ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠪᠤᠳᠤᠭᠠᠷ ᠬᠤᠭᠤᠴᠠᠭᠠᠨ ᠤ ᠠᠵᠢᠯᠴᠢᠨ ᠤ ᠡᠪᠯᠡᠯ ᠤᠨ ᠲᠥᠯᠥᠭᠡᠯᠡᠭᠴᠢᠳ ᠤᠨ ᠶᠡᠭᠡ ᠬᠤᠷᠠᠯ ᠢ ᠠᠮᠵᠢᠯᠲᠠ ᠲᠠᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/24
   5 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠪᠤᠳᠤᠭᠠᠷ ᠬᠤᠭᠤᠴᠠᠭᠠᠨ ᠤ ᠠᠵᠢᠯᠴᠢᠨ ᠤ ᠡᠪᠯᠡᠯ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶ᠎ᠠ ᠶᠢᠨ ᠳᠡᠳ᠋ ᠳᠠᠷᠤᠭ᠎ᠠ ᠵᠢᠩ ᠶᠦᠩ ᠪᠥᠸᠧ ᠨᠥᠬᠦᠷ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠪᠥᠬᠦ ᠲᠣᠪᠴᠢᠶ᠎ᠠ ᠶᠢᠨ 60 ᠭᠠᠷᠤᠶ ᠠᠵᠢᠯᠴᠢᠨ ᠤ ᠡᠪᠯᠡᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠲᠦᠷᠦᠭᠦᠦ ᠨᠢᠭᠡ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ ᠤᠨ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ᠂ ᠨᠢᠭᠡᠴᠡ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ᠂ ᠠᠵᠢᠯᠲᠠᠨ ᠠᠵᠢᠯᠴᠢᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠲᠠᠯ᠎ᠠ ᠪᠠᠷ ᠭᠠᠷᠭᠠᠭᠰᠠᠨ ᠢᠳᠡᠪᠬᠢᠲᠡᠶ ᠬᠤᠪᠢ ᠨᠡᠮᠡᠷᠢ ᠶᠢ ᠭᠦᠢᠴᠡᠳ ᠨᠤᠲᠠᠯᠠᠵᠠᠶ᠃ ᠡᠭᠦᠨ ᠤ ᠬᠠᠮᠲᠤ᠂ ᠰᠢᠨ᠎ᠡ ᠨᠢᠭᠡ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠤᠯᠠᠮ ᠴᠢᠨᠠᠭᠰᠢᠳᠠᠴᠢᠩᠭᠠᠳᠬᠠᠵᠤ᠂ ᠪᠠᠶᠢᠭᠤᠯᠭ᠎ᠠ ᠨᠢᠭᠡᠴᠡ ᠶᠢᠨ ᠭᠤᠣᠯ ᠡᠭᠦᠷᠭᠡ ᠶᠢᠨ ᠲᠣᠭᠤᠷᠢᠨ ᠳᠤ᠂ ᠠᠵᠢᠯᠴᠢᠨ ᠤ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠵᠢᠯᠳᠠᠨ ᠠᠵᠢᠯᠴᠢᠨ ᠳᠤ ᠦᠢᠯᠡᠴᠢᠯᠡᠬᠦ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠬᠤ ᠶᠢ ᠬᠦᠰᠡᠪᠡ᠃    ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠳᠡᠭᠡᠷ᠎ᠡ ᠬᠤᠭᠤᠴᠠᠭᠠᠨ ᠤ ᠠᠵᠢᠯᠴᠢᠨ ᠤ ᠡᠪᠯᠡᠯ ᠤᠨ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ ᠬᠢᠨᠠᠨ ᠵᠥᠪᠯᠡᠪᠡ᠃ ᠮᠡᠳᠡᠭᠦᠯᠦᠯᠲᠡ ᠳᠤ ᠥᠩᠭᠡᠷᠡᠭᠰᠡᠨ 5 ᠵᠢᠯ ᠤᠨ ᠠᠵᠢᠯᠴᠢᠨ ᠤ ᠡᠪᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠡᠷᠭᠢᠴᠡᠭᠦᠯᠵᠦ᠂ ᠣᠯᠤᠭᠰᠠᠨ ᠠᠮᠵᠢᠯᠲᠠ ᠪᠣᠯᠤᠨ ᠲᠤᠷᠰᠢᠯᠭ᠎ᠠ ᠪᠠᠨ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠪᠤᠰᠤᠳᠴᠢ ᠪᠠᠷ ᠵᠠᠳᠠᠯᠤᠭᠰᠠᠨ ᠪᠥᠭᠡᠳ ᠢᠷᠡᠭᠡᠳᠦᠢ ᠶᠢᠨ ᠠᠵᠢᠯᠴᠢᠨ ᠤ ᠡᠪᠯᠡᠯ ᠤᠨ ᠠᠵᠢᠯ ᠤᠨ ᠬᠥᠭᠵᠢᠯᠲᠡ ᠶᠢᠨ ᠰᠡᠳᠬᠢᠴᠡ ᠪᠠᠨ ᠳᠤᠷᠠᠳᠴᠠᠢ᠃    ᠳᠠᠷᠠᠭ᠎ᠠ ᠨᠢ᠂ ᠶᠡᠭᠡ ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠂ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠲᠦᠷᠢᠮ︾ ᠵᠢᠴᠢ ︽ᠠᠵᠢᠯᠴᠢᠨ ᠤ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠲᠦᠷᠢᠮ︾ ᠵᠡᠷᠭᠡ ᠬᠠᠮᠢᠶ᠎ᠠ ᠪᠥᠬᠦᠶ ᠲᠣᠭᠲᠠᠭᠠᠯ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠰᠣᠩᠭᠤᠭᠤᠯᠢ ᠶᠢᠨ ᠠᠷᠭ᠎ᠠ ︵ᠲᠥᠰᠦᠯ︶᠂ ᠪᠢᠯᠧᠲ ᠬᠢᠨᠠᠭᠴᠢ ᠪᠠ ᠪᠢᠯᠧᠲ ᠪᠦᠷᠢᠳᠬᠡᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃ ᠰᠣᠩᠭᠤᠭᠤᠯᠢ ᠶᠢᠨ ᠭᠤᠭᠴᠤᠭ᠎ᠠ ᠳᠤ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢ ᠨᠢᠭᠤᠴᠠ ᠰᠣᠩᠭᠤᠭᠤᠯᠢ ᠶᠢᠨ ᠠᠷᠭ᠎ᠠ ᠪᠠᠷ᠂ ᠲᠣᠭᠠᠨ ᠤ ᠵᠥᠷᠢᠶᠡᠲᠦ ᠰᠣᠩᠭᠤᠭᠤᠯᠢ ᠪᠠᠷ ᠰᠢᠨ᠎ᠡ ᠨᠢᠭᠡ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ ᠤᠨ ᠭᠡᠰᠢᠭᠦᠨ 11 ᠬᠥᠮᠦᠨ᠂ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ 3 ᠵᠢᠴᠢ ᠡᠮᠡᠭᠲᠡᠢ ᠠᠵᠢᠯᠳᠠᠨ ᠠᠵᠢᠯᠴᠢᠨ ᠤ ᠵᠥᠪᠯᠡᠯ ᠤᠨ ᠭᠡᠰᠢᠭᠦᠨ 7 ᠬᠥᠮᠦᠨ ᠢ ᠰᠣᠩᠭᠤᠨ ᠭᠠᠷᠭᠠᠪᠠ᠂ ᠰᠣᠩᠭᠤᠭᠤᠯᠢ ᠶᠢᠨ ᠪᠦᠬᠦ ᠶᠠᠪᠤᠴᠠ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠵᠤ᠂ ᠥᠷᠭᠡᠨ ᠤᠯᠠᠨ ᠠᠵᠢᠯᠳᠠᠨ ᠠᠵᠢᠯᠴᠢᠨ ᠤ ᠠᠷᠠᠳᠴᠢᠯᠠᠯ ᠤᠨ ᠬᠦᠰᠡᠯ ᠰᠠᠨᠠᠭ᠎ᠠ ᠶᠢ ᠭᠦᠢᠴᠡᠳ ᠢᠯᠡᠷᠡᠭᠦᠯᠪᠡ᠃    ᠡᠨᠡ ᠤᠳᠠᠭ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠤᠷᠤᠭᠰᠢᠲᠠᠢ ᠶᠠᠪᠤᠭᠳᠠᠭᠰᠠᠨ ᠨᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠢᠯᠴᠢᠨ ᠤ ᠡᠪᠯᠡᠯ ᠤᠨ ᠠᠵᠢᠯ ᠰᠢᠨ᠎ᠡ ᠠᠶᠠᠨ ᠢᠶᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ ᠤᠨ ᠳᠠᠭᠠᠭᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠵᠢᠯᠴᠢᠨ ᠤ ᠡᠪᠯᠡᠯ ᠨᠢ ᠨᠠᠩ ᠪᠠᠲᠤ ᠴᠢᠩᠭ᠎ᠠ ᠢᠲᠡᠭᠡᠯ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号