ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 20 ᠤ ᠴᠠᠭᠢᠯᠭᠠᠨ ᠮᠡᠳᠡᠭᠡ 5 ᠰᠠᠷ᠎ᠠ ᠶᠢᠨ 20 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2025 ᠣᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ | ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠶᠠᠳᠠᠭᠤ ᠬᠦᠴᠢᠷᠳᠡᠯ ᠢ ᠠᠷᠢᠯᠭᠠᠬᠤ ᠪᠣᠯ ᠪᠦᠭᠦ ᠪᠥᠮᠪᠥᠷᠴᠡᠭ ᠤᠨ ᠴᠢᠨᠠᠷᠲᠠᠢ ᠬᠦᠴᠢᠷ | ᠠᠰᠠᠭᠤᠳᠠᠯ ᠪᠤᠯᠬᠤ ᠪᠥᠭᠡᠳ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠠᠷᠠᠯᠲᠠ ᠪᠣᠯᠣᠨ᠎ᠠ᠃ ᠳᠤᠮᠳᠠᠳᠤ | ᠤᠯᠤᠰ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ ᠬᠠᠷᠠᠯᠲᠠ ᠶᠢ 10 ᠵᠢᠯ ᠤᠷᠢᠳᠴᠢᠯᠠᠨ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠠᠮ ᠢᠶᠠᠷ ᠵᠠᠮᠨᠠᠵᠤ᠂ ᠬᠥᠮᠥᠨ ᠲᠥᠷᠥᠯᠬᠢᠲᠡᠨ ᠤ ᠶᠠᠳᠠᠭᠤ | ᠬᠦᠴᠢᠷᠳᠡᠯ ᠢ ᠡᠰᠡᠷᠭᠦᠴᠡᠬᠦ ᠲᠡᠦᠬᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠠᠰᠠᠭᠤᠳᠠᠯ ᠪᠣᠯ ᠡᠴᠦᠰ ᠤᠨ | ᠡᠴᠦᠰ ᠲᠡᠭᠡᠨ ᠬᠥᠭᠵᠢᠯᠲᠡ ᠶᠢᠨ ᠠᠰᠠᠭᠤᠳᠠᠯ ᠪᠣᠯᠣᠨ᠎ᠠ᠃ ᠣᠶᠢᠷ᠎ᠠ ᠶᠢᠨ ᠵᠢᠯ ᠠᠴᠠ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ | ᠦᠷᠭᠦᠯᠵᠢᠯᠡᠬᠦ ᠬᠥᠭᠵᠢᠯᠲᠡ ᠶᠢᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ | ᠣᠯᠪᠠ᠃ ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ | ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠲᠦᠷᠦ ᠶᠢᠨ | ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠭᠰᠡᠨ ᠲᠤᠷᠰᠢᠯᠭ᠎ᠠ ᠪᠠᠨ ᠬᠤᠪᠢᠶᠠᠯᠴᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠨᠡᠩ ᠤᠯᠠᠨ ᠤᠯᠤᠰ ᠢ ᠬᠠᠪᠰᠤᠷᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ ᠵᠠᠮ ᠢ | ᠰᠦᠪᠡᠭᠴᠢᠯᠡᠵᠦ᠂ ᠶᠠᠳᠠᠭᠤ ᠬᠦᠴᠢᠷᠳᠡᠯ ᠠᠴᠠ ᠵᠠᠶᠢᠳᠠᠭᠰᠠᠨ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ | ᠳᠡᠯᠡᠬᠡᠢ ᠶᠢᠷᠲᠢᠨᠴᠦ ᠶᠢ ᠭᠠᠷ ᠬᠤᠯᠪᠣᠯᠴᠠᠨ ᠪᠦᠲᠦᠭᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠲᠤᠬᠠᠢ ᠶᠢᠨ ᠡᠳᠦᠷ ᠱᠠᠨᠰᠢ ᠶᠢᠨ ᠰᠢ ᠠᠨ ᠳᠤ ᠡᠬᠢᠯᠡᠪᠡ᠂ ︽ | ᠦᠷᠭᠦᠯᠵᠢᠯᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠵᠦ ᠬᠠᠮᠲᠤᠷᠠᠯᠴᠠᠨ ᠬᠥᠭᠵᠢᠨ᠎ᠡ — | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠶᠠᠳᠠᠭᠤ ᠬᠦᠴᠢᠷᠳᠡᠯᠲᠡᠢ ᠬᠥᠮᠥᠨ | ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ ᠪᠠᠶᠢᠵᠤ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ | ᠬᠠᠮᠲᠤᠷᠠᠯᠴᠠᠭ᠎ᠠ ᠶᠢᠨ ᠵᠥᠪᠯᠡᠯ ᠪᠣᠯᠣᠨ ᠱᠠᠨᠰᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠪᠡ᠃ | |