠶ᠎ᠠ᠂ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠥᠷᠭᠡᠳᠬᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠶ᠎ᠠ᠃ ᠣᠳᠣᠬᠠᠨ ᠳᠤ᠂ | ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠬᠤᠪᠢᠰᠤᠯᠲᠠ ᠶᠡᠬᠡᠲᠡᠢ ᠪᠠᠶᠢᠵᠤ᠂ ᠣᠨᠴᠠ ᠵᠠᠷᠢᠮ ᠤᠯᠤᠰ ᠤᠨ | ᠠᠰᠢᠭ ᠲᠤ ᠰᠢᠨᠤᠬᠠᠶᠢᠷᠠᠬᠤ ᠬᠢᠳᠡᠯ ᠨᠢ ᠳᠡᠯᠡᠬᠡᠢ ᠳ᠋ᠠᠬᠢᠨ ᠳᠤ ᠠᠰᠢᠭ ᠦᠭᠡᠢ ᠪᠠᠶᠢᠵᠤ᠂ ᠡᠯ᠎ᠡ ᠤᠯᠤᠰ ᠪᠦᠯᠬᠦᠮᠳᠡᠨ | ᠠᠷᠭᠠᠴᠠᠭᠠᠪᠠᠯ ᠵᠣᠬᠢᠨ᠎ᠠ᠃ ᠺᠣᠯᠣᠮᠪᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠨᠢᠭᠲᠠ ᠬᠠᠮᠵᠢᠯᠴᠠᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ | ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ | ᠪᠣᠯᠣᠨ 21 ᠳ᠋ᠦ᠋ᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ | ᠠᠬᠢᠭᠤᠯᠬᠤ ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠪᠣᠯᠣᠨ ᠪᠦᠭᠦᠳᠡ | ᠨᠠᠶᠢᠷᠠᠮᠳᠠᠬᠤ ᠺᠣᠯᠣᠮᠪᠢᠶ᠎ᠠ ᠤᠯᠤᠰ ᠤᠨ ᠵᠠᠰᠠᠭ ᠤᠨ ᠣᠷᠳᠣᠨ ᠤ ᠬᠠᠮᠲᠤᠷᠠᠯᠴᠠᠭᠠᠨ ᠤ ᠲᠥᠯᠦᠪᠵᠢᠭᠦᠯᠭᠡ︾ ᠳᠤ | ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |