ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ ᠣᠶᠢᠷ᠎ᠠ ᠳᠤ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ | ᠬᠠᠷᠢᠭᠤᠴᠠᠯᠭᠠᠲᠠᠨ ᠳᠤ ᠬᠠᠷᠢᠭᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ | ᠨᠡᠶᠢᠭᠡᠮᠯᠢᠭ ᠵᠢᠴᠢ ᠭᠡᠰᠢᠭᠦᠨ ᠠᠵᠤ ᠠᠬᠤᠶᠢᠯᠠᠯ ᠢ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠶᠢᠨ ᠨᠥᠬᠦᠷᠯᠡᠯ ᠢ | ᠵᠤᠵᠠᠭᠠᠳᠬᠠᠬᠤ ᠪᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠰᠢᠨ᠎ᠡ ᠬᠤᠪᠢ ᠨᠡᠮᠡᠷᠢ | ᠦᠵᠡᠭᠦᠯᠦᠭᠡᠷᠡᠢ ᠭᠡᠵᠦ ᠵᠣᠷᠢᠭᠵᠢᠭᠤᠯᠪᠠ᠃ | ᠰᠢ ᠶᠢᠨ ᠫᠢᠩ᠂ ᠢᠷᠡᠭᠦᠯᠦᠭᠰᠡᠨ ᠵᠠᠬᠢᠳᠠᠯ ᠠᠴᠠ ᠴᠢᠨᠢ ᠲᠠᠨ ᠤ ᠳᠤᠮᠳᠠᠳᠤ ᠤᠯᠤᠰ ᠲᠤ ᠭᠦᠨ ᠵᠤᠵᠠᠭᠠᠨ | ᠬᠠᠶᠢᠷ᠎ᠠ ᠰᠡᠳᠬᠢᠯᠭᠡ ᠲᠠᠢ ᠪᠠᠶᠢᠬᠤ ᠪᠠ ᠳ᠋ᠠᠨᠮᠠᠷᠺ ᠤᠨ ᠳᠤᠮᠳᠠᠳᠤ ᠤᠯᠤᠰ ᠲᠠᠬᠢ ᠠᠵᠤ ᠠᠬᠤᠶᠢᠯᠠᠯ ᠤᠨ ᠳᠤᠮᠳᠠᠳᠤ | ᠤᠯᠤᠰ ᠤᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠠᠢ ᠪᠠᠶᠢᠬᠤ ᠶᠢ ᠣᠯᠵᠤ ᠮᠡᠳᠡᠪᠡ᠂ ᠪᠢ ᠡᠭᠦᠨ ᠢ ᠮᠠᠭᠲᠠᠨ | ᠰᠠᠶᠢᠰᠢᠶᠠᠵᠤ ᠪᠠᠶᠢᠨ᠎ᠠ᠃ ᠳᠤᠮᠳᠠᠳᠤ ᠤᠯᠤᠰ ᠥᠩᠭᠡᠷᠡᠭᠰᠡᠨ ᠳᠤ᠂ ᠤᠳᠤ᠂ ᠢᠷᠡᠭᠡᠳᠦᠢ ᠳᠤ ᠴᠦ ᠯᠠᠪᠲᠠᠢ | ᠭᠠᠳᠠᠭᠠᠳᠤ ᠶᠢᠨ ᠬᠤᠳᠠᠯᠳᠤᠭᠠᠴᠢᠳ ᠤᠨ ᠬᠦᠰᠡᠨ ᠰᠠᠨᠠᠭᠰᠠᠨ᠂ ᠠᠮᠤᠷ ᠲᠦᠪᠰᠢᠨ᠂ ᠪᠦᠲᠦᠮᠵᠢᠲᠡᠢ ᠪᠡᠯᠡ | ᠣᠷᠣᠭᠤᠯᠤᠯᠲᠠ ᠶᠢᠨ ᠵᠣᠷᠢᠯᠲᠠᠳᠦ ᠭᠠᠵᠠᠷ ᠪᠣᠯᠣᠨ᠎ᠠ᠃ ᠳᠤᠮᠳᠠᠳᠤ ᠤᠯᠤᠰ ᠢ ᠢᠲᠡᠭᠡᠬᠦ ᠪᠣᠯ ᠳᠠᠷᠤᠢ ᠮᠠᠷᠭᠠᠰᠢ ᠪᠠᠨ | ᠢᠲᠡᠭᠡᠵᠦ ᠪᠠᠶᠢᠭ᠎ᠠ ᠶᠠᠪᠤᠳᠠᠯ᠂ ᠳᠤᠮᠳᠠᠳᠤ ᠤᠯᠤᠰ ᠲᠤ ᠪᠡᠯᠡ ᠣᠷᠣᠭᠤᠯᠬᠤ ᠪᠣᠯ ᠳᠠᠷᠤᠢ ᠢᠷᠡᠭᠡᠳᠦᠢ ᠳᠡᠭᠡᠨ ᠪᠡᠯᠡ | ᠣᠷᠣᠭᠤᠯᠵᠤ ᠪᠠᠶᠢᠭ᠎ᠠ ᠶᠠᠪᠤᠳᠠᠯ ᠮᠥᠨ᠃ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ | ᠵᠢᠴᠢ ᠭᠡᠰᠢᠭᠦᠨ ᠠᠵᠤ ᠠᠬᠤᠶᠢᠯᠠᠯ ᠦᠷᠭᠦᠯᠵᠢᠯᠡᠨ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠶᠢᠨ ᠬᠤᠭᠤᠷᠣᠨᠳᠤ | ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠦ᠂ ᠳᠤᠮᠳᠠᠳᠤ ᠳ᠋ᠠᠨᠮᠠᠷᠺ᠂ ᠳᠤᠮᠳᠠᠳᠤ ᠡᠸᠦ᠋ᠷᠦᠫᠡ ᠶᠢᠨ | ᠣᠶᠢᠯᠠᠭᠠᠯᠴᠠᠭ᠎ᠠ ᠪᠣᠯᠣᠨ ᠨᠥᠬᠦᠷᠯᠡᠯ ᠢ ᠵᠤᠵᠠᠭᠠᠳᠬᠠᠬᠤ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠲᠦᠷᠦᠭᠦᠬᠡᠨ᠂ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ | ᠬᠠᠷᠢᠭᠤᠴᠠᠯᠭᠠᠲᠠᠨ ᠬᠤᠪᠢ ᠬᠥᠮᠥᠨ ᠪᠣᠯᠣᠨ ᠬᠤᠳᠠᠯᠳᠤᠭᠠᠴᠢᠳ ᠤᠨ ᠨᠡᠶᠢᠭᠡᠮᠯᠢᠭ ᠤᠨ ᠨᠡᠷ᠎ᠡ ᠪᠠᠷ ᠲᠡᠷᠢᠭᠦᠯᠡᠭᠴᠢ | ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠳ᠋ᠠᠨᠮᠠᠷᠺ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠳᠤ ᠪᠠᠶᠠᠷ ᠬᠦᠷᠭᠡᠵᠦ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ | ᠭᠦᠨᠵᠡᠭᠡᠶᠢᠷᠡᠭᠦᠯᠬᠦ ᠬᠦᠰᠡᠯ ᠡᠷᠡᠮᠡᠯᠵᠡᠯ ᠢᠶᠠᠨ ᠢᠯᠡᠳᠬᠡᠪᠡ᠃ |