ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 16 ᠤ | ᠡᠳᠦᠷ ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ | ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ | ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 12 ᠰᠠᠷ᠎ᠠ ᠠᠴᠠ 2025 ᠣᠨ ᠤ 3 ᠰᠠᠷ᠎ᠠ ᠪᠤᠯᠲᠠᠯᠠᠭᠢ | ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ᠃ | ᠵᠣᠬᠢᠶᠠᠯ ᠳᠤ᠂ ᠨᠠᠮ ᠤᠨ ᠰᠤᠷᠲᠠᠯ ᠤᠨ ᠠᠰᠠᠭᠤᠳᠠᠯ ᠨᠢ ᠲᠦᠷᠦ ᠪᠠᠷᠢᠭᠴᠢ ᠨᠠᠮ ᠤᠨ ᠮᠠᠨᠳᠤᠵᠤ ᠮᠥᠬᠦᠬᠦ ᠲᠠᠢ | ᠬᠤᠯᠪᠣᠭᠳᠠᠨ᠎ᠠ᠃ ᠰᠤᠷᠲᠠᠯ ᠤᠨ ᠪᠠᠶᠢᠭᠤᠯᠤᠯᠲᠠ ᠨᠢ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠵᠤ | ᠴᠢᠳᠠᠬᠤ ᠡᠰᠡᠬᠦ᠂ ᠲᠦᠷᠦ ᠪᠠᠷᠢᠬᠤ ᠡᠭᠦᠷᠭᠡ ᠪᠠᠨ ᠰᠠᠶᠢᠲᠤᠷ ᠭᠦᠢᠴᠡᠳᠬᠡᠵᠦ ᠴᠢᠳᠠᠬᠤ ᠡᠰᠡᠬᠦ ᠲᠠᠢ ᠬᠤᠯᠪᠣᠭᠳᠠᠵᠤ | ᠪᠠᠶᠢᠳᠠᠭ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠨᠠᠮ ᠤᠨ ᠳᠣᠲᠣᠭᠠᠳᠤ ᠳᠤ | ᠣᠷᠣᠰᠢᠵᠤ ᠪᠠᠶᠢᠭ᠎ᠠ ᠵᠦᠢᠯ ᠵᠦᠢᠯ ᠤᠨ ᠠᠰᠠᠭᠤᠳᠠᠯ ᠪᠠ ᠭᠡᠮ ᠰᠣᠭᠤᠭ ᠲᠤ ᠰᠢᠭᠤᠳ ᠬᠠᠨᠳᠤᠵᠤ᠂ ᠲᠥᠪ ᠤᠨ | ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ ᠰᠢᠨ᠎ᠡ | ᠪᠠᠶᠢᠳᠠᠯ ᠤᠨ ᠳᠣᠣᠷ᠎ᠠ ᠰᠤᠷᠲᠠᠯ ᠤᠨ ᠪᠠᠶᠢᠭᠤᠯᠤᠯᠲᠠ ᠳᠤ ᠶᠠᠭᠤ ᠶᠢ ᠠᠳᠬᠤᠬᠤ᠂ ᠬᠡᠷᠬᠢᠨ ᠠᠳᠬᠤᠬᠤ ᠠᠰᠠᠭᠤᠳᠠᠯ ᠢ | ᠰᠢᠢᠳᠪᠦᠷᠢᠯᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠪᠠ᠃ ᠰᠢᠨ᠎ᠡ ᠴᠠᠭ ᠦᠶ᠎ᠡ ᠳᠤ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠤᠪᠢᠰᠬᠠᠯᠲᠤ ᠴᠢᠨᠠᠷᠲᠠᠢ ᠳᠠᠪᠲᠠᠯᠲᠠ ᠪᠠᠷ ᠲᠠᠮᠵᠢᠨ ᠰᠠᠬᠢᠯᠭ᠎ᠠ ᠪᠠᠲᠤ | ᠰᠤᠯᠠᠷᠠᠵᠤ᠂ ᠰᠤᠷᠲᠠᠯ ᠭᠦᠪᠰᠥᠭᠡᠷ ᠪᠣᠯᠤᠭᠰᠠᠨ ᠪᠠᠶᠢᠳᠠᠯ ᠢᠯᠡᠳᠲᠡ ᠬᠤᠪᠢᠷᠠᠵᠤ᠂ ᠦᠨᠡᠨ ᠬᠦ ᠬᠠᠮᠢᠶᠠᠷᠴᠤ ᠦᠨᠡᠨ | ᠬᠦ ᠴᠢᠩᠳᠠᠯᠠᠵᠤ᠂ ᠵᠣᠷᠢᠭᠲᠠᠢ ᠬᠠᠮᠢᠶᠠᠷᠴᠤ ᠵᠣᠷᠢᠭᠲᠠᠢ ᠴᠢᠩᠳᠠᠯᠠᠵᠤ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ | ᠬᠤᠭᠤᠴᠠᠭ᠎ᠠ ᠪᠠᠷ ᠴᠢᠩᠳᠠᠯᠠᠬᠤ ᠠᠭᠤᠷ ᠠᠮᠢᠰᠬᠤᠯ ᠦᠨᠳᠦᠰᠦᠨ ᠳᠡᠭᠡᠨ ᠪᠦᠷᠢᠯᠳᠦᠵᠦ᠂ ᠨᠠᠮ ᠤᠨ ᠰᠤᠷᠲᠠᠯ | ᠵᠠᠰᠠᠭ ᠤᠨ ᠰᠤᠷᠲᠠᠯ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ | ᠦᠷᠭᠦᠯᠵᠢᠯᠡᠨ ᠰᠠᠶᠢᠵᠢᠷᠠᠵᠤ᠂ ᠠᠷᠠᠳ ᠲᠦᠮᠡᠨ ᠤ ᠰᠡᠳᠬᠢᠯ ᠳᠠᠬᠢ ᠨᠠᠮ ᠤᠨ ᠳᠦᠷᠢ ᠲᠥᠷᠬᠦ ᠶᠢ ᠲᠠᠭᠢᠨ ᠱᠤᠭᠤᠵᠠᠢ | ᠭᠡᠵᠦ ᠴᠢᠬᠤᠯᠠᠴᠢᠯᠠᠪᠠ᠃ | ᠵᠣᠬᠢᠶᠠᠯ ᠳᠤ᠂ ᠨᠠᠢᠮᠠᠨ ᠲᠣᠭᠲᠠᠭᠠᠯ ᠤᠨ ᠵᠢᠯᠤᠭᠤᠳᠬᠤ ᠦᠵᠡᠯ ᠰᠠᠨᠠᠭ᠎ᠠ ᠪᠣᠯ ᠳᠠᠷᠤᠢ ᠴᠢᠩᠭ᠎ᠠ ᠪᠠᠶᠢᠬᠤ | ᠱᠠᠭᠠᠷᠳᠠᠯᠭ᠎ᠠ ᠮᠥᠨ᠃ ᠨᠠᠮ ᠨᠢ ᠨᠠᠮ ᠢ ᠬᠠᠮᠢᠶᠠᠷᠬᠤ᠂ ᠨᠠᠮ ᠢ ᠴᠢᠩᠭ᠎ᠠ ᠵᠠᠰᠠᠬᠤ ᠶᠢ ᠢᠯᠡᠷᠡᠭᠦᠯᠵᠦ᠂ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠠᠴᠠ ᠡᠬᠢᠯᠡᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠲᠦᠷᠦᠭᠦᠯᠡᠨ ᠰᠤᠷᠲᠠᠯ ᠢᠶᠠᠨ ᠰᠠᠶᠢᠵᠢᠷᠠᠭᠤᠯᠵᠤ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ | ᠬᠡᠷᠡᠭᠵᠢᠭᠦᠯᠦᠭᠰᠡᠨ ᠨᠢ ᠳᠠᠷᠤᠢ ᠪᠣᠳᠠᠲᠤ ᠠᠵᠢᠯᠯᠠᠭ᠎ᠠ ᠪᠠᠷ ᠢᠶᠠᠨ ᠪᠦᠭᠦ ᠨᠠᠮ ᠤᠨ ᠰᠤᠷᠲᠠᠯ ᠢᠶᠠᠨ ᠰᠠᠶᠢᠵᠢᠷᠠᠭᠤᠯᠬᠤ ᠳᠤ | ᠰᠠᠶᠢᠨ ᠦᠯᠢᠭᠡᠷ ᠳᠠᠭᠤᠷᠢᠶᠠᠯ ᠦᠵᠡᠭᠦᠯᠭᠦ ᠶᠢᠨ ᠲᠥᠯᠥᠭᠡ ᠶᠤᠮ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠳᠡᠭᠡᠷ᠎ᠡ ᠠᠴᠠ ᠳᠣᠷᠣᠭᠰᠢ ᠪᠠᠨ᠂ ᠨᠢᠭᠡ ᠱᠠᠲᠤ ᠨᠢ ᠨᠢᠭᠡ | ᠱᠠᠲᠤ ᠪᠠᠨ ᠳᠠᠭᠠᠭᠤᠯᠵᠤ᠂ ᠨᠢᠭᠡ ᠱᠠᠲᠤ ᠨᠢ ᠨᠢᠭᠡ ᠱᠠᠲᠤᠨ ᠳᠠᠭᠠᠨ ᠳᠠᠭᠤᠷᠢᠶᠠᠯ ᠦᠵᠡᠭᠦᠯᠵᠦ᠂ | ᠤᠬᠠᠮᠰᠠᠷ ᠠᠴᠠ ᠪᠠᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠦᠵᠡᠭᠦᠯᠭᠦ ᠬᠡᠷᠡᠭᠲᠡᠢ᠃ ᠪᠢᠳᠠ ᠦᠨᠡᠨ ᠬᠦ | ᠠᠳᠬᠤᠳᠠᠭ ᠯᠠ ᠶᠤᠮ ᠪᠣᠯ ᠰᠢᠢᠳᠪᠦᠷᠢᠯᠡᠵᠦ ᠴᠢᠳᠠᠬᠤ ᠦᠭᠡᠢ ᠠᠰᠠᠭᠤᠳᠠᠯ ᠭᠡᠵᠦ ᠦᠭᠡᠢ ᠶᠤᠮ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠰᠤᠷᠲᠠᠯ ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠪᠠᠨ ᠨᠠᠮᠴᠢ ᠴᠢᠨᠠᠷ ᠤᠨ ᠠᠰᠠᠭᠤᠳᠠᠯ | ᠪᠣᠯᠣᠨ᠎ᠠ᠃ ︽ᠲᠦᠷᠪᠡᠨ ᠰᠤᠷᠲᠠᠯ︾ ᠤᠨ ᠠᠰᠠᠭᠤᠳᠠᠯ ᠤᠨ ᠦᠨᠳᠦᠰᠦ ᠨᠢ ᠪᠣᠯ ᠨᠠᠮᠴᠢ ᠴᠢᠨᠠᠷ ᠠᠴᠠ ᠲᠡᠷᠰᠯᠡᠵᠦ᠂ | ᠵᠣᠷᠢᠯᠲᠠ ᠪᠠᠨ ᠠᠯᠳᠠᠭᠰᠠᠨ ᠶᠠᠪᠤᠳᠠᠯ ᠪᠣᠯᠣᠨ᠎ᠠ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠡᠷᠬᠡᠪᠰᠢ | ᠨᠠᠮ ᠪᠣᠯᠣᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠯᠠᠬᠤ ᠡᠨᠡ ᠬᠦ ᠵᠠᠩᠭᠢᠯᠠᠭ᠎ᠠ ᠶᠢ ᠴᠢᠩᠭ᠎ᠠ | ᠠᠳᠬᠤᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ | ︽ᠲᠦᠷᠪᠡᠨ ᠰᠤᠷᠲᠠᠯ︾ ᠢ ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠴᠢᠯᠡᠭᠡᠨ ᠠᠴᠠ | ᠪᠣᠯᠤᠭᠰᠠᠨ ᠨᠡᠶᠢᠯᠡᠭ ᠭᠡᠮ︾ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ᠵᠢᠷᠭᠠᠨ ᠴᠡᠩᠭᠡᠬᠦ ᠦᠵᠡᠯ᠂ ᠱᠠᠯᠢᠨ | ᠪᠦᠷᠢᠯᠭᠡᠬᠦ ᠰᠤᠷᠲᠠᠯ ᠵᠡᠷᠭᠡ ᠭᠠᠵᠢᠭᠤ ᠰᠤᠷᠲᠠᠯ ᠮᠠᠭᠤ ᠳᠠᠳᠬᠠᠯ ᠢ ᠴᠤᠬᠤᠶᠢᠮᠠᠬᠴᠠ ᠠᠷᠢᠯᠭᠠᠵᠤ᠂ ︽ᠲᠦᠷᠪᠡᠨ | ᠰᠤᠷᠲᠠᠯ︾ ᠤᠨ ᠨᠢᠭᠤᠭᠳᠠᠮᠠᠯ ᠣᠨᠳᠣᠣᠰᠢᠯ ᠤᠨ ᠰᠢᠨ᠎ᠡ ᠬᠠᠨᠳᠤᠰᠢ ᠶᠢ ᠴᠠᠭ ᠢᠮᠠᠭᠲᠠ ᠰᠡᠷᠭᠡᠶᠢᠯᠡᠵᠦ᠂ ᠲᠠᠭᠢᠨ | ᠰᠡᠷᠭᠦᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ︕ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ | ᠵᠠᠰᠠᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ | ᠡᠭᠦᠷᠭᠡ ᠪᠤᠯᠭᠠᠵᠤ᠂ ᠴᠢᠭᠯᠡᠭᠦᠯᠦᠯᠲᠦ ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠵᠤ᠂ ᠰᠢᠨᠵᠢᠯᠡᠬᠦ ᠤᠬᠠᠭᠠᠨᠴᠢ | ᠣᠨᠣᠴᠠᠲᠠᠢ ᠬᠠᠷᠠᠯᠲᠠ ᠲᠠᠢ ᠪᠠᠷ ᠴᠡᠭᠴᠡᠯᠡᠨ ᠵᠠᠰᠠᠵᠤ᠂ ᠬᠠᠲᠠᠭᠤ ᠲᠠᠢ ᠨᠢ ᠬᠠᠯᠳᠠᠵᠤ᠂ ᠪᠣᠳᠠᠲᠤ ᠦᠷ᠎ᠡ ᠪᠦᠲᠦᠮᠵᠢ ᠶᠢ | ᠡᠷᠭᠢᠮᠯᠡᠭᠦ ᠬᠡᠷᠡᠭᠲᠡᠢ᠃ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ᠂ ᠪᠡᠷᠬᠡ ᠳᠠᠪᠠᠭ᠎ᠠ ᠶᠢ ᠳᠠᠪᠠᠭ᠋ᠤ | ᠰᠥᠰᠥ ᠵᠣᠷᠢᠭ ᠢᠶᠠᠷ ᠲᠣᠭᠲᠠᠯ ᠬᠦᠴᠦᠨ ᠢᠶᠠᠨ ᠪᠠᠲᠤᠯᠠᠵᠤ᠂ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠤᠭᠤᠰᠢᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠪᠠᠯ ᠭᠡᠮ | ᠠᠷᠬᠠᠭ ᠢ ᠠᠯᠬᠤᠮ ᠠᠯᠬᠤᠮ ᠢᠶᠠᠷ ᠠᠷᠢᠯᠭᠠᠵᠤ᠂ ᠲᠥᠪ ᠴᠢᠬᠡᠴᠢ ᠪᠠᠶᠢᠬᠤ ᠶᠢ ᠪᠡᠶᠡᠯᠡᠭᠦᠯᠵᠦ ᠴᠢᠳᠠᠨ᠎ᠠ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠂ ᠳᠠᠭᠤᠰᠤᠰᠢ ᠦᠭᠡᠢ ᠶᠤᠮ᠃ | ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ | ᠢᠲᠡᠭᠡᠯ ᠪᠠᠶᠢᠭᠤᠯᠬᠤ ᠠᠵᠢᠯᠯᠠᠭ᠎ᠠ ᠮᠥᠨ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ᠂ ᠤᠳᠠᠭᠠᠨ | ᠳᠠᠭᠠᠭᠠᠮᠠᠭᠠᠢ ᠪᠠᠷᠢᠮᠲᠠᠯᠠᠵᠤ᠂ ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ᠂ ᠬᠤᠷᠢᠨ ᠵᠢᠯ ᠬᠦᠷᠬᠦ ᠦᠭᠡᠢ ᠪᠣᠯ | ᠭᠤᠴᠢᠨ ᠵᠢᠯ ᠴᠢᠷᠮᠠᠶᠢᠵᠤ᠂ ᠬᠡᠪ ᠰᠤᠷᠲᠠᠯ ᠢ ᠦᠨᠡᠨ ᠬᠦ ᠬᠤᠪᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ | ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃ ᠪᠢᠳᠡ ᠴᠢᠯᠠᠭᠤᠨ ᠳᠡᠭᠡᠷ᠎ᠡ | ᠭᠢᠰᠬᠢᠪᠡᠯ ᠮᠥᠷ ᠲᠠᠢ᠂ ᠲᠡᠮᠦᠷ ᠪᠠᠷᠢᠪᠠᠯ ᠤᠷᠤᠮ ᠲᠠᠢ ᠪᠠᠶᠢᠬᠤ ᠡᠷᠴᠢ ᠵᠣᠷᠢᠭ ᠢᠶᠠᠷ ᠠᠳᠬᠤᠵᠤ᠂ ᠰᠠᠶᠢᠨ ᠢᠶᠠᠷ | ᠡᠬᠢᠯᠡᠭᠦᠯᠵᠦ ᠰᠠᠶᠢᠨ ᠢᠶᠠᠷ ᠲᠡᠭᠦᠰᠬᠡᠵᠦ᠂ ᠴᠢᠳᠠᠮᠠᠭᠠᠢ ᠠᠵᠢᠯᠯᠠᠵᠤ ᠰᠠᠶᠢᠨ ᠦᠷ᠎ᠡ ᠪᠦᠲᠦᠭᠡᠯ ᠭᠠᠷᠭᠠᠬᠤ ᠬᠡᠷᠡᠭᠲᠡᠢ᠃ | ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ᠂ ᠡᠨᠡ ᠪᠣᠯ ᠡᠨᠡ ᠵᠢᠯ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠭᠡᠰᠢᠭᠦᠨ᠂ ᠺᠠᠳ᠋ᠷ ᠤᠨ ᠲᠣᠭᠲᠠᠯ | ᠬᠦᠴᠦᠨ ᠢᠶᠠᠨ ᠨᠡᠮᠡᠭᠳᠡᠭᠦᠯᠬᠦ᠂ ᠳᠠᠳᠬᠠᠯ ᠪᠤᠯᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | |