ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠺᠠᠳ᠋ᠷ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠠ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ DeepSeek | ᠵᠡᠷᠭᠡ ᠲᠣᠮᠣ ᠵᠠᠭᠪᠤᠷ ᠤᠨ ᠬᠡᠷᠡᠭᠯᠡᠬᠦ ᠠᠷᠭ᠎ᠠ ᠶᠢ ᠪᠣᠯᠪᠠᠰᠤᠷᠠᠩᠭᠤᠶ ᠡᠵᠡᠮᠰᠢᠵᠦ᠂ ᠰᠢᠨᠵᠢᠯᠡᠬᠦ ᠤᠬᠠᠭᠠᠨᠴᠢ ᠥᠨᠳᠥᠷ | ᠪᠦᠲᠦᠮᠵᠢᠲᠡᠶ ᠪᠠᠷ ᠠᠵᠢᠯ ᠢᠶᠠᠨ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠬᠤᠸᠠ ᠸᠧᠶ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠲᠤᠰᠬᠠᠶ ᠮᠡᠷᠭᠡᠵᠢᠯᠲᠡᠨ ᠢ ᠤᠷᠢᠵᠤ ︽ᠤᠶᠤᠨᠴᠢᠯᠠᠯᠳᠠ ᠶᠢᠨ ᠴᠢᠳᠠᠪᠬᠢ ᠶᠢ ᠭᠦᠨᠵᠡᠭᠡᠶᠢᠷᠡᠭᠦᠯᠵᠦ ᠲᠤᠭ᠎ᠠ | ᠪᠦᠷᠢᠳᠬᠡᠯ ᠤᠨ ᠢᠷᠡᠭᠡᠳᠦᠶ ᠶᠢ ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠢᠶᠠᠷ ᠬᠢᠴᠢᠶᠡᠯ ᠣᠷᠣᠭᠤᠯᠪᠠ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠢᠩ ᠶᠦᠩ ᠪᠥᠸᠧ ᠲᠠᠶᠢᠯᠤᠮᠵᠢ ᠶᠢ ᠡᠷᠭᠢᠯᠡᠪᠡ᠃ | ᠶᠠᠷᠢᠶᠠᠨ ᠤ ᠲᠠᠩᠬᠢᠮ ᠨᠢ ︽ᠵᠣᠬᠢᠶᠠᠮᠠᠯ ᠣᠶᠤᠨ ᠠᠴᠠ ᠲᠣᠮᠣ ᠵᠠᠭᠪᠤᠷᠳᠤ ᠴᠠᠭ ᠦᠶ᠎ᠡ ᠳᠤ ᠬᠥᠷᠬᠦ︾ ᠪᠠᠷ | ᠭᠠᠷᠳᠠᠬᠤ ᠴᠡᠭ ᠪᠣᠯᠭᠠᠵᠤ᠂ ᠣᠯᠠᠨ ᠢ ᠳᠠᠭᠠᠭᠤᠯᠤᠨ ᠵᠣᠬᠢᠶᠠᠮᠠᠯ ᠣᠶᠤᠨ ᠤ ᠲᠤᠬᠠᠢ ᠣᠶᠢᠯᠠᠭᠠᠭᠤᠯᠤᠭᠰᠠᠨ ᠪᠥᠭᠡᠳ | ᠪᠠᠰᠠ ᠣᠯᠠᠨ ᠳᠤ ᠵᠣᠬᠢᠶᠠᠮᠠᠯ ᠣᠶᠤᠨ ᠤ ᠤᠬᠠᠭᠳᠠᠬᠤᠨ ᠪᠠ ᠪᠦᠷᠢᠯᠳᠦᠯ᠂ ᠬᠥᠭᠵᠢᠯᠲᠡ ᠶᠢᠨ ᠶᠠᠪᠤᠴᠠ ᠵᠢᠴᠢ | ᠢᠷᠡᠭᠡᠳᠦᠶ ᠶᠢᠨ ᠬᠠᠨᠳᠤᠰᠢ ᠶᠢ ᠲᠠᠶᠢᠯᠪᠤᠷᠢᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠬᠡᠯᠪᠡᠷᠢ ᠪᠠᠨ | ᠬᠤᠪᠢᠷᠠᠭᠤᠯᠬᠤ ᠳᠤᠮᠳᠠᠬᠢ DeepSek ᠶᠢᠨ ᠬᠡᠷᠡᠭᠯᠡᠭᠡᠨ ᠤ ᠠᠬᠤᠶ ᠪᠠᠶᠢᠳᠠᠯ᠂ ᠵᠢᠱᠢᠶᠡᠯᠡᠪᠡᠯ ᠠᠯᠪᠠᠨ ᠪᠢᠴᠢᠭ ᠤᠨ | ᠵᠣᠬᠢᠶᠠᠨ ᠪᠢᠴᠢᠯᠭᠡ᠂ ᠤᠶᠤᠨᠲᠤ ᠠᠰᠠᠭᠤᠯᠲᠠ ᠬᠠᠷᠢᠭᠤᠯᠲᠠ ᠵᠡᠷᠭᠡ ᠶᠢ ᠢᠯᠡᠷᠡᠭᠦᠯᠵᠦ᠂ ᠣᠯᠠᠨ ᠢ ᠬᠠᠪᠰᠤᠷᠤᠨ | AI ᠶᠢᠨ ᠬᠠᠪᠰᠤᠷᠤᠨ ᠠᠵᠢᠯᠯᠠᠬᠤ ᠠᠷᠭ᠎ᠠ ᠶᠢ ᠨᠠᠩ ᠰᠠᠶᠢᠲᠤᠷ ᠡᠵᠡᠮᠰᠢᠵᠦ᠂ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ | ᠪᠣᠯᠪᠠᠰᠤᠷᠠᠯ ᠳᠤ ᠱᠠᠭᠠᠷᠳᠠᠭᠰᠠᠨ ᠨᠢ᠂ ᠨᠢᠭᠡ ᠳᠤ᠂ ᠲᠤᠭ᠎ᠠ ᠪᠦᠷᠢᠳᠬᠡᠯ ᠤᠨ ᠥᠷᠭᠡᠨ ᠣᠯᠠᠨ ᠺᠠᠳ᠋ᠷᠴᠤᠳ | ᠬᠤᠰᠢᠭᠤᠷᠠᠯ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠰᠢᠨ᠎ᠡ ᠬᠠᠨᠳᠤᠰᠢ᠂ ᠰᠢᠨ᠎ᠡ ᠵᠠᠭᠪᠤᠷ ᠢ ᠨᠠᠩ | ᠰᠠᠶᠢᠲᠤᠷ ᠡᠵᠡᠮᠰᠢᠵᠦ᠂ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ ᠲᠤᠭ᠎ᠠ ᠪᠦᠷᠢᠳᠬᠡᠯ ᠤᠨ | ᠠᠵᠢᠯ ᠤᠨ ᠭᠦᠨᠵᠡᠭᠡᠶ ᠠᠭᠤᠰᠤᠯᠴᠠᠯ ᠤᠨ ᠨᠢᠭᠲᠠ ᠬᠠᠷᠢᠴᠠᠭ᠎ᠠ ᠶᠢ ᠭᠦᠨᠵᠡᠭᠡᠶ ᠣᠶᠢᠯᠠᠭᠠᠬᠤ ᠬᠡᠷᠡᠭᠲᠡᠶ᠃ ᠬᠤᠶᠠᠷ ᠲᠤ᠂ | ᠲᠤᠭ᠎ᠠ ᠪᠦᠷᠢᠳᠬᠡᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠣᠬᠢᠶᠠᠮᠠᠯ ᠣᠶᠤᠨ ᠤ ᠮᠡᠷᠭᠡᠵᠢᠯ ᠢ | ᠠᠰᠢᠭᠯᠠᠵᠤ᠂ ᠲᠤᠭ᠎ᠠ ᠪᠠᠷᠢᠮᠲᠠ ᠶᠢᠨ ᠵᠠᠰᠠᠯᠲᠠ᠂ ᠵᠠᠳᠠᠯᠤᠯᠲᠠ ᠶᠢᠨ ᠰᠢᠢᠳᠪᠦᠷᠢᠳᠦ ᠪᠣᠳᠣᠯᠭ᠎ᠠ᠂ ᠲᠤᠭ᠎ᠠ | ᠪᠠᠷᠢᠮᠲᠠ ᠶᠢᠨ ᠨᠡᠭᠡᠭᠡᠨ ᠬᠥᠭᠵᠢᠭᠦᠯᠦᠯᠲᠡ ᠪᠠ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠤᠯᠤᠰ ᠤᠨ ᠶᠡᠷᠦᠩᠬᠡᠶ ᠴᠣᠭᠴᠠ ᠶᠢᠨ ᠠᠮᠤᠷ ᠲᠦᠪᠰᠢᠨ ᠤ | ᠦᠵᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠮᠠᠯ ᠣᠶᠤᠨ ᠤ ᠮᠡᠷᠭᠡᠵᠢᠯ ᠤᠨ | ᠬᠥᠭᠵᠢᠯᠲᠡ ᠠᠴᠠ ᠪᠣᠯᠤᠭᠰᠠᠨ ᠥᠷᠢᠰᠥᠯᠳᠦᠭᠡᠨ ᠪᠠ ᠠᠵᠠ ᠲᠣᠬᠢᠶᠠᠯ ᠢ ᠵᠥᠪ ᠲᠠᠨᠢᠵᠤ᠂ ᠨᠢᠭᠤᠴᠠ ᠶᠢ ᠬᠠᠮᠠᠭᠠᠯᠠᠬᠤ | ᠪᠠ ᠠᠮᠤᠷ ᠲᠦᠪᠰᠢᠨ ᠤ ᠲᠦᠷᠢᠮ ᠢ ᠴᠢᠩᠭ᠎ᠠ ᠵᠢᠷᠤᠮᠯᠠᠵᠤ᠂ ᠲᠤᠭ᠎ᠠ ᠪᠦᠷᠢᠳᠬᠡᠯ ᠤᠨ ᠰᠦᠯᠵᠢᠶ᠎ᠡ᠂ ᠲᠤᠭ᠎ᠠ | ᠪᠠᠷᠢᠮᠲᠠ ᠶᠢᠨ ᠦᠢᠯᠡᠳᠪᠦᠷᠢᠯᠡᠯ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ | ᠰᠢᠰᠲ᠋ᠧᠮ ᠢ ᠲᠠᠰᠤᠷᠠᠯᠲᠠ ᠥᠬᠡᠶ ᠪᠦᠷᠢᠨᠰᠢᠬᠦᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠢᠯᠡᠳᠪᠦᠷᠢᠯᠡᠯ ᠤᠨ | ᠦᠷᠭᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ ᠪᠠ ᠠᠮᠤᠷ ᠲᠦᠪᠰᠢᠨ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ | ᠭᠡᠵᠡᠢ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠳᠤᠷᠢᠳᠤᠯᠭ᠎ᠠ᠂ ᠪᠠᠶᠢᠭᠤᠯᠭ᠎ᠠ ᠶᠢᠨ | ᠡᠯ᠎ᠡ ᠭᠠᠵᠠᠷ ᠬᠡᠷ ᠲᠣᠪᠴᠢᠶ᠎ᠠ᠂ ᠠᠵᠢᠯ ᠦᠢᠯᠡᠰ ᠤᠨ ᠨᠢᠭᠡᠴᠡ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ 570 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ | ᠃ |