ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 14 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠠᠩ — ᠯᠢᠦ᠋ᠢᠰᠢ ᠠᠨ • ᠰᠠᠸᠢ • ᠳ᠋ᠤᠲ᠋ᠤᠹ ᠲᠤ | ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠳᠤᠭᠣ᠋ ᠤᠯᠤᠰ ᠤᠨ ᠶᠡᠷᠦᠩᠬᠡᠶᠢᠯᠡᠭᠴᠢ ᠶᠢᠨ | ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ ᠲᠤᠰ ᠡᠳᠦᠷ ᠲᠡᠷᠢᠭᠦᠯᠡᠭᠴᠢ ᠰᠢ ᠶᠢᠨ ᠫᠢᠩ ᠪᠠᠰᠠ ᠹᠦᠯᠸᠢ • | ᠠᠶᠢᠰᠤᠴᠢᠮᠥ᠋ᠨᠠ • ᠨᠠᠰᠢᠨᠪᠸᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠳᠤᠭᠣ᠋ | ᠤᠯᠤᠰ ᠤᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠳᠤᠭᠤ᠋ ᠶᠢᠨ ᠨᠥᠭᠦᠷᠰᠡᠭ ᠬᠠᠷᠢᠯᠴᠠᠭ᠎ᠠ ᠶᠢ ᠬᠤᠶᠠᠷ ᠤᠯᠤᠰ ᠤᠨ ᠦᠶ᠎ᠡ ᠦᠶ᠎ᠡ ᠶᠢᠨ | ᠤᠳᠤᠷᠢᠳᠬᠤ ᠬᠥᠮᠥᠰ ᠬᠠᠮᠲᠤ ᠪᠠᠷ ᠴᠣᠭᠴᠠᠯᠠᠨ ᠪᠠᠶᠢᠭᠤᠯᠵᠤ ᠨᠢᠮᠪᠠᠢ ᠪᠤᠶᠢᠵᠢᠭᠤᠯᠵᠠᠢ᠃ ᠬᠠᠭᠠᠰ ᠵᠠᠭᠤᠨ | ᠭᠠᠷᠤᠢ ᠶᠢᠨ ᠲᠤᠷᠰᠢ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠭᠦᠷᠰᠡᠭ᠂ ᠡᠷᠬᠡ ᠲᠡᠭᠰᠢ ᠬᠠᠷᠢᠯᠴᠠᠨ | ᠢᠲᠡᠭᠡᠯᠴᠡᠬᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠤᠰ ᠲᠤᠰ ᠤᠨ ᠢᠶᠠᠨ | ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ | ᠳᠡᠮᠵᠢᠯᠴᠡᠵᠦ᠂ ᠶᠡᠭᠡ ᠪᠠᠭ᠎ᠠ ᠤᠯᠤᠰ ᠡᠷᠬᠡ ᠲᠡᠭᠰᠢ ᠪᠠᠷ ᠬᠠᠨᠳᠤᠯᠴᠠᠬᠤ ᠪᠠ ᠪᠦᠭᠦ ᠪᠥᠮᠪᠥᠷᠴᠡᠭ ᠤᠨ ᠬᠥᠭᠵᠢᠵᠦ | ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠪᠠ᠃ 2024 ᠣᠨ ᠤ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ | ᠬᠤᠷᠠᠯ ᠤᠨ ᠬᠤᠭᠤᠴᠠᠭᠠᠨ ᠳᠤ ᠳᠤᠮᠳᠠᠳᠤ ᠳᠤᠭᠤ᠋ ᠶᠢᠨ ᠬᠠᠷᠢᠯᠴᠠᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠣᠯᠣᠨ ᠳᠡᠭᠡᠭᠰᠢᠯᠡᠵᠦ᠂ ᠬᠤᠶᠠᠷ ᠤᠯᠤᠰ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ | ᠨᠡᠭᠡᠭᠡᠪᠡ᠃ ᠪᠢ ᠳᠤᠮᠳᠠᠳᠤ ᠳᠤᠭᠤ᠋ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠳᠤᠷᠠᠲᠠᠶ᠎ᠠ ᠳᠤᠭᠤ᠋ ᠶᠢᠨ ᠤᠳᠤᠷᠢᠳᠬᠤ ᠬᠥᠮᠥᠰ ᠲᠠᠢ ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ | ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠭᠢᠶᠠᠯ ᠪᠤᠯᠭᠠᠵᠤ᠂ ᠤᠯᠠᠮᠵᠢᠯᠠᠯᠲᠤ ᠨᠥᠬᠦᠷᠯᠡᠯ ᠢᠶᠠᠨ | ᠦᠷᠭᠦᠯᠵᠢᠯᠡᠭᠦᠯᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ | ᠪᠠᠶᠠᠯᠢᠭᠵᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ | ᠭᠠᠷᠭᠠᠪᠠ᠃ | ᠲᠤᠰ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠠᠰᠠ ᠴᠠᠭᠢᠯᠭᠠᠨ | ᠴᠢᠮᠡᠭᠡ ᠶᠠᠪᠤᠭᠤᠯᠵᠤ᠂ ᠹᠦᠯᠸᠢ ᠶᠢᠨ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ | ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ |