︽ᠲᠤᠭ᠎ᠠ ᠪᠠᠷᠢᠮᠲᠠ ᠪᠠᠷ ᠬᠦᠴᠦᠨ ᠨᠡᠮᠡᠷᠢᠯᠡᠵᠦ ᠲᠡᠦᠬᠡᠲᠦ ᠣᠶᠢᠯᠠᠯᠭ᠎ᠠ ᠪᠠᠷ ᠰᠦᠭ ᠰᠦᠨᠡᠰᠦ ᠶᠢ    ᠱᠤᠭᠤᠬᠤ︾  ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2025/5/27
    5 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ︽ᠲᠤᠭ᠎ᠠ ᠪᠠᠷᠢᠮᠲᠠ ᠪᠠᠷ ᠬᠦᠴᠦᠨ ᠨᠡᠮᠡᠷᠢᠯᠡᠵᠦ ᠲᠡᠦᠬᠡᠲᠦ ᠣᠶᠢᠯᠠᠯᠭ᠎ᠠ ᠪᠠᠷ ᠰᠦᠭ ᠰᠦᠨᠡᠰᠦ ᠶᠢ ᠱᠤᠭᠤᠬᠤ︾  ᠬᠠᠮᠳᠤᠪᠠᠷ ᠰᠤᠷᠤᠯᠴᠠᠵᠤ ᠬᠠᠮᠲᠤᠪᠠᠷ ᠪᠠᠶᠢᠭᠤᠯᠬᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ 12 ᠨᠠᠮ ᠤᠨ ᠡᠭᠦᠷ ᠤᠨ ᠨᠠᠮ ᠤᠨ ᠡᠭᠦᠷ ᠤᠨ ᠱᠦᠵᠢ ᠪᠠ ᠨᠠᠮ ᠤᠨ ᠭᠡᠰᠢᠭᠦᠨ ᠤ ᠲᠥᠯᠥᠭᠡᠯᠡᠭᠴᠢ ᠮᠠᠨ ᠤ ᠲᠣᠪᠴᠢᠶ᠎ᠠ ᠳᠤ ᠢᠷᠡᠵᠦ ᠰᠠᠨᠠᠯ ᠢᠶᠠᠨ ᠰᠣᠯᠢᠯᠴᠠᠨ ᠶᠠᠷᠢᠯᠴᠠᠪᠠ᠃    ᠠᠵᠢᠯᠯᠠᠭ᠎ᠠ ᠶᠢᠨ ᠳᠤᠮᠳᠠ᠂ ᠮᠠᠨ ᠤ ᠲᠣᠪᠴᠢᠶᠠᠨ ᠤ ᠨᠠᠮ ᠤᠨ ᠪᠠᠶᠢᠭᠤᠯᠤᠯᠲᠠ ᠶᠢᠨ ᠰᠣᠶᠣᠯ ᠪᠠ ᠲᠤᠭ᠎ᠠ ᠪᠦᠷᠢᠳᠬᠡᠯ ᠤᠨ ᠰᠣᠶᠣᠯ ᠤᠨ ᠪᠠᠶᠢᠭᠤᠯᠤᠯᠲᠠ ᠶᠢᠨ ᠪᠠᠶᠢᠳᠠᠯ᠂ ᠲᠤᠭ᠎ᠠ ᠪᠦᠷᠢᠳᠬᠡᠯ ᠤᠨ ᠬᠠᠤᠯᠢ ᠲᠦᠷᠢᠮ ᠪᠠ ᠲᠤᠭ᠎ᠠ ᠪᠦᠷᠢᠳᠬᠡᠯ ᠤᠨ ᠲᠡᠦᠬᠡ ᠶᠢᠨ ᠮᠠᠲ᠋ᠧᠷᠢᠶᠠᠯ ᠢ ᠴᠤᠭᠯᠠᠭᠤᠯᠵᠤ ᠡᠮᠬᠢᠳᠬᠡᠭᠰᠡᠨ ᠪᠠᠶᠢᠳᠠᠯ ᠵᠢᠴᠢ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠃ 208 ᠦᠵᠡᠭᠦᠯᠭᠡ ᠶᠢᠨ ᠲᠠᠰᠤᠭ ᠲᠤ᠂ ᠬᠤᠶᠠᠷ ᠲᠠᠯ᠎ᠠ ᠶᠢᠨ ᠨᠠᠮ ᠤᠨ ᠭᠡᠰᠢᠭᠦᠨ ᠬᠠᠮᠲᠤ ᠪᠠᠷ ᠤᠯᠠᠭᠠᠨᠬᠦᠦ ᠨᠥᠬᠦᠷ ᠤᠨ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠪᠦᠯᠬᠦᠮᠳᠡᠵᠦ᠂ ᠬᠢᠯᠢ ᠬᠢᠵᠠᠭᠠᠷ ᠢ ᠬᠥᠭᠵᠢᠭᠦᠯᠦᠨ ᠮᠠᠨᠳᠤᠭᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ ᠢ ᠲᠠᠬᠢᠨ ᠡᠷᠭᠢᠴᠡᠭᠦᠯᠵᠦ᠂ ᠨᠠᠮᠴᠢ ᠴᠢᠨᠠᠷ ᠤᠨ ᠬᠡᠪ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠨᠠᠮ ᠤᠨ ᠭᠡᠰᠢᠭᠦᠨ ᠤ ᠠᠵᠢᠯ ᠬᠢᠵᠦ ᠦᠢᠯᠡᠰ ᠪᠤᠰᠬᠠᠬᠤ ᠵᠣᠷᠢᠭ ᠰᠠᠨᠠᠭ᠎ᠠ ᠪᠣᠯᠤᠨ ᠬᠥᠳᠡᠯᠭᠡᠬᠦ ᠬᠦᠴᠦᠨ ᠢ ᠬᠥᠭᠵᠢᠭᠡᠪᠡ᠃    ᠳᠠᠷᠠᠭ᠎ᠠ ᠨᠢ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠭᠠᠵᠠᠷ ᠤᠨ ᠨᠠᠮ ᠤᠨ ᠡᠭᠦᠷ ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠣᠶᠢᠯᠠᠭᠠᠭᠳᠠᠬᠤᠨ ᠪᠠ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠬᠥᠲᠥᠯᠥᠨ ᠳᠠᠭᠠᠭᠤᠯᠵᠤ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢᠳᠡᠪᠬᠢᠲᠡᠢ ᠪᠠᠶᠢᠭᠤᠯᠤᠭᠰᠠᠨ ᠣᠨᠴᠠᠯᠢᠭᠲᠤ ᠠᠷᠭ᠎ᠠ ᠬᠢᠳᠡᠯ ᠢ ᠨᠠᠷᠢᠯᠢᠭ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠪᠠᠰᠠ ᠨᠠᠮ ᠤᠨ ᠪᠠᠶᠢᠭᠤᠯᠤᠯᠲᠠ ᠶᠢᠨ ᠠᠵᠢᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠨ ᠶᠠᠷᠢᠯᠴᠠᠵᠤ᠂ ᠣᠯᠠᠨ ᠢᠶᠠᠷ ᠢᠶᠠᠨ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠷᠰᠢᠯᠭ᠎ᠠ ᠪᠠᠨ ᠢᠳᠡᠪᠬᠢᠲᠡᠶ ᠬᠤᠪᠢᠶᠠᠯᠴᠠᠵᠤ᠂ ᠬᠠᠷᠢᠯᠴᠠᠨ ᠰᠤᠷᠤᠯᠴᠠᠬᠤ᠂ ᠬᠠᠷᠢᠯᠴᠠᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃    ᠲᠣᠰ ᠤᠳᠠᠭᠠᠨ ᠤ ᠬᠠᠮᠳᠤᠪᠠᠷ ᠰᠤᠷᠤᠯᠴᠠᠵᠤ ᠬᠠᠮᠲᠤᠪᠠᠷ ᠪᠠᠶᠢᠭᠤᠯᠬᠤ ᠠᠵᠢᠯᠯᠠᠭ᠎ᠠ ᠨᠢ ᠬᠤᠶᠠᠷ ᠲᠠᠯ᠎ᠠ ᠶᠢᠨ ᠨᠠᠮ ᠤᠨ ᠭᠡᠰᠢᠭᠦᠳ ᠲᠤ ᠰᠤᠷᠤᠯᠴᠠᠨ ᠰᠣᠯᠢᠯᠴᠠᠬᠤ ᠲᠠᠪᠴᠠᠩ ᠪᠠᠶᠢᠭᠤᠯᠵᠤ᠂ ᠨᠠᠮ ᠤᠨ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠤᠤᠰ ᠴᠢᠭᠯᠡᠯ ᠢᠶᠠᠷ ᠴᠢᠳᠠᠪᠤᠷᠢ ᠣᠯᠭᠤᠬᠤ ᠶᠢ ᠤᠯᠠᠮ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠰᠣᠯᠢᠯᠴᠠᠭ᠎ᠠ ᠦᠢᠯᠡᠳᠦᠯᠴᠡᠯ᠂ ᠬᠠᠮᠳᠤᠪᠠᠷ ᠰᠤᠷᠤᠯᠴᠠᠵᠤ ᠬᠠᠮᠲᠤᠪᠠᠷ ᠪᠠᠶᠢᠭᠤᠯᠬᠤ ᠳᠤ ᠰᠠᠭᠤᠷᠢ ᠲᠠᠯᠪᠢᠭᠰᠠᠨ ᠪᠠᠶᠢᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号