ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ 5 ᠰᠠᠷ᠎ᠠ ᠶᠢᠨ 14 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ | ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ᠃ | | | | 5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ | ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ | ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ | ᠠᠭᠤᠯᠵᠠᠪᠠ᠃ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠶᠠᠩ ᠰᠡᠭᠦᠳᠡᠷᠯᠡᠪᠡ︶ | ᠰᠢ ᠶᠢᠨ ᠫᠢᠩ᠂ ᠡᠨᠡ ᠵᠢᠯ ᠪᠣᠯ ᠳᠤᠮᠳᠠᠳᠤ ᠴᠢᠯᠢ ᠶᠢᠨ ᠬᠠᠷᠢᠯᠴᠠᠭ᠎ᠠ ᠪᠠᠶᠢᠭᠤᠯᠤᠭᠰᠠᠨ 55 ᠵᠢᠯ ᠤᠨ ᠤᠢ | ᠪᠣᠯᠣᠨ᠎ᠠ᠃ 55 ᠵᠢᠯ ᠤᠨ ᠡᠮᠦᠨ᠎ᠡ᠂ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ | ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠬᠦᠢᠲᠡᠨ ᠲᠠᠶᠢᠨ ᠤ ᠤᠨᠢᠶᠠᠷ ᠬᠦᠳᠡᠩ ᠢ ᠰᠢᠪᠲᠤᠯᠤᠨ᠂ ᠰᠢᠨ᠎ᠡ | ᠳᠤᠮᠳᠠᠳᠤ ᠤᠯᠤᠰ ᠪᠣᠯᠣᠨ ᠡᠮᠦᠨᠡᠲᠦ ᠠᠮᠧᠷᠢᠺᠠ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠶᠢᠭᠤᠯᠤᠭᠰᠠᠨ | ᠠᠩᠬᠠᠨ ᠤ ᠵᠠᠮ ᠢ ᠨᠡᠭᠡᠭᠡᠵᠡᠢ᠃ ᠬᠠᠭᠠᠰ ᠵᠠᠭᠤᠨ ᠭᠠᠷᠤᠢ ᠶᠢᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ | ᠬᠤᠪᠢᠷᠠᠭᠰᠠᠨ ᠴᠤ ᠳᠤᠮᠳᠠᠳᠤ ᠴᠢᠯᠢ ᠶᠢᠨ ᠬᠠᠷᠢᠯᠴᠠᠭ᠎ᠠ ᠶᠢᠨ ᠡᠨᠡ ᠬᠦ ᠬᠥᠯᠭᠡ ᠣᠩᠭᠤᠴᠠ ᠢᠮᠠᠭᠲᠠ ᠰᠠᠯᠬᠢ | ᠳᠠᠪᠠᠯᠭᠠᠨ ᠢ ᠰᠥᠷᠦᠨ ᠤᠷᠤᠭᠰᠢᠯᠠᠵᠤ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠤᠯᠤᠰ ᠤᠳ ᠤᠨ | ᠬᠠᠷᠢᠯᠴᠠᠭ᠎ᠠ ᠶᠢᠨ ᠬᠥᠭᠵᠢᠯᠲᠡ ᠶᠢᠨ ᠤᠷᠤᠰᠬᠠᠯ ᠢ ᠬᠥᠲᠥᠯᠥᠨ ᠳᠠᠭᠠᠭᠤᠯᠪᠠ᠃ ᠳᠤᠮᠳᠠᠳᠤ ᠤᠯᠤᠰ ᠪᠣᠯᠣᠨ ᠴᠢᠯᠢ | ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠴᠠᠭ | ᠦᠶ᠎ᠡ ᠶᠢᠨ ᠠᠭᠤᠯᠤᠭᠳᠠᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠵᠤ᠂ ᠳᠤᠮᠳᠠᠳᠤ ᠤᠯᠤᠰ — ᠯᠠᠲ᠋ᠢᠨ | ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠬᠥᠭᠵᠢᠯᠲᠡ ᠶᠢᠨ ᠬᠡᠪ ᠳᠠᠭᠤᠷᠢᠶᠠᠯ᠂ ᠬᠥᠭᠵᠢᠵᠦ | ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠵᠤ᠂ ᠬᠥᠮᠥᠨ ᠲᠥᠷᠥᠯᠬᠢᠲᠡᠨ ᠤ | ᠡᠩᠬᠡ ᠲᠠᠶᠢᠪᠤᠩ ᠪᠣᠯᠣᠨ ᠲᠠᠪᠰᠢᠯᠳᠠ ᠶᠢᠨ ᠦᠢᠯᠡᠰ ᠢ ᠬᠠᠮᠲᠤ ᠪᠠᠷ ᠠᠬᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠴᠢᠯᠢ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ | ᠪᠠᠲᠤᠳᠬᠠᠵᠤ᠂ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠳᠡᠭᠦ ᠶᠢ ᠪᠠᠷᠢᠮᠲᠠᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ | ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ᠂ ᠲᠤᠰ ᠲᠤᠰ ᠤᠨ ᠢᠶᠠᠨ ᠡᠵᠡᠨ ᠮᠡᠳᠡᠬᠦ ᠡᠷᠬᠡ᠂ ᠠᠮᠤᠷ | ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ᠂ ᠠᠵᠤ ᠦᠢᠯᠡᠰ ᠤᠨ | ᠪᠡᠯᠡ ᠣᠷᠣᠭᠤᠯᠤᠯᠲᠠ᠂ ᠰᠠᠭᠤᠷᠢ ᠲᠥᠬᠦᠭᠡᠷᠦᠮᠵᠢ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠵᠡᠷᠭᠡ | ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠳᠤᠨ ᠣᠷᠣᠨ᠂ ᠲᠦᠢᠯ ᠤᠨ ᠣᠷᠣᠨ᠂ ᠵᠣᠬᠢᠶᠠᠮᠠᠯ | ᠤᠶᠤᠨ ᠴᠢᠳᠠᠪᠤᠷᠢ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ | ᠨᠡᠮᠡᠭᠳᠡᠯ ᠤᠨ ᠴᠡᠭ ᠢ ᠪᠤᠶᠢᠵᠢᠭᠤᠯᠤᠶ᠎ᠠ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ | ᠠᠬᠤᠶᠢᠯᠠᠯ ᠤᠨ ᠴᠢᠯᠢ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ ᠶᠢ ᠳᠡᠮᠵᠢᠨ᠎ᠠ᠂ ᠴᠢᠯᠢ ᠶᠢᠨ | ᠨᠡᠩ ᠤᠯᠠᠨ ᠴᠢᠨᠠᠷ ᠰᠠᠶᠢᠲᠠᠢ ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ | ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠪᠠᠨ | ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠠᠭᠤᠴᠢᠯᠠᠭᠤᠷ᠂ ᠵᠠᠯᠠᠭᠤᠴᠤᠳ ᠵᠡᠷᠭᠡ ᠶᠢᠨ ᠰᠣᠯᠢᠯᠴᠠᠭᠠᠨ ᠤ | ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ᠂ ᠬᠤᠶᠠᠷ | ᠤᠯᠤᠰ ᠤᠨ ᠬᠠᠷᠢᠯᠴᠠᠭᠠᠨ ᠤ ᠠᠯᠤᠰ ᠭᠡᠳᠤ ᠶᠢᠨ ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ ᠠᠷᠠᠳ ᠤᠨ | ᠰᠠᠨᠠᠭᠠᠨ ᠤ ᠰᠠᠭᠤᠷᠢ ᠶᠢ ᠲᠠᠯᠪᠢᠵᠤ ᠥᠭᠭᠦᠶ᠎ᠡ᠃ ᠣᠳᠣᠬᠠᠨ ᠳᠤ᠂ ᠳᠡᠯᠡᠬᠡᠢ ᠶᠢᠨ ᠪᠠᠶᠢᠳᠠᠯ ᠬᠤᠪᠢᠷᠠᠯᠲᠠ ᠬᠥᠷᠪᠡᠭᠡᠨ | ᠰᠣᠯᠪᠢᠴᠠᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠭᠠᠷᠴᠤ᠂ ᠤᠯᠠᠨ | ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠳᠤ ᠬᠦᠨᠳᠦ ᠨᠣᠴᠢᠲᠠᠢ ᠳᠠᠭᠠᠷᠢᠯᠲᠠ ᠤᠴᠠᠷᠠᠭᠤᠯᠵᠤ | ᠪᠠᠶᠢᠨ᠎ᠠ᠃ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶᠠᠨ ᠤ ᠡᠷᠡᠰ ᠪᠠᠲᠤ ᠬᠠᠮᠠᠭᠠᠯᠠᠭᠴᠢ ᠪᠣᠯᠤᠭᠰᠠᠨ ᠤ | ᠬᠤᠪᠢ ᠳᠤ ᠳᠤᠮᠳᠠᠳᠤ ᠴᠢᠯᠢ ᠤᠯᠠᠨ ᠲᠠᠯᠠᠲᠤ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃ | ᠪᠦᠸᠧᠯᠢᠴᠢ᠂ ᠴᠢᠯᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠃ ᠳᠤᠮᠳᠠᠳᠤ ᠤᠯᠤᠰ ᠨᠢᠭᠡᠨᠲᠡ ᠴᠢᠯᠢ ᠶᠢᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ᠂ | ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠡᠢ᠃ | ᠴᠢᠯᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ | ᠠᠷᠠᠯᠵᠢᠶ᠎ᠠ᠂ ᠪᠡᠯᠡ ᠣᠷᠣᠭᠤᠯᠤᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠤᠯᠠᠮ ᠨᠢᠭᠡ ᠠᠯᠬᠤᠮ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ | ᠪᠠᠶᠢᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠴᠢᠯᠢ ᠳᠤᠮᠳᠠᠳᠤ ᠶᠢᠨ | ᠬᠠᠷᠢᠯᠴᠠᠭ᠎ᠠ ᠶᠢᠨ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ | ᠡᠯ᠎ᠡ ᠤᠯᠤᠰ ᠴᠢᠯᠦᠭᠡᠲᠦ ᠠᠷᠠᠯᠵᠢᠶ᠎ᠠ ᠪᠣᠯᠣᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ | ᠪᠠᠷᠢᠮᠲᠠᠯᠠᠪᠠᠯ ᠵᠣᠬᠢᠨ᠎ᠠ᠂ ᠠᠷᠠᠯᠵᠢᠶ᠎ᠠ ᠨᠢ ᠵᠥᠪᠭᠡᠨ ᠨᠢᠭᠡ ᠤᠯᠤᠰ ᠤᠨ ᠬᠤᠪᠢ ᠶᠢᠨ ᠠᠰᠢᠭ ᠲᠤᠰᠠ ᠳᠤ | ᠦᠢᠯᠡᠴᠢᠯᠡᠵᠦ ᠪᠤᠯᠬᠤ ᠦᠭᠡᠢ᠂ ᠠᠷᠠᠯᠵᠢᠶᠠᠨ ᠤ ᠳᠠᠶᠢᠨ ᠡᠭᠦᠰᠬᠡᠪᠡᠯ ᠭᠠᠷᠬᠤ ᠵᠠᠮ ᠦᠭᠡᠢ ᠶᠤᠮ᠃ ᠴᠢᠯᠢ ᠶᠢᠨ ᠬᠢᠨ | ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠤᠯᠠᠨ ᠲᠠᠯᠠᠲᠤ ᠦᠵᠡᠯ ᠪᠣᠯᠣᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠶᠠᠷᠢᠯᠴᠠᠭ᠎ᠠ ᠪᠠᠷ ᠳᠠᠮᠵᠢᠨ ᠵᠥᠷᠢᠯᠳᠦᠭᠡᠨ ᠢᠶᠠᠨ | ᠰᠢᠢᠳᠪᠦᠷᠢᠯᠡᠬᠦ ᠶᠢ ᠪᠠᠷᠢᠮᠲᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ | ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | ᠪᠦᠸᠧᠯᠢᠴᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠠᠵᠤ | ᠠᠬᠤᠢ᠂ ᠬᠡᠪᠯᠡᠯ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠵᠠᠭᠤᠴᠢᠯᠠᠭᠤᠷ ᠤᠨ ᠤᠶᠤᠨ ᠤ ᠬᠥᠮᠥᠷᠭᠡ ᠵᠡᠷᠭᠡ | ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ | ᠦᠰᠦᠭ ᠵᠢᠷᠤᠪᠠ᠃ |