2025 ᠣᠨ ᠤ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠰᠡᠳᠦᠪ ᠭᠤᠶᠤᠴᠢᠯᠠᠬᠤ ᠠᠵᠢᠯ ᠢ ᠣᠶᠢᠷ᠎ᠠ ᠶᠢᠨ ᠬᠤᠭᠤᠴᠠᠭᠠᠨ ᠳᠤ ᠥᠷᠨᠢᠭᠦᠯᠦᠨ᠎ᠡ᠂ ᠡᠳᠦᠭᠡ ᠬᠤᠯᠪᠣᠭᠳᠠᠯ ᠪᠥᠬᠦᠶ | ᠵᠦᠢᠯᠡᠰ ᠢ ᠳᠤᠤᠷᠠᠬᠢ ᠮᠡᠲᠦ ᠵᠠᠷᠯᠠᠪᠠ᠄ | ᠨᠢᠭᠡ᠂ ᠭᠤᠶᠤᠴᠢᠯᠠᠬᠤ ᠴᠠᠭ | 2025 ᠣᠨ ᠤ 5 ᠰᠠᠷ᠎ᠠ ᠶᠢᠨ 20 ᠤ ᠡᠳᠦᠷ ᠠᠴᠠ 6 ᠰᠠᠷ᠎ᠠ ᠶᠢᠨ 10 ᠤ ᠡᠳᠦᠷ ᠪᠣᠯᠲᠠᠯ᠎ᠠ᠃ | ᠬᠤᠶᠠᠷ᠂ ᠰᠡᠳᠦᠪ ᠤᠨ ᠢᠯᠭᠠᠯ | 2025 ᠣᠨ ᠤ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠰᠡᠳᠦᠪ ᠢ ᠴᠢᠬᠤᠯᠠ ᠶᠡᠭᠡ ᠲᠥᠷᠥᠯ ᠤᠨ ᠰᠡᠳᠦᠪ᠂ ᠭᠤᠤᠯᠳᠠᠯᠭ᠎ᠠ ᠲᠠᠢ ᠲᠥᠷᠥᠯ ᠤᠨ ᠰᠡᠳᠦᠪ ᠪᠠ ᠡᠩ ᠤᠨ | ᠲᠥᠷᠥᠯ ᠤᠨ ᠰᠡᠳᠦᠪ ᠭᠡᠵᠦ ᠲᠥᠷᠥᠯ ᠬᠤᠪᠢᠶᠠᠨ᠎ᠠ᠃ | ᠭᠤᠷᠪᠠ᠂ ᠰᠡᠳᠦᠪ ᠤᠨ ᠵᠠᠷᠤᠳᠠᠯ | ᠴᠢᠬᠤᠯᠠ ᠶᠡᠭᠡ ᠲᠥᠷᠥᠯ ᠤᠨ ᠰᠡᠳᠦᠪ ︵ᠬᠡᠷᠡᠭᠯᠡᠬᠦ︶ ᠲᠤ ᠭᠠᠭᠴᠠ ᠵᠦᠢᠯ ᠤᠨ ᠲᠤᠰᠠᠯᠠᠮᠵᠢ ᠶᠢᠨ ᠵᠠᠷᠤᠳᠠᠯ 5 | ᠲᠦᠮᠡᠨ ᠲᠥᠭᠦᠷᠢᠭ᠂ ᠭᠤᠤᠯᠳᠠᠯᠭ᠎ᠠ ᠲᠠᠢ ᠲᠥᠷᠥᠯ ᠤᠨ ᠰᠡᠳᠦᠪ ᠤᠨ ᠭᠠᠭᠴᠠ ᠵᠦᠢᠯ ᠤᠨ ᠲᠤᠰᠠᠯᠠᠮᠵᠢ ᠶᠢᠨ ᠵᠠᠷᠤᠳᠠᠯ | 2 ᠲᠦᠮᠡᠨ ᠲᠥᠭᠦᠷᠢᠭ᠂ ᠡᠩ ᠤᠨ ᠲᠥᠷᠥᠯ ᠤᠨ ᠰᠡᠳᠦᠪ ᠤᠨ ᠵᠠᠷᠤᠳᠠᠯ ᠢ ᠥᠪᠡᠰᠦᠪᠡᠨ ᠴᠤᠭᠯᠠᠭᠤᠯᠤᠨ᠎ᠠ᠃ | ᠰᠡᠳᠦᠪ ᠤᠨ ᠲᠤᠰᠠᠯᠠᠮᠵᠢ ᠶᠢᠨ ᠵᠠᠷᠤᠳᠠᠯ ᠢ ᠨᠢᠭᠡ ᠯᠡ ᠤᠳᠠᠭ᠎ᠠ ᠳᠤ ᠥᠭᠭᠦᠨ᠎ᠡ᠃ | ᠳᠥᠷᠪᠡ᠂ ᠭᠤᠶᠤᠴᠢᠯᠠᠬᠤ ᠨᠥᠬᠦᠴᠡᠯ | ᠲᠥᠷᠥᠯ ᠵᠦᠢᠯ ᠤᠨ ᠬᠠᠷᠢᠭᠤᠴᠠᠯᠭᠠᠲᠠᠨ ᠨᠢ ᠡᠷᠬᠡᠪᠰᠢ ᠳᠣᠣᠷ᠎ᠠ ᠵᠢᠭᠰᠠᠭᠠᠭᠰᠠᠨ ᠨᠥᠬᠦᠴᠡᠯ ᠤᠳ ᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ | ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠬᠤ ᠬᠡᠷᠡᠭᠲᠡᠢ︔ ᠪᠡᠶ᠎ᠡ ᠪᠠᠨ ᠳᠠᠭᠠᠭᠠᠵᠤ ᠰᠤᠳᠤᠯᠭᠠᠨ ᠥᠷᠨᠢᠭᠦᠯᠬᠦ | ᠪᠠ ᠰᠡᠳᠦᠪ ᠤᠨ ᠰᠤᠳᠤᠯᠭᠠᠨ ᠢ ᠵᠣᠬᠢᠶᠠᠨ ᠪᠠᠶᠢᠭᠤᠯᠵᠤ ᠵᠢᠯᠣᠭᠤᠳᠬᠤ ᠴᠢᠳᠠᠪᠤᠷᠢ ᠲᠠᠢ ᠪᠠᠶᠢᠵᠤ᠂ ᠲᠥᠷᠥᠯ | ᠵᠦᠢᠯ ᠤᠨ ᠰᠤᠳᠤᠯᠭᠠᠨ ᠢ ᠡᠭᠦᠷᠭᠡᠯᠡᠬᠦ ᠴᠠᠭ ᠪᠠ ᠣᠶᠤᠨ ᠴᠢᠳᠠᠯ ᠲᠠᠢ ᠪᠠᠶᠢᠬᠤ ᠬᠡᠷᠡᠭᠲᠡᠢ︔ ᠳᠡᠳ᠋ ᠳᠡᠭᠡᠳᠦ ᠵᠡᠷᠭᠡ ︵ | ᠪᠠᠭᠲᠠᠨ᠎ᠠ︶ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠪᠤᠶᠤ ᠳ᠋ᠣᠺᠲ᠋ᠣᠷ ᠤᠨ ᠴᠣᠯᠠ ᠲᠠᠢ᠂ ᠳᠡᠳ᠋ ᠳᠡᠭᠡᠳᠦ | ᠵᠡᠷᠭᠡ ︵ᠪᠠᠭᠲᠠᠨ᠎ᠠ︶ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠪᠤᠶᠤ ᠳ᠋ᠣᠺᠲ᠋ᠣᠷ ᠤᠨ ᠴᠣᠯᠠ | ᠪᠦᠷᠢᠯᠳᠦᠭᠦᠯᠦᠭᠡᠳᠦᠶ ᠭᠤᠶᠤᠴᠢᠯᠠᠭᠴᠢ ᠶᠢ ᠳᠡᠳ᠋ ᠳᠡᠭᠡᠳᠦ ᠵᠡᠷᠭᠡ ︵ᠪᠠᠭᠲᠠᠨ᠎ᠠ︶ ᠠᠴᠠ ᠳᠡᠭᠡᠭᠰᠢᠬᠢ ᠲᠤᠰᠬᠠᠶ | ᠮᠡᠷᠭᠡᠵᠢᠯ ᠤᠨ ᠴᠣᠯᠠ ᠲᠠᠢ ᠬᠤᠶᠠᠷ ᠲᠤᠰᠬᠠᠶ ᠮᠡᠷᠭᠡᠵᠢᠯᠲᠡᠨ ᠢᠶᠠᠷ ᠪᠢᠴᠢᠭ ᠢᠶᠠᠷ ᠪᠠᠲᠤᠯᠠᠨ ᠲᠠᠨᠢᠯᠴᠠᠭᠤᠯᠬᠤ ᠬᠡᠷᠡᠭᠲᠡᠶ᠃ | ᠭᠤᠶᠤᠴᠢᠯᠠᠯ ᠤᠨ ᠮᠡᠳᠡᠭᠳᠡᠯ ᠢ ᠨᠡᠶᠢᠲᠡᠯᠡᠬᠦ ᠠᠴᠠ ᠡᠮᠦᠨ᠎ᠡ᠂ ᠲᠥᠷᠥᠯ ᠵᠦᠢᠯ ᠤᠨ ᠬᠠᠷᠢᠭᠤᠴᠠᠯᠭᠠᠲᠠᠨ ᠨᠢ ᠥᠪᠥᠷ | ᠮᠣᠩᠭᠤᠯ ᠤᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠰᠡᠳᠦᠪ ᠢᠶᠠᠨ ᠳᠠᠭᠤᠰᠬᠠᠭᠠᠳᠤᠶ | ᠪᠠᠶᠢᠪᠠᠯ᠂ ᠲᠥᠷᠥᠯ ᠵᠦᠢᠯ ᠤᠨ ᠬᠠᠷᠢᠭᠤᠴᠠᠯᠭᠠᠲᠠᠨ ᠢᠶᠠᠷ ᠪᠤᠳᠤᠵᠤ ᠰᠢᠨ᠎ᠡ ᠲᠥᠷᠥᠯ ᠵᠦᠢᠯ ᠢ ᠭᠤᠶᠤᠴᠢᠯᠠᠵᠤ ᠪᠣᠯᠬᠤ | ᠥᠬᠡᠶ᠃ | ᠭᠤᠤᠯᠳᠠᠯᠭ᠎ᠠ ᠲᠠᠢ ᠲᠥᠷᠥᠯ ᠤᠨ ᠰᠡᠳᠦᠪ ᠪᠠ ᠴᠢᠬᠤᠯᠠ ᠶᠡᠭᠡ ᠲᠥᠷᠥᠯ ᠤᠨ ᠰᠡᠳᠦᠪ ᠤᠨ ᠰᠤᠳᠤᠯᠭᠠᠨ ᠤ | ᠴᠢᠭᠯᠡᠯ ᠢ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠤᠨ ᠵᠦᠭᠯᠡᠭᠦᠷ︾ ︵ᠳᠣᠷᠣᠭᠰᠢ ︽ᠵᠦᠭᠯᠡᠭᠦᠷ︾ ᠭᠡᠵᠦ | ᠲᠣᠪᠴᠢᠯᠠᠨ᠎ᠠ᠂ ᠳᠠᠭᠠᠯᠳᠤᠭᠤᠯᠤᠯ 1 ᠳᠤ ᠦᠵᠡ︶ ᠤᠨ ᠳᠤᠮᠳᠠ ᠠᠴᠠ ᠰᠣᠩᠭᠤᠬᠤ ᠴᠢᠬᠤᠯᠠᠲᠠᠶ᠃ ᠡᠩ ᠤᠨ | ᠲᠥᠷᠥᠯ ᠤᠨ ᠰᠡᠳᠦᠪ ᠨᠢ ᠬᠥᠲᠥᠯᠥᠨ ᠬᠤᠰᠢᠭᠤᠷᠠᠯ ᠢ ᠠᠩᠬᠠᠷᠬᠤ᠂ ᠰᠠᠭᠤᠷᠢ ᠶᠢ ᠴᠢᠬᠤᠯᠠᠴᠢᠯᠠᠬᠤ᠂ ᠬᠡᠷᠡᠭᠯᠡᠭᠡᠨ ᠢ | ᠳᠣᠪᠤᠶᠢᠯᠭᠠᠬᠤ ᠶᠢᠨ ᠬᠠᠮᠲᠤ ᠲᠤᠭ᠎ᠠ ᠪᠦᠷᠢᠳᠬᠡᠯ ᠤᠨ ᠣᠨᠣᠯ ᠤᠨ ᠰᠤᠳᠤᠯᠤᠯ ᠬᠢᠭᠡᠳ ᠲᠤᠭ᠎ᠠ ᠪᠦᠷᠢᠳᠬᠡᠯ ᠤᠨ | ᠠᠵᠢᠯ ᠤᠨ ᠦᠢᠯᠡᠳᠦᠯᠭᠡ ᠶᠢ ᠬᠠᠷᠢᠯᠴᠠᠨ ᠤᠶᠠᠯᠳᠤᠭᠤᠯᠤᠭᠰᠠᠨ ᠲᠥᠷᠥᠯ ᠵᠦᠢᠯ ᠢ ᠨᠡᠯᠢᠶᠡᠳ ᠰᠠᠶᠢᠨ ᠠᠬᠢᠭᠤᠯᠵᠤ᠂ | ᠭᠤᠶᠤᠴᠢᠯᠠᠨ ᠮᠡᠳᠡᠭᠦᠯᠦᠭᠴᠢ ᠨᠢ ︽ᠵᠦᠭᠯᠡᠭᠦᠷ︾ ᠠᠴᠠ ᠭᠠᠳᠠᠨᠠᠬᠢ ᠰᠡᠳᠦᠪ ᠰᠣᠩᠭᠤᠬᠤ ᠶᠢ ᠭᠤᠶᠤᠴᠢᠯᠠᠨ | ᠲᠣᠭᠲᠠᠭᠠᠵᠤ ᠪᠣᠯᠤᠨ᠎ᠠ᠃ | ᠮᠡᠳᠡᠭᠦᠯᠦᠭᠰᠡᠨ ᠰᠡᠳᠦᠪ ᠲᠤ ᠰᠤᠳᠤᠯᠬᠤ ᠭᠠᠵᠠᠷ ᠣᠷᠣᠨ ᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠬᠤ | ᠴᠢᠬᠤᠯᠠᠲᠠᠶ᠂ ᠲᠠᠩ ᠭᠠᠭᠴᠠ ᠲᠣᠭᠤᠷᠢᠭ ᠰᠢᠶᠠᠨ᠂ ᠲᠠᠩ ᠭᠠᠭᠴᠠ ᠠᠵᠤ ᠠᠬᠤᠶᠢᠯᠠᠯ ᠢᠶᠠᠷ ᠰᠤᠳᠤᠯᠤᠭᠳᠠᠬᠤᠨ | ᠪᠤᠶᠤ ᠬᠡᠷᠡᠭ ᠤᠨ ᠵᠢᠱᠢᠶ᠎ᠡ ᠶᠢᠨ ᠵᠠᠳᠠᠯᠤᠭᠳᠠᠬᠤᠨ ᠪᠣᠯᠭᠠᠵᠤ ᠪᠣᠯᠬᠤ ᠥᠬᠡᠶ᠃ | ᠲᠠᠪᠤ᠂ ᠭᠤᠶᠤᠴᠢᠯᠠᠬᠤ ᠠᠷᠭ᠎ᠠ ᠮᠠᠶ᠋ᠢᠭ | ᠭᠤᠶᠤᠴᠢᠯᠠᠬᠤ ᠰᠡᠳᠦᠪ ᠲᠤ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠤᠨ ᠭᠤᠶᠤᠴᠢᠯᠠᠯ ᠤᠨ ᠪᠢᠴᠢᠭ︾ ︵ | ᠳᠣᠷᠣᠭᠰᠢ ︽ᠭᠤᠶᠤᠴᠢᠯᠠᠯ ᠤᠨ ᠪᠢᠴᠢᠭ︾ ᠭᠡᠵᠦ ᠲᠣᠪᠴᠢᠯᠠᠨ᠎ᠠ︶ ᠢ ᠨᠠᠷᠢᠨ ᠬᠢᠨᠠᠮᠠᠭᠠᠶ ᠲᠠᠭᠯᠠᠬᠤ ᠴᠢᠬᠤᠯᠠᠲᠠᠶ᠂ | ᠳᠠᠭᠠᠯᠳᠤᠭᠤᠯᠤᠯ 2 ᠲᠤ ᠦᠵᠡ︶᠂ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠤᠨ ᠨᠤᠲᠠᠯᠠᠯᠲᠠ ᠶᠢᠨ ᠵᠠᠳᠠᠭᠠᠶ | ᠬᠠᠭᠤᠳᠠᠰᠤ︾ ︵ᠳᠠᠭᠠᠯᠳᠤᠭᠤᠯᠤᠯ 3 ᠳᠤ ᠦᠵᠡ︶ ᠪᠠ ︽2025 ᠣᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠤᠨ ᠮᠡᠳᠡᠭᠡ | ᠵᠠᠩᠭᠢ ᠶᠢᠨ ᠬᠦᠰᠦᠨᠦᠭᠲᠦ︾ ︵ᠳᠠᠭᠠᠯᠳᠤᠭᠤᠯᠤᠯ 4 ᠳᠤ ᠦᠵᠡ︶᠂ ᠡᠭᠦᠨ ᠳᠤ ᠰᠡᠳᠦᠪ ᠤᠨ ᠨᠤᠲᠠᠯᠠᠯᠲᠠ 5000 | ᠦᠰᠦᠭ ᠠᠴᠠ ᠬᠡᠲᠦᠷᠡᠵᠦ ᠪᠣᠯᠬᠤ ᠦᠭᠡᠶ᠂ ᠪᠠᠰᠠ 6 ᠰᠠᠷ᠎ᠠ ᠶᠢᠨ 10 ᠤ ᠡᠳᠦᠷ ᠠᠴᠠ ᠡᠮᠦᠨ᠎ᠡ ᠲᠠᠭᠯᠠᠵᠤ | ᠳᠠᠭᠤᠰᠤᠭᠰᠠᠨ ᠤ ᠳᠠᠷᠠᠭᠠᠬᠢ ᠡᠯᠧᠺᠲᠷᠣᠨ ᠬᠡᠪᠯᠡᠯ ᠢ ᠡᠯᠧᠺᠲᠷᠣᠨ ᠰᠢᠦᠳᠠᠨ ᠬᠠᠶᠢᠷᠴᠠᠭ tme @ nmgtjj . | cn ᠳᠤ ᠶᠠᠪᠤᠭᠤᠯᠤᠨ᠎ᠠ᠂ ᠢᠮᠧᠯ ᠢ ︽ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠡᠷᠳᠡᠮ ᠰᠢᠨᠵᠢᠯᠡᠭᠡᠨ + | ᠭᠤᠶᠤᠴᠢᠯᠠᠭᠴᠢ ᠶᠢᠨ ᠣᠪᠣᠭ ᠨᠡᠷ᠎ᠡ︾ ᠭᠡᠵᠦ ᠨᠡᠷᠡᠯᠡᠨ᠎ᠡ᠂ ᠡᠭᠦᠨ ᠤ ᠬᠠᠮᠲᠤ ᠲᠠᠭᠯᠠᠭᠰᠠᠨ ᠴᠠᠭᠠᠰᠤᠨ ︽ | ᠭᠤᠶᠤᠴᠢᠯᠠᠯ ᠤᠨ ᠪᠢᠴᠢᠭ︾ ᠨᠢᠭᠡ ᠬᠡᠯᠪᠡᠷᠢ ᠶᠢᠨ ᠭᠤᠷᠪᠠᠨ ᠬᠤᠪᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠤᠬᠠᠭᠤᠯᠤᠨ ᠬᠥᠮᠦᠵᠢᠭᠦᠯᠬᠦ ᠲᠥᠪ ᠲᠤ | ᠮᠡᠳᠡᠭᠦᠯᠦᠨ᠎ᠡ᠃ ᠰᠡᠳᠦᠪ ᠭᠤᠶᠤᠴᠢᠯᠠᠭᠴᠢ ᠠᠳᠠᠯᠢ ᠪᠤᠰᠤ ᠮᠡᠳᠡᠭᠦᠯᠦᠨ ᠬᠦᠷᠭᠡᠬᠦ ᠠᠷᠭ᠎ᠠ ᠮᠠᠶ᠋ᠢᠭ ᠠᠳᠠᠯᠢ ᠪᠠᠢᠬᠤ ᠶᠢ | ᠪᠠᠲᠤᠯᠠᠭᠠᠷᠠᠶ᠃ | ᠵᠢᠷᠭᠤᠭ᠎ᠠ᠂ ᠬᠠᠷᠢᠯᠴᠠᠬᠤ ᠬᠡᠯᠪᠡᠷᠢ | ᠬᠠᠷᠢᠯᠴᠠᠬᠤ ᠬᠥᠮᠦᠨ᠄ ᠲᠠᠮᠢᠷ᠂ ᠸᠠᠩ ᠰᠢᠨ ᠢᠦᠢ | ᠬᠠᠷᠢᠯᠴᠠᠬᠤ ᠤᠲᠠᠰᠤ᠄ 0471 - 66100516944485 | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 | ᠳ᠋ᠤᠭᠠᠷ ᠨᠣᠮᠧᠷ ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠤᠬᠠᠭᠤᠯᠭ᠎ᠠ ᠬᠥᠮᠦᠵᠢᠯ ᠤᠨ ᠲᠥᠪ | ᠰᠢᠦᠳᠠᠨ ᠳ᠋ᠤᠭᠠᠷ᠄ 010055 | | ᠳᠠᠭᠠᠯᠳᠤᠭᠤᠯᠤᠯ | | |