ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠴᠢᠮᠬᠠᠨ ︽ᠠᠷᠪᠠᠨ ᠲᠠᠪᠤᠳᠤᠭᠠᠷ ᠲᠠᠪᠤᠨ ᠵᠢᠯ ᠤᠨ | ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠤᠨ ᠲᠠᠯ᠎ᠠ ᠪᠠᠷ ᠴᠢᠬᠤᠯᠠ ᠵᠢᠭᠠᠪᠤᠷᠢ ᠪᠠᠭᠤᠯᠭᠠᠵᠤ᠂ | ᠴᠢᠬᠤᠯᠠᠴᠢᠯᠠᠭᠤᠯᠬᠤ ᠳᠠᠭᠠᠨ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ | ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠪᠠᠨ ᠵᠠᠰᠠᠬᠤ ᠴᠢᠬᠤᠯᠠ ᠲᠤᠷᠰᠢᠯᠭ᠎ᠠ ᠪᠣᠯᠣᠨ᠎ᠠ᠂ ᠮᠥᠨ | ᠴᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠴᠢᠬᠤᠯᠠ ᠳᠠᠪᠠᠭᠤᠯᠢᠭ | ᠪᠣᠯᠣᠨ᠎ᠠ᠃ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠵᠤ ᠬᠡᠷᠡᠭᠵᠢᠭᠦᠯᠬᠦ ᠨᠢ | ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠪᠠᠷᠢᠮᠲᠠᠯᠠᠨ᠂ ᠳᠡᠭᠡᠳᠦ ᠳᠠᠪᠬᠤᠷᠭ᠎ᠠ ᠶᠢᠨ ᠲᠥᠰᠥᠪᠯᠡᠯ ᠪᠠ ᠠᠷᠠᠳ ᠣᠯᠠᠨ ᠤ ᠠᠷᠭ᠎ᠠ ᠤᠬᠠᠭᠠᠨ ᠢ | ᠨᠢᠭᠡᠳᠬᠡᠵᠦ᠂ ᠪᠠᠶᠢᠴᠠᠭᠠᠨ ᠰᠤᠳᠤᠯᠤᠯᠲᠠ ᠬᠢᠬᠦ ᠮᠠᠭᠠᠳᠯᠠᠨ ᠭᠡᠷᠡᠴᠢᠯᠡᠬᠦ ᠪᠠᠨ ᠴᠢᠩᠭᠠᠳᠬᠠᠨ᠂ ᠬᠠᠮᠲᠤ ᠶᠢᠨ | ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ᠂ ᠣᠯᠠᠨ ᠲᠦᠮᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠰᠠᠨᠠᠯ ᠰᠠᠨᠠᠭᠤᠯᠭ᠎ᠠ ᠶᠢ ᠣᠯᠠᠨ ᠠᠷᠭ᠎ᠠ ᠬᠡᠯᠪᠡᠷᠢ ᠪᠠᠷ ᠰᠣᠨᠣᠰᠴᠤ᠂ ᠺᠠᠳ᠋ᠷ ᠤᠯᠠᠨ ᠲᠦᠮᠡᠨ ᠤ ᠦᠢᠯᠡᠳᠦᠯᠭᠡ ᠶᠢᠨ | ᠶᠠᠪᠤᠴᠠ ᠳᠠᠭᠠᠨ ᠡᠭᠦᠳᠦᠭᠰᠡᠨ ᠰᠢᠨ᠎ᠡ ᠲᠤᠷᠰᠢᠯᠭ᠎ᠠ ᠶᠢ ᠭᠦᠢᠴᠡᠳ ᠠᠰᠢᠭᠯᠠᠨ᠂ ᠬᠠᠷᠠᠯᠲᠠ ᠡᠭᠦᠷᠭᠡ ᠪᠠ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ᠂ ᠵᠣᠬᠢᠴᠠᠩᠭᠤᠢ ᠴᠢᠨᠠᠷ ᠢ | ᠴᠢᠬᠤᠯᠠᠴᠢᠯᠠᠵᠤ᠂ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠡᠢ᠃ | ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ | ᠶᠢ ᠬᠡᠷᠡᠭᠵᠢᠭᠦᠯᠬᠦ ᠪᠣᠯᠣᠨ᠎ᠠ᠂ ᠣᠳᠣ ᠨᠠᠮ ᠤᠨ ᠲᠥᠪ ᠬᠤᠷᠢᠶ᠎ᠠ ︽ᠠᠷᠪᠠᠨ ᠲᠠᠪᠤᠳᠤᠭᠠᠷ ᠲᠠᠪᠤᠨ ᠵᠢᠯ ᠤᠨ | ᠲᠥᠯᠥᠪᠵᠢᠭᠦᠯᠭᠡ︾ ᠶᠢᠨ ᠰᠠᠨᠠᠭᠤᠯᠭ᠎ᠠ ᠶᠢ ᠲᠤᠭᠤᠷᠪᠢᠨ ᠪᠢᠴᠢᠬᠦ ᠶᠢ ᠵᠣᠬᠢᠶᠠᠨ ᠪᠠᠶᠢᠭᠤᠯᠵᠤ ᠪᠠᠶᠢᠨ᠎ᠠ᠃ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠯᠦᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ | ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠬᠠᠮᠢᠶᠠᠲᠠᠢ ᠲᠠᠯ᠎ᠠ ᠶᠢᠨ ᠬᠢᠨ ᠣᠶᠢᠷ᠎ᠠ ᠳᠤ ᠤᠯᠠᠨ ᠵᠦᠢᠯ ᠤᠨ | ᠬᠡᠯᠪᠡᠷᠢ ᠪᠠᠷ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠲᠠᠯ᠎ᠠ ᠪᠠᠷ ᠬᠢ ᠺᠠᠳ᠋ᠷ ᠤᠯᠠᠨ | ᠲᠦᠮᠡᠨ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠪᠠᠷ ᠪᠠᠶᠢᠨ᠎ᠠ᠃ |