ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 22 ᠤᠨ ᠴᠠᠭᠢᠯᠭᠠᠨ ᠮᠡᠳᠡᠭᠡ 5 ᠰᠠᠷ᠎ᠠ ᠶᠢᠨ 22 ᠤᠨ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠹᠷᠠᠨᠼᠢ ᠶᠢᠨ ᠶᠡᠷᠦᠩᠬᠡᠶᠢᠯᠡᠭᠴᠢ | ᠮᠠᠶᠢᠺᠷᠤᠨ ᠲᠠᠢ ᠤᠲᠠᠰᠤ ᠪᠠᠷ ᠶᠠᠷᠢᠯᠴᠠᠪᠠ᠃ | ᠰᠢ ᠶᠢᠨ ᠫᠢᠩ᠂ ᠨᠢᠳᠤᠨᠤᠨ ᠤ 5 ᠰᠠᠷ᠎ᠠ ᠳᠤ ᠪᠢ ᠹᠷᠠᠨᠼᠢ ᠳᠤ ᠠᠶᠢᠯᠴᠢᠯᠠᠵᠤ᠂ ᠬᠤᠶᠠᠷ ᠲᠠᠯ᠎ᠠ ᠪᠠᠷ ᠢᠶᠠᠨ | ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠠᠷᠢᠯᠴᠠᠨ ᠣᠶᠢᠯᠠᠭᠠᠯᠴᠠᠬᠤ᠂ ᠥᠨᠳᠥᠷ ᠲᠤ ᠵᠣᠭᠰᠣᠨ ᠠᠯᠤᠰ ᠢ ᠪᠠᠷᠠᠯᠠᠬᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤᠮᠳᠠᠳᠤ ᠹᠷᠠᠨᠼᠢ ᠶᠢᠨ ᠭᠠᠳᠠᠭᠠᠳᠤ ᠬᠠᠷᠢᠯᠴᠠᠭ᠎ᠠ | ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠠᠨᠠᠯ ᠨᠢᠭᠡᠲᠡᠢ ᠵᠥᠪᠰᠢᠶᠡᠷᠡᠭᠰᠡᠨ ᠪᠥᠭᠡᠳ ᠲᠡᠭᠦᠨ ᠳᠤ ᠰᠢᠨ᠎ᠡ | ᠴᠠᠭ ᠦᠶ᠎ᠡ ᠶᠢᠨ ᠠᠭᠤᠯᠤᠭᠳᠠᠬᠤᠨ ᠣᠯᠭᠤᠪᠠ᠃ ᠲᠡᠭᠦᠨ ᠠᠴᠠ ᠰᠡᠭᠦᠯᠡᠷ᠂ ᠳᠤᠮᠳᠠᠳᠤ ᠹᠷᠠᠨᠼᠢ ᠶᠢᠨ | ᠬᠠᠮᠲᠤᠷᠠᠯᠴᠠᠭ᠎ᠠ ᠪᠠᠰᠠ ᠮᠠᠰᠢ ᠤᠯᠠᠨ ᠰᠢᠨ᠎ᠡ ᠠᠬᠢᠴᠠ ᠲᠠᠢ ᠪᠣᠯᠪᠠ᠃ | ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠤᠶ᠎ᠠ᠃ ᠠᠵᠠ ᠲᠣᠭᠢᠶᠠᠯ ᠢ ᠠᠮᠵᠢᠵᠤ᠂ ᠪᠡᠯᠡ ᠣᠷᠣᠭᠤᠯᠤᠯᠲᠠ᠂ ᠰᠠᠨᠰᠠᠷ ᠤᠨ ᠠᠶᠠᠯᠠᠯ | ᠠᠭᠠᠷ ᠤᠨ ᠠᠶᠠᠯᠠᠯ᠂ ᠴᠥᠮ᠎ᠡ ᠶᠢᠨ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠲᠣᠭᠠᠴᠢᠯᠠᠯᠳᠠ᠂ ᠪᠣᠬᠢᠷᠳᠤᠯ ᠦᠭᠡᠢ᠂ ᠠᠮᠢᠳᠤ ᠪᠣᠳᠠᠰ ᠤᠨ ᠡᠮ ᠡᠮᠨᠡᠯᠭᠡ᠂ | ᠪᠤᠭᠤᠷᠤᠯᠴᠤᠳ ᠤᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ | ᠥᠷᠭᠡᠳᠬᠡᠶ᠎ᠡ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠵᠦ᠂ ᠠᠷᠠᠳ ᠲᠦᠮᠡᠨ ᠤ ᠨᠥᠬᠦᠷᠯᠡᠯ ᠢ | ᠠᠬᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ ᠪᠠ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠳᠤᠮᠳᠠᠳᠤ ᠹᠷᠠᠨᠼᠢ | ᠪᠣᠯ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ | ᠬᠡᠷᠡᠭ ᠡᠷᠭᠢᠯᠡᠭᠦ ᠤᠯᠤᠰ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠲᠣᠮᠣ ᠤᠯᠤᠰ ᠮᠥᠨ᠂ ᠳᠠᠶᠢᠨ ᠤ ᠳᠠᠷᠠᠭᠠᠬᠢ | ᠤᠯᠠᠨ ᠤᠯᠤᠰ ᠤᠨ ᠡᠮᠬᠢ ᠳᠢᠭᠯᠢᠮ ᠤᠨ ᠡᠭᠦᠰᠬᠡᠨ ᠪᠠᠶᠢᠭᠤᠯᠤᠭᠴᠢ᠂ ᠪᠦᠲᠦᠭᠡᠨ ᠪᠠᠶᠢᠭᠤᠯᠤᠭᠴᠢ ᠮᠥᠨ᠂ | ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ | ᠰᠦᠷ ᠪᠠ ᠪᠠᠶᠢᠷᠢ ᠰᠠᠭᠤᠷᠢ ᠶᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠠᠷᠠᠯᠵᠢᠶᠠᠨ ᠤ ᠳᠦᠷᠢᠮ ᠪᠠ | ᠳᠡᠯᠡᠬᠡᠢ ᠶᠢᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠬᠦ ᠬᠡᠷᠡᠭᠲᠡᠢ᠃ ᠳᠡᠯᠡᠬᠡᠢ ᠶᠢᠨ ᠪᠠᠶᠢᠳᠠᠯ ᠬᠡᠳᠦᠢ ᠪᠤᠳᠤᠯᠢᠶᠠᠨᠲᠠᠢ ᠪᠤᠯᠬᠤ ᠳᠤᠳᠤᠮ᠂ ᠳᠤᠮᠳᠠᠳᠤ | ᠹᠷᠠᠨᠼᠢ ᠲᠡᠳᠦᠢ ᠵᠥᠪ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠬᠢᠵᠦ᠂ ᠤᠯᠠᠨ ᠤᠯᠤᠰ ᠤᠨ ᠡᠮᠬᠢ ᠳᠢᠭᠯᠢᠮ ᠢ | ᠬᠠᠮᠠᠭᠠᠯᠠᠬᠤ ᠨᠠᠶᠢᠳᠠᠪᠤᠷᠢᠲᠠᠢ ᠬᠦᠴᠦᠨ᠂ ᠪᠦᠭᠦ ᠪᠥᠮᠪᠥᠷᠴᠡᠭ ᠤᠨ ᠨᠡᠮᠡᠭᠳᠡᠯ ᠢ ᠠᠬᠢᠭᠤᠯᠬᠤ ᠨᠡᠭᠡᠭᠡᠯᠲᠡᠲᠤ ᠬᠦᠴᠦᠨ᠂ | ᠤᠯᠠᠨ ᠲᠠᠯᠠᠲᠤ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠳᠠᠪᠰᠢᠩᠭᠤᠢ ᠬᠦᠴᠦᠨ ᠪᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠢ ᠤᠯᠠᠨ ᠲᠦᠢᠯᠲᠤ ᠳᠡᠯᠡᠬᠡᠢ ᠶᠢᠨ ᠲᠤᠰᠠᠭᠠᠷ | ᠨᠢᠭᠡ ᠲᠦᠢᠯ ᠢᠶᠠᠷ ᠦᠵᠡᠵᠦ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ | ᠪᠣᠳᠣᠯᠭ᠎ᠠ ᠶᠢᠨ ᠲᠠᠯ᠎ᠠ ᠪᠠᠷ ᠪᠡᠶ᠎ᠡ ᠪᠠᠨ ᠳᠠᠭᠠᠭᠠᠬᠤ ᠪᠠᠨ ᠴᠢᠩᠭᠠᠳᠬᠠᠬᠤ ᠶᠢ ᠲᠡᠮᠵᠢᠵᠦ᠂ ᠤᠯᠠᠠ ᠤᠯᠤᠰ ᠤᠨ ᠬᠡᠷᠡᠭ | ᠶᠠᠪᠤᠳᠠᠯ ᠳᠤ ᠨᠡᠩ ᠴᠢᠬᠤᠯᠠ ᠦᠢᠯᠡᠳᠦᠯ ᠦᠵᠡᠭᠦᠯᠵᠦ᠂ ᠳᠤᠷᠠᠲᠠᠶ᠎ᠠ ᠡᠸᠦ᠋ᠷᠦᠫᠡ ᠲᠢᠪ ᠤᠨ ᠬᠢᠨ ᠲᠠᠢ ᠭᠠᠷ | ᠬᠤᠯᠪᠣᠯᠴᠠᠨ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ᠂ ᠬᠤᠶᠠᠷ ᠲᠠᠯ᠎ᠠ ᠳᠤ ᠪᠤᠶᠠᠨ | ᠦᠢᠯᠡᠳᠬᠦ ᠪᠠᠷ ᠪᠠᠷᠠᠬᠤ ᠦᠭᠡᠢ ᠪᠠᠰᠠ ᠳᠡᠯᠡᠬᠡᠢ ᠳ᠋ᠠᠬᠢᠨ ᠳᠤ ᠠᠰᠢᠭᠲᠠᠢ ᠦᠷ᠎ᠡ ᠪᠦᠲᠦᠭᠡᠯ ᠢ ᠨᠡᠩ ᠤᠯᠠᠠ ᠣᠯᠬᠤ ᠪᠠᠷ | ᠴᠢᠷᠮᠠᠶᠢᠨ᠎ᠠ ᠭᠡᠵᠦ ᠵᠢᠭᠠᠵᠤ ᠭᠠᠷᠭᠠᠪᠠ᠃ | ᠮᠠᠶᠢᠺᠷᠤᠨ᠂ ᠹᠷᠠᠨᠼᠢ ᠳᠤᠮᠳᠠᠳᠤ᠂ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠲᠦᠢᠯ ᠤᠨ ᠴᠢᠬᠤᠯᠠ ᠪᠠᠶᠢᠵᠤ᠂ | ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ | ᠹᠷᠠᠨᠼᠢ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ | ᠯᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠬᠤ ᠵᠣᠭᠰᠣᠯᠲᠠ ᠳᠤ ᠶᠠᠮᠠᠷ ᠴᠤ ᠬᠤᠪᠢᠷᠠᠯᠲᠠ ᠭᠠᠷᠬᠤ | ᠦᠭᠡᠢ ᠶᠤᠮ᠃ ᠳᠤᠷᠠᠲᠠᠶ᠎ᠠ ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠵᠢᠴᠢ | ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ | ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠹᠷᠠᠨᠼᠢ ᠳᠤᠮᠳᠠᠳᠤ ᠶᠢᠨ | ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠲᠦᠷᠭᠡᠨ ᠬᠤᠪᠢᠷᠠᠵᠤ ᠪᠠᠶᠢᠭ᠎ᠠ | ᠳᠡᠯᠡᠬᠡᠢ ᠶᠢᠨ ᠪᠠᠶᠢᠳᠠᠯ ᠤᠨ ᠡᠮᠦᠨ᠎ᠡ᠂ ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠶᠢᠨ ᠬᠢᠨ ᠲᠠᠢ ᠴᠢᠬᠤᠯᠠ ᠶᠡᠭᠡ | ᠠᠰᠠᠭᠤᠳᠠᠯ ᠤᠨ ᠲᠠᠯ᠎ᠠ ᠪᠠᠷ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠦ ᠤᠯᠤᠰ ᠤᠨ ᠬᠠᠷᠢᠭᠤᠴᠠᠯᠭ᠎ᠠ ᠶᠢ | ᠡᠭᠦᠷᠭᠡᠯᠡᠵᠦ᠂ ᠬᠠᠯᠠᠮᠰᠢᠯ ᠠᠰᠠᠭᠤᠳᠠᠯ ᠤᠨ ᠳᠡᠰ ᠳᠡᠪᠰᠢᠨ ᠥᠷᠭᠡᠵᠢᠬᠦ ᠶᠢ ᠰᠡᠷᠭᠡᠶᠢᠯᠡᠵᠦ᠂ ᠳᠡᠯᠡᠬᠡᠢ ᠶᠢᠨ ᠪᠠ ᠭᠠᠵᠠᠷ | ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ᠃ ᠡᠸᠦ᠋ᠷᠦᠫᠡ ᠳᠤᠮᠳᠠᠳᠤ ᠤᠯᠠᠮ ᠨᠢᠭᠡ | ᠠᠯᠬᠤᠮ ᠣᠯᠣᠯᠴᠠᠭ᠎ᠠ ᠶᠠᠷᠢᠯᠴᠠᠭ᠎ᠠ ᠪᠠᠨ ᠨᠢᠭᠲᠠᠷᠠᠭᠤᠯᠵᠤ᠂ ᠬᠠᠮᠲᠤ ᠶᠢᠨ ᠠᠰᠢᠭ ᠲᠤᠰᠠ ᠪᠠᠨ ᠬᠠᠮᠠᠭᠠᠯᠠᠪᠠᠯ ᠵᠣᠬᠢᠨ᠎ᠠ | ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ᠂ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ᠂ | ᠢᠷᠠᠨ ᠤ ᠴᠥᠮ᠎ᠡ ᠶᠢᠨ ᠠᠰᠠᠭᠤᠳᠠᠯ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ |