1—4 ᠳ᠋ᠤᠭᠡᠷ ᠰᠠᠷ᠎ᠠ ᠳᠤ ᠪᠥᠬᠦ ᠣᠷᠣᠨ ᠤ ᠠᠵᠤ ᠠᠬᠤᠶ ᠲᠣᠭᠲᠠᠭᠤᠨ ᠢᠶᠠᠷ ᠬᠥᠭᠵᠢᠪᠡ
ᠨᠡᠶᠢᠲᠡᠯᠡᠭᠰᠡᠨ ᠴᠠᠭ᠄
2025/5/22
  ᠡᠨᠡ ᠵᠢᠯ ᠠᠴᠠ ᠨᠠᠭᠠᠰᠢ᠂ ᠬᠦᠴᠢᠷ ᠪᠡᠷᠬᠡᠰᠢᠶᠡᠯ ᠥᠷᠢᠰᠥᠯᠳᠦᠭᠡᠨ ᠣᠯᠠᠰᠢᠷᠠᠵᠤ ᠪᠠᠶᠢᠭ᠎ᠠ ᠨᠠᠷᠢᠨ ᠪᠤᠳᠤᠯᠢᠶᠠᠨᠲᠠᠶ ᠪᠠᠶᠢᠳᠠᠯ ᠤᠨ ᠡᠮᠦᠨ᠎ᠡ᠂ ᠪᠥᠬᠦ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠡᠵᠡᠮᠳᠡᠨ᠂ ᠦᠯᠡᠳᠡᠭᠡᠯ ᠲᠥᠷᠥ ᠶᠢᠨ ᠪᠣᠳᠣᠯᠭ᠎ᠠ ᠪᠠ ᠨᠡᠮᠡᠭᠳᠡᠯ ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠶᠢ ᠬᠦᠴᠦᠯᠡᠨ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠡᠷᠡᠭᠯᠡᠭᠡ ᠶᠢ ᠬᠥᠭᠵᠢᠭᠡᠬᠦ ᠵᠡᠷᠭᠡ ᠡᠯ᠎ᠡ ᠵᠦᠢᠯ ᠤᠨ ᠠᠵᠢᠯ ᠢ ᠱᠠᠯᠠᠪᠳᠠᠨ ᠰᠠᠶᠢᠲᠤᠷ ᠬᠢᠵᠦ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠡᠷᠭᠢᠯᠲᠡ ᠶᠢ ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠃    ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ᠃    1—4 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠵᠦ᠂ ᠦᠢᠯᠡᠳᠬᠦ ᠦᠢᠯᠡᠰ 8.8% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 5.6% ᠪᠠᠷ ᠨᠡᠮᠡᠭᠳᠡᠪᠡ᠃ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29.3% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 23.0% ᠪᠠᠷ ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 5.8% ᠪᠠᠷ ᠨᠡᠮᠡᠭᠳᠡᠪᠡ︔ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 5.9% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 7.8% ᠪᠠᠷ ᠨᠡᠮᠡᠭᠳᠡᠪᠡ︔ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 2.6% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠭᠠᠷᠤᠯᠲᠠ ᠠᠴᠠ ᠦᠵᠡᠪᠡᠯ᠂ ᠨᠡᠭᠦᠷᠡᠰᠦᠨ ᠤ ᠭᠠᠷᠤᠯᠲᠠ 4.3 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 2676.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 1.4% ᠪᠠᠷ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 748.8 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 33.6% ᠪᠠᠷ ᠨᠡᠮᠡᠭᠳᠡᠪᠡ︔ ᠲᠡᠮᠦᠷ ᠤᠨ ᠬᠠᠶᠢᠯᠤᠰᠢ 584.6 ᠲᠦᠮᠡᠨ ᠲᠣᠨ ᠪᠠᠶᠢᠵᠤ᠂ 17.2% ᠢᠶᠠᠷ ᠨᠡᠮᠡᠭᠳᠡᠪᠡ︔ ᠪᠣᠯᠣᠳ ᠮᠠᠲ᠋ᠧᠷᠢᠶᠠᠯ ᠤᠨ ᠭᠠᠷᠤᠯᠲᠠ 1176.9 ᠲᠦᠮᠡᠨ ᠲᠣᠨ ᠳᠤ ᠬᠦᠷᠴᠦ᠂ 5.2% ᠢᠶᠠᠷ ᠨᠡᠮᠡᠭᠳᠡᠪᠡ︔ ᠮᠠᠰᠢᠨ ᠲᠡᠷᠭᠡᠨ ᠤ ᠭᠠᠷᠤᠯᠲᠠ 3.9 ᠲᠦᠮᠡ ᠳᠤ ᠬᠦᠷᠴᠦ᠂ 39.8% ᠪᠠᠷ ᠨᠡᠮᠡᠭᠳᠡᠪᠡ᠃ 1 - 3 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 6908.0 ᠳ᠋ᠦᠩᠰᠢᠭᠤᠷ ᠲᠥᠭᠦᠷᠢᠭ ᠲᠤ ᠬᠦᠷᠴᠦ᠂ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 714.6 ᠳ᠋ᠦᠩᠰᠢᠭᠤᠷ ᠲᠥᠭᠦᠷᠢᠭ ᠲᠤ ᠬᠥᠷᠪᠡ᠃    ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠡᠷᠴᠢᠮᠲᠡᠢ ᠨᠡᠮᠡᠭᠳᠡᠪᠡ᠃     1—4 ᠳ᠋ᠤᠭᠡᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 18.8% ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.2% ᠢᠶᠠᠷ ᠨᠡᠮᠡᠭᠳᠡᠵᠦ᠂ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ 16.8% ᠪᠠᠷ ᠨᠡᠮᠡᠭᠳᠡᠵᠦ᠂ ᠬᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ 0.4% ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.8% ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 16.8% ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 18.0% ᠨᠡᠮᠡᠭᠳᠡᠪᠡ᠃ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠪᠡ︔ ᠭᠡᠷ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢ ᠬᠠᠰᠤᠪᠠᠯ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ 6.9% ᠨᠡᠮᠡᠭᠳᠡᠪᠡ᠃    ᠭᠤᠷᠪᠠ᠂ ᠬᠡᠷᠡᠭᠯᠡᠭᠡᠨ ᠤ ᠬᠡᠷᠡᠭᠴᠡᠭᠡ ᠦᠷᠭᠦᠯᠵᠢᠯᠡᠨ ᠢᠯᠡᠷᠡᠵᠦ᠂ ᠬᠠᠭᠤᠴᠢᠨ ᠢᠶᠠᠷ ᠰᠢᠨ᠎ᠡ ᠶᠢ ᠰᠣᠯᠢᠬᠤ ᠬᠠᠮᠢᠶ᠎ᠠ ᠪᠦᠬᠦᠢ ᠲᠠᠸᠠᠷ ᠤᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃     1—4 ᠳ᠋ᠤᠭᠡᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 1658.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 6.8% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 7.5% ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 7.4% ᠪᠠᠷ ᠨᠡᠮᠡᠭᠳᠡᠪᠡ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠣᠯᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ ᠤ ᠲᠥᠷᠥᠯ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠲᠣᠰ ᠲᠣᠰ 20.5%᠂ 30.4% ᠪᠠ 86.3% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 68.4% ᠨᠡᠮᠡᠭᠳᠡᠪᠡ᠃    ᠳᠥᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠬᠠᠩᠰᠢ ᠶᠢᠨ ᠪᠠᠭᠤᠷᠠᠯᠲᠠ ᠶᠢᠨ ᠬᠡᠮᠵᠢᠶ᠎ᠡ ᠪᠠᠭᠠᠰᠴᠠᠶ᠃    4 ᠳ᠋ᠤᠭᠡᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠠᠳᠠᠯᠢ ᠬᠤᠭᠤᠴᠠᠭᠠᠨ ᠤ ᠬᠢ ᠠᠴᠠ 0.4% ᠪᠠᠷ ᠪᠠᠭᠤᠷᠠᠪᠠ᠂ ᠡᠭᠦᠨ ᠳᠤ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 0.5% ᠪᠠᠷ ᠪᠠᠭᠤᠷᠠᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 0.2% ᠢᠶᠠᠷ ᠪᠠᠭᠤᠷᠠᠪᠠ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭᠠᠨ ᠠᠷᠢᠬᠢ ᠲᠠᠮᠠᠬᠢᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠵᠤ᠂ ᠬᠤᠪᠴᠠᠰᠤ ᠬᠤᠨᠠᠷ ᠤᠨ ᠦᠨ᠎ᠡ ᠬᠠᠩᠰᠢ 0.9% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠲᠠᠢ ᠲᠡᠩᠴᠡᠵᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 0.9% ᠪᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠦᠨ᠎ᠡ ᠬᠠᠩᠰᠢ 4.3% ᠪᠠᠷ ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ ᠤᠨ ᠦᠨ᠎ᠡ ᠬᠠᠩᠰᠢ 0.1% ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠦᠨ᠎ᠡ ᠬᠠᠩᠰᠢ 1.0% ᠪᠠᠷ ᠥᠰᠴᠦ᠂ ᠪᠤᠰᠤᠳ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 8.1% ᠪᠠᠷ ᠥᠰᠴᠡᠶ᠃ 1—4 ᠳ᠋ᠤᠭᠡᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 0.5% ᠪᠠᠷ ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 5.5% ᠪᠠᠷ ᠪᠠᠭᠤᠷᠠᠵᠤ᠂ ᠨᠢᠭᠡᠳᠦᠭᠡᠷ ᠤᠯᠠᠷᠢᠯ ᠤᠨ ᠬᠢ ᠠᠴᠠ 0.2 ᠵᠠᠭᠤᠨ ᠤ ᠬᠤᠪᠢ ᠶᠢᠨ ᠴᠡᠭ ᠪᠠᠭᠠᠰᠴᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭᠠᠨ ᠤ ᠬᠢ ᠠᠴᠠ 4.8% ᠪᠠᠷ ᠪᠠᠭᠤᠷᠠᠪᠠ᠃    ᠶᠡᠷᠦᠩᠬᠡᠶ ᠳᠤᠨᠢ ᠠᠪᠴᠤ ᠦᠵᠡᠪᠡᠯ᠂ ᠡᠯ᠎ᠡ ᠵᠦᠢᠯ ᠤᠨ ᠬᠤᠷᠸ᠎ᠠ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠬᠦᠴᠦᠯᠡᠬᠦ ᠶᠢ ᠳᠠᠭᠠᠯᠳᠤᠨ᠂ ᠪᠦᠬᠦ ᠣᠷᠣᠨ ᠤ ᠠᠵᠤ ᠠᠬᠤᠶ ᠦᠷᠭᠦᠯᠵᠢᠯᠡᠨ ᠲᠣᠭᠲᠠᠭᠤᠨ ᠪᠥᠭᠡᠳ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠪᠠ᠃ ᠭᠡᠪᠡᠴᠦ ᠣᠳᠣᠬᠠᠨ ᠤ ᠭᠠᠳᠠᠭᠠᠳᠤ ᠣᠷᠴᠢᠨ ᠨᠡᠩ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠤᠯᠵᠤ᠂ ᠠᠵᠤ ᠠᠬᠤᠢ ᠦᠷᠭᠦᠯᠵᠢᠯᠡᠨ ᠳᠡᠭᠡᠭᠰᠢᠯᠡᠵᠦ ᠪᠠᠶᠢᠭ᠎ᠠ ᠪᠠᠶᠢᠳᠠᠯ ᠮᠥᠨ ᠯᠡ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ᠂ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠬᠤᠪᠢᠷᠠᠯᠲᠠ ᠶᠢ ᠢᠳᠡᠪᠬᠢᠲᠡᠶ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠠᠵᠤ ᠠᠬᠤᠶ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号