4 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ︽ᠳᠥᠷᠪᠡᠨ ᠬᠡᠪᠴᠢᠶᠡᠵᠢᠯ ᠠᠴᠠ ᠳᠡᠭᠡᠭᠰᠢᠬᠢ︾ | ᠨᠢᠭᠡᠴᠡ ︵1︶ 14298 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1254 ᠨᠡᠮᠡᠭᠳᠡᠵᠦ᠂ | 9.6% ᠪᠠᠷ ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ | ᠪᠠ ᠵᠢᠵᠢᠭᠯᠡᠨ ᠬᠤᠳᠠᠯᠳᠤᠬᠤ ᠦᠢᠯᠡᠰ ᠤᠨ ᠨᠢᠭᠡᠴᠡ 4084 ᠪᠠᠶᠢᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 554 ᠨᠡᠮᠡᠭᠳᠡᠵᠦ᠂ 15.7% ᠪᠠᠷ ᠨᠡᠮᠡᠭᠳᠡᠵᠦ᠂ ᠪᠥᠬᠦ ᠣᠷᠣᠨ ᠤ ︽ᠳᠥᠷᠪᠡᠨ | ᠬᠡᠪᠴᠢᠶᠡᠵᠢᠯ ᠠᠴᠠ ᠳᠡᠭᠡᠭᠰᠢᠬᠢ︾ ᠨᠢᠭᠡᠴᠡ ᠶᠢᠨ ᠲᠤᠭ᠎ᠠ ᠬᠡᠮᠵᠢᠶ᠎ᠡ ᠶᠢᠨ 4.2 ᠵᠠᠭᠤᠨ ᠤ ᠬᠤᠪᠢ ᠶᠢᠨ ᠴᠡᠭ | ᠨᠡᠮᠡᠭᠳᠡᠬᠦ ᠶᠢ ᠳᠠᠶᠢᠴᠢᠯᠠᠵᠤ᠂ ᠳᠠᠶᠢᠴᠢᠯᠠᠬᠤ ᠦᠢᠯᠡᠳᠦᠯ ᠢᠶᠠᠷ ᠬᠠᠮᠤᠭ ᠤᠨ ᠶᠡᠭᠡ ᠪᠣᠯᠵᠠᠶ︔ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠬᠤᠨᠤᠭ ᠪᠠ ᠢᠳᠡᠭᠡᠨ ᠤᠮᠳᠠᠭᠠᠨ ᠤ ᠦᠢᠯᠡᠰ ᠤᠨ ᠨᠢᠭᠡᠴᠡ 951 ᠪᠠᠶᠢᠵᠤ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 155 ᠨᠡᠮᠡᠭᠳᠡᠵᠦ᠂ 19.5% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠬᠠᠮᠤᠭ ᠤᠨ ᠲᠦᠷᠭᠡᠨ ᠪᠣᠯᠪᠠ︔ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ | ᠨᠢᠭᠡᠴᠡ 2114 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 230 ᠨᠡᠮᠡᠭᠳᠡᠵᠦ᠂ 12. | 2% ᠢᠶᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠴᠡ 4174 ᠪᠠᠶᠢᠵᠤ᠂ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 276 ᠨᠡᠮᠡᠭᠳᠡᠵᠦ᠂ 7.1% ᠪᠠᠷ ᠨᠡᠮᠡᠭᠳᠡᠪᠡ︔ ᠬᠢᠷᠢ | ᠬᠡᠮ ᠲᠠᠢ ᠪᠠᠷᠢᠯᠭ᠎ᠠ ᠶᠢᠨ ᠦᠢᠯᠡᠰ ᠤᠨ ᠨᠢᠭᠡᠴᠡ 1425 ᠪᠠᠶᠢᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 101 ᠨᠡᠮᠡᠭᠳᠡᠵᠦ᠂ 7.6% ᠪᠠᠷ ᠨᠡᠮᠡᠭᠳᠡᠪᠡ︔ ᠨᠡᠭᠡᠭᠡᠨ ᠬᠥᠭᠵᠢᠭᠦᠯᠬᠦ | ᠡᠵᠡᠩᠨᠡᠯᠲᠡ ᠶᠢᠨ ᠠᠵᠢᠯᠯᠠᠭ᠎ᠠ ᠲᠠᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠡᠵᠡᠩᠨᠡᠯᠲᠡ ᠶᠢᠨ | ᠨᠢᠭᠡᠴᠡ 1550 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 62 ᠪᠠᠭᠠᠰᠴᠤ᠂ 3.8% ᠪᠠᠷ | ᠪᠠᠭᠤᠷᠠᠪᠠ᠃ | ᠲᠠᠶᠢᠯᠪᠤᠷᠢ᠄ ︽ᠳᠥᠷᠪᠡᠨ ᠬᠡᠪᠴᠢᠶᠡᠵᠢᠯ ᠠᠴᠠ ᠳᠡᠭᠡᠭᠰᠢᠬᠢ︾ ᠨᠢᠭᠡᠴᠡ ᠭᠡᠳᠡᠭ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ᠂ ᠬᠢᠷᠢ ᠬᠡᠮ ᠲᠠᠢ ᠪᠠᠷᠢᠯᠭ᠎ᠠ ᠶᠢᠨ ᠦᠢᠯᠡᠰ᠂ ᠬᠢᠵᠠᠭᠠᠷᠯᠠᠭᠰᠠᠨ ᠲᠣᠭᠠᠨ ᠠᠴᠠ | ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠢᠵᠠᠭᠠᠷᠯᠠᠭᠰᠠᠨ ᠲᠣᠭᠠᠨ ᠠᠴᠠ | ᠳᠡᠭᠡᠭᠰᠢᠬᠢ ᠬᠤᠨᠤᠭ ᠪᠠ ᠢᠳᠡᠭᠡᠨ ᠤᠮᠳᠠᠭᠠᠨ ᠤ ᠦᠢᠯᠡᠰ᠂ ᠨᠡᠭᠡᠭᠡᠨ ᠬᠥᠭᠵᠢᠭᠦᠯᠵᠦ ᠡᠵᠡᠩᠨᠡᠬᠦ ᠠᠵᠢᠯᠯᠠᠭ᠎ᠠ ᠲᠠᠢ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠡᠵᠡᠩᠨᠡᠯᠲᠡ ᠶᠢᠨ ᠦᠢᠯᠡᠰ᠂ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ ᠶᠢ ᠵᠢᠭᠠᠵᠤ ᠪᠠᠶᠢᠨ᠎ᠠ᠃ | |