ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ᠂ | ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢᠯᠡᠰ ᠤᠨ ᠨᠢᠭᠡᠴᠡ ᠳᠤ᠄ | ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠪᠣᠯ ᠦᠨᠡᠨᠴᠢ ᠢᠲᠡᠭᠡᠮᠵᠢᠲᠡᠢ ᠲᠤᠬᠠᠶᠢᠯᠠᠭᠰᠠᠨ | ᠠᠵᠢᠯ ᠮᠥᠨ ᠭᠡᠬᠦ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠦᠨᠡᠨᠴᠢ ᠢᠲᠡᠭᠡᠮᠵᠢᠲᠡᠶ ᠪᠠᠶᠢᠬᠤ᠂ ᠬᠠᠤᠯᠢ ᠶᠣᠰᠣᠭᠠᠷ ᠪᠦᠷᠢᠳᠬᠡᠬᠦ ᠪᠠᠷ | ᠭᠤᠤᠯ ᠠᠭᠤᠯᠭ᠎ᠠ ᠪᠣᠯᠭᠠᠭᠰᠠᠨ ᠲᠤᠭ᠎ᠠ ᠪᠦᠷᠢᠳᠬᠡᠯ ᠤᠨ ᠠᠵᠢᠯ ᠮᠡᠷᠭᠡᠵᠢᠯ ᠤᠨ ᠶᠣᠰᠣ ᠮᠣᠷᠠᠯ ᠤᠨ ᠪᠠᠶᠢᠭᠤᠯᠤᠯᠲᠠ ᠶᠢ | ᠦᠢᠯᠡᠳᠦᠯᠭᠡᠵᠢᠭᠦᠯᠦᠨ ᠠᠬᠢᠭᠤᠯᠵᠤ᠂ ︽ᠲᠤᠭ᠎ᠠ ᠪᠦᠷᠢᠳᠬᠡᠯ ᠤᠨ ᠬᠦᠷᠢᠶ᠎ᠡ ᠶᠢᠨ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠠᠨᠠᠯ ᠤᠳ︾ ᠪᠠ ︽︿ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢᠲᠡᠶ ᠨᠡᠶᠢᠲᠡᠯᠢᠭ ᠠᠵᠤ ᠠᠬᠤᠶᠢᠯᠠᠯ ᠢ ᠰᠣᠩᠭᠤᠨ | ᠪᠣᠶ ᠪᠣᠯᠭᠠᠬᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠥᠪᠥᠷ | ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦᠨ ᠥᠰᠥᠭ ﹇2023﹈ 1032 ᠳ᠋ᠤᠭᠠᠷ ᠲᠣᠭᠠᠲᠤ︶ ᠵᠡᠷᠭᠡ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠲᠥᠰᠥᠪ︾ ᠢ | ᠲᠣᠭᠲᠠᠭᠠᠪᠠ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠶ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ ᠨᠤᠭᠤᠳ ᠱᠠᠭᠠᠷᠳᠠᠯᠭ᠎ᠠ ᠶᠣᠰᠣᠭᠠᠷ ᠲᠤᠰ ᠬᠠᠷᠢᠶ᠎ᠠ | ᠣᠷᠣᠨ ᠤ ᠪᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ | ᠢᠲᠡᠭᠡᠮᠵᠢ ᠶᠢᠨ ᠠᠵᠤ ᠠᠬᠤᠶᠢᠯᠠᠯ︾ ᠢ ᠮᠠᠭᠠᠳᠯᠠᠨ ᠲᠣᠭᠲᠠᠭᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ | ᠥᠷᠨᠢᠭᠦᠯᠵᠦ᠂ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠣᠯᠤᠨ | ᠬᠠᠤᠯᠢ ᠳᠤ ᠬᠤᠯᠪᠣᠭᠳᠠᠬᠤ ᠵᠦᠢᠯ ᠢ ᠴᠢᠩᠭ᠎ᠠ ᠬᠢᠨᠠᠨ ᠬᠠᠷᠭᠤᠭᠤᠯᠬᠤ ᠶᠢᠨ ᠬᠠᠮᠲᠤ ᠵᠢᠯ ᠪᠦᠷᠢ ᠶᠢᠨ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ | ᠬᠤᠯᠪᠣᠭᠳᠠᠯ ᠪᠦᠬᠦᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠳᠦᠷᠢᠮᠵᠢᠭᠰᠡᠨ᠂ | ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠳᠡᠭᠡᠭᠰᠢ ᠮᠡᠳᠡᠭᠦᠯᠬᠦ ᠮᠠᠲ᠋ᠧᠷᠢᠶᠠᠯ ᠳᠤ | ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠬᠤᠲᠠ ᠶᠢᠨ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠪᠠᠨ ᠲᠠᠮᠠᠭ᠎ᠠ ᠶᠢ ᠳᠠᠷᠤᠵᠤ᠂ PDF ᠪᠣᠯᠤᠨ WPS ᠵᠠᠭᠪᠤᠷ ᠢᠶᠠᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ FTP 39 / | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ / ᠣᠯᠠᠨ ᠨᠡᠶᠢᠲᠡ / ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠮᠠᠭᠠᠳᠯᠠᠨ | ᠲᠣᠭᠲᠠᠭᠠᠬᠤ ᠪᠢᠴᠢᠭ ᠮᠠᠲ᠋ᠧᠷᠢᠶᠠᠯ ᠤᠨ ᠬᠠᠪᠴᠢᠭᠤᠷ ᠲᠤ ᠮᠡᠳᠡᠭᠦᠯᠬᠦ ᠬᠡᠷᠡᠭᠲᠡᠶ᠃ | ᠬᠠᠷᠢᠯᠴᠠᠬᠤ ᠬᠥᠮᠦᠨ᠄ ᠢᠷᠠᠭᠤ᠂ ᠬᠠᠷᠢᠯᠴᠠᠬᠤ ᠤᠲᠠᠰᠤ᠄ 0471 - 6610779 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | 2025 ᠣᠨ ᠤ 5 ᠰᠠᠷ᠎ᠠ ᠶᠢᠨ 23 ᠤ ᠡᠳᠦᠷ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠲᠥᠰᠥᠪ | ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠪᠣᠯ ᠦᠨᠡᠨᠴᠢ ᠢᠲᠡᠭᠡᠮᠵᠢᠲᠡᠶ ᠠᠵᠢᠯ ᠮᠡᠷᠭᠡᠵᠢᠯ | ᠪᠣᠯᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠢᠨᠵᠧᠨᠧᠷᠢᠩ︾ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠲᠥᠪ ᠬᠤᠷᠢᠶ᠎ᠠ ᠶᠢᠨ ᠱᠠᠭᠠᠷᠳᠠᠯᠭ᠎ᠠ ᠶᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠠᠵᠢᠯ ᠤᠨ ᠪᠣᠳᠠᠲᠠᠶ ᠲᠠᠢ | ᠤᠶᠠᠯᠳᠤᠭᠤᠯᠵᠤ᠂ ᠲᠣᠰ ᠲᠥᠰᠥᠪ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠲᠤᠭ᠎ᠠ ᠪᠦᠷᠢᠳᠬᠡᠯ ᠤᠨ ᠬᠦᠷᠢᠶᠡᠨ ᠳᠠᠬᠢ ᠦᠨᠡᠨᠴᠢ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠢᠲᠡᠭᠡᠮᠵᠢ ᠶᠢᠨ ᠬᠥᠲᠥᠯᠥᠨ ᠵᠢᠯᠣᠭᠤᠳᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠤᠬᠠᠭᠤᠯᠬᠤ ᠪᠠᠨ | ᠴᠢᠩᠭᠠᠳᠬᠠᠵᠤ᠂ ᠦᠨᠡᠨᠴᠢ ᠢᠲᠡᠭᠡᠮᠵᠢᠲᠡᠶ ᠪᠠᠷ ᠲᠤᠭ᠎ᠠ ᠪᠦᠷᠢᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ | ᠢᠳᠡᠪᠬᠢᠲᠡᠶ ᠪᠠᠷ ᠪᠣᠶ ᠪᠣᠯᠭᠠᠨ᠂ ᠬᠠᠤᠯᠢ ᠶᠣᠰᠣᠭᠠᠷ ᠲᠤᠭ᠎ᠠ ᠪᠦᠷᠢᠳᠬᠡᠬᠦ ᠦᠵᠡᠯ ᠤᠬᠠᠮᠰᠠᠷ ᠢ ᠴᠢᠩᠭᠠᠷᠠᠭᠤᠯᠵᠤ᠂ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ᠰᠠᠶᠢᠨ ᠳᠤᠷ᠎ᠠ ᠶᠢᠨ ᠪᠠ ᠡᠷᠬᠡ ᠲᠡᠭᠰᠢ ᠲᠥᠪ ᠭᠤᠤᠯᠴᠢ ᠪᠠᠶᠢᠬᠤ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠠᠵᠤ ᠠᠬᠤᠶᠢᠯᠠᠯ ᠰᠠᠶᠢᠨ ᠳᠤᠷ᠎ᠠ ᠠᠴᠠ ᠪᠠᠨ ᠠᠮᠠᠯᠠᠬᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ | ᠬᠥᠲᠥᠯᠥᠨ ᠵᠢᠯᠣᠭᠤᠳᠴᠤ ᠠᠬᠢᠭᠤᠯᠬᠤ᠂ ᠢᠲᠡᠭᠡᠮᠵᠢ ᠶᠢᠨ ᠵᠠᠮ ᠮᠥᠷ ᠲᠤ ᠣᠷᠣᠭᠤᠯᠬᠤ ᠪᠠ ᠪᠤᠴᠠᠭᠠᠨ ᠭᠠᠷᠭᠠᠬᠤ | ᠲᠣᠭᠲᠠᠴᠠ ᠶᠢ ᠬᠥᠳᠡᠯᠦᠩᠭᠦᠶ ᠪᠠᠷ ᠵᠣᠯᠭᠠᠭᠤᠯᠬᠤ ᠶᠢ ᠪᠡᠶᠡᠯᠡᠭᠦᠯᠦᠨ᠎ᠡ᠃ | ᠭᠤᠷᠪᠠ᠂ ᠭᠤᠶᠤᠴᠢᠯᠠᠬᠤ ᠨᠥᠬᠦᠴᠡᠯ ᠪᠠ ᠮᠠᠭᠠᠳᠯᠠᠨ ᠲᠣᠭᠲᠠᠭᠠᠬᠤ ᠶᠠᠪᠤᠴᠠ | ︵ᠨᠢᠭᠡ︶ ᠮᠡᠳᠡᠭᠦᠯᠬᠦ ᠨᠥᠬᠦᠴᠡᠯ | 1 . ᠮᠡᠳᠡᠭᠦᠯᠬᠦ ᠠᠵᠤ ᠠᠬᠤᠶᠢᠯᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ | ᠣᠷᠣᠨ ᠤ ᠳᠣᠲᠣᠷ᠎ᠠ ᠳᠠᠩᠰᠠᠯᠠᠭᠤᠯᠤᠭᠰᠠᠨ ᠲᠤᠰᠠᠭᠠᠷ ᠬᠠᠤᠯᠢ ᠶᠢᠨ ᠡᠷᠬᠡᠲᠡᠨ ᠤ ᠨᠢᠭᠡᠴᠡ ᠪᠠᠶᠢᠵᠤ᠂ ᠢᠲᠡᠭᠡᠮᠵᠢᠲᠡᠶ | ᠳᠤᠮᠳᠠᠳᠤ ᠤᠯᠤᠰ ︵ᠥᠪᠥᠷ ᠮᠣᠩᠭᠤᠯ︶ ᠤᠨ ᠮᠠᠭᠠᠳᠯᠠᠨ ᠲᠣᠭᠲᠠᠭᠠᠭᠰᠠᠨ ᠢᠲᠡᠭᠡᠮᠵᠢᠲᠡᠶ ᠪᠠᠷᠢᠮᠵᠢᠶ᠎ᠠ ᠳᠤ | ᠬᠦᠷᠦᠭᠰᠡᠨ ᠠᠵᠤ ᠠᠬᠤᠶᠢᠯᠠᠯ ᠵᠢᠴᠢ ᠲᠡᠭᠦᠨ ᠠᠴᠠ ᠳᠡᠭᠡᠭᠰᠢᠬᠢ᠂ ᠬᠠᠤᠯᠢ ᠪᠠᠷ ᠲᠣᠭᠲᠠᠭᠠᠭᠰᠠᠨ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠡᠭᠦᠷᠭᠡ ᠶᠢ ᠡᠭᠦᠷᠭᠡᠯᠡᠭᠰᠡᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠢᠷᠢ ᠬᠡᠮ ᠤᠨ ᠵᠡᠷᠭᠡ ᠳᠡᠰ ᠲᠠᠢ ᠪᠠᠷᠢᠯᠭ᠎ᠠ ᠶᠢᠨ ᠦᠢᠯᠡᠰ ᠵᠢᠴᠢ ᠭᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠬᠦ ᠠᠵᠤ ᠠᠬᠤᠶᠢᠯᠠᠯ᠂ ᠬᠢᠵᠠᠭᠠᠷᠯᠠᠭᠰᠠᠨ ᠲᠣᠭᠠᠨ ᠠᠴᠠ | ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠪᠠ ᠬᠤᠨᠤᠭ ᠢᠳᠡᠭᠡᠨ ᠤᠮᠳᠠᠭᠠᠨ ᠤ ᠠᠵᠤ | ᠠᠬᠤᠶᠢᠯᠠᠯ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠠᠵᠤ ᠠᠬᠤᠶᠢᠯᠠᠯ ︵︽ᠳᠥᠷᠪᠡᠨ | ᠬᠡᠪᠴᠢᠶᠡᠵᠢᠯ ᠠᠴᠠ ᠳᠡᠭᠡᠭᠰᠢᠬᠢ︾ ᠠᠵᠤ ᠠᠬᠤᠶᠢᠯᠠᠯ ᠭᠡᠵᠦ ᠲᠣᠪᠴᠢᠯᠠᠨ᠎ᠠ᠂ ᠳᠣᠷᠣᠭᠰᠢ ᠠᠳᠠᠯᠢ︶ ᠪᠣᠯᠤᠨ᠎ᠠ᠃ | 2. ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠡᠳᠦᠷ ᠬᠤᠭᠤᠴᠠᠭ᠎ᠠ ᠪᠣᠯᠲᠠᠯᠠᠬᠢ ᠨᠢᠭᠡ ᠵᠢᠯ ᠤᠨ | ᠳᠣᠲᠣᠷ᠎ᠠ ︵ᠲᠤᠬᠠᠶᠢᠯᠠᠪᠠᠯ᠄ ᠳᠡᠭᠡᠷ᠎ᠡ ᠵᠢᠯ ᠤᠨ 6 ᠳ᠋ᠤᠭᠠᠷ ᠰᠠᠷ᠎ᠠ ᠶᠢᠨ 1 ᠤ ᠡᠳᠦᠷ ᠠᠴᠠ ᠲᠣᠰ ᠵᠢᠯ ᠤᠨ 5 | ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶ ᠮᠡᠳᠡᠭᠦᠯᠦᠭᠰᠡᠨ ᠲᠤᠭ᠎ᠠ ᠪᠦᠷᠢᠳᠬᠡᠯ ᠤᠨ ᠮᠠᠲ᠋ᠧᠷᠢᠶᠠᠯ ᠤᠨ ᠪᠦᠷᠢᠨ | ᠬᠦᠰᠦᠨᠦᠭᠲᠦ ᠶᠢᠨ ᠪᠥᠬᠦ ᠭᠦᠢᠴᠡᠳᠭᠡᠯ ᠲᠤᠭ᠎ᠠ ᠨᠢ ᠠᠯᠳᠠᠰᠢ ᠥᠬᠡᠶ ᠪᠠᠶᠢᠵᠤ᠂ ᠱᠠᠭᠠᠷᠳᠠᠯᠭ᠎ᠠ ᠶᠣᠰᠣᠭᠠᠷ ᠠᠵᠤ | ᠠᠬᠤᠶᠢᠯᠠᠯ ᠤᠨ ᠡᠯᠧᠺᠲᠷᠣᠨ ᠲᠤᠭ᠎ᠠ ᠪᠦᠷᠢᠳᠬᠡᠯ ᠤᠨ ᠡᠬᠡ ᠲᠠᠩᠰᠠ ᠶᠢ ᠴᠠᠭ ᠲᠤᠬᠠᠶ ᠳᠤᠨᠢ ᠪᠠᠶᠢᠭᠤᠯᠬᠤ ᠶᠢᠨ | ᠬᠠᠮᠲᠤ ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠠᠵᠢᠯ ᠤᠨ | ᠮᠡᠷᠭᠡᠵᠢᠯ ᠢ ᠬᠡᠷᠡᠭᠯᠡᠵᠦ ᠬᠥᠲᠥᠯᠦᠨ ᠳᠠᠭᠠᠭᠤᠯᠬᠤ ᠰᠢᠨ᠎ᠡ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠬᠦ ᠳᠤ | ᠢᠳᠡᠪᠬᠢᠲᠡᠶ ᠬᠠᠮᠵᠢᠯᠴᠠᠬᠤ ᠪᠣᠯᠤᠨ᠎ᠠ᠃ | 3. ᠠᠵᠤ ᠠᠬᠤᠶᠢᠯᠠᠯ ᠭᠤᠶᠤᠴᠢᠯᠠᠯ ᠲᠤᠰᠢᠶᠠᠭᠰᠠᠨ ᠡᠳᠦᠷ ᠠᠴᠠ ᠡᠬᠢᠯᠡᠨ 3 ᠵᠢᠯ ᠤᠨ ᠳᠣᠲᠣᠷ᠎ᠠ ᠲᠤᠭ᠎ᠠ | ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠵᠤ ᠵᠠᠰᠠᠭ ᠵᠠᠬᠢᠷᠭᠠᠨ ᠤ ᠰᠢᠢᠳᠭᠡᠯ | ᠣᠯᠤᠭᠰᠠᠨ ᠦᠭᠡᠶ ᠮᠥᠷᠲᠡᠭᠡᠨ ᠬᠠᠤᠯᠢ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠶᠢ ᠣᠯᠵᠤ ᠮᠡᠳᠡᠭᠰᠡᠨ | ᠦᠭᠡᠶ︔ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ᠂ ᠲᠤᠭ᠎ᠠ | ᠪᠠᠷᠢᠮᠲᠠ ᠶᠢ ᠬᠢᠨᠠᠨ ᠪᠠᠶᠢᠴᠠᠭᠠᠬᠤ᠂ ᠡᠷᠦᠬᠡ ᠳᠤ ᠬᠦᠷᠲᠡᠯ᠎ᠡ ᠪᠠᠶᠢᠴᠠᠭᠠᠨ ᠰᠤᠳᠤᠯᠬᠤ ᠵᠡᠷᠭᠡ ᠠᠵᠢᠯ ᠳᠤ ᠢᠳᠡᠪᠬᠢᠲᠡᠶ | ᠬᠠᠮᠵᠢᠯᠴᠠᠬᠤ ᠬᠡᠷᠡᠭᠲᠡᠶ᠃ | ︵ᠬᠤᠶᠠᠷ︶ ᠮᠠᠭᠠᠳᠯᠠᠨ ᠲᠤᠭᠳᠠᠭᠠᠬᠤ ᠶᠠᠪᠤᠴᠠ | 1 . ᠪᠡᠶ᠎ᠡ ᠪᠠᠨ ᠳᠠᠭᠠᠭᠠᠵᠤ ᠮᠡᠳᠡᠭᠦᠯᠬᠦ᠃ ᠭᠤᠶᠤᠴᠢᠯᠠᠬᠤ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠨᠢ | ︽xx ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ | ᠢᠲᠡᠭᠡᠮᠵᠢ ᠶᠢᠨ ᠠᠵᠤ ᠠᠬᠤᠶᠢᠯᠠᠯ ᠤᠨ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 1︶ ᠶᠢ ᠲᠠᠭᠯᠠᠨ | ᠪᠢᠴᠢᠬᠦ ᠶᠢᠨ ᠬᠠᠮᠲᠤ 10 ᠡᠳᠦᠷ ᠤᠨ ᠳᠣᠲᠣᠷᠠᠬᠢ ︽ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠮᠡᠳᠡᠭᠦᠯᠦᠯᠲᠡ︾ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠳᠠᠷᠤᠮᠠᠯᠯᠠᠵᠤ᠂ ᠠᠵᠤ ᠠᠬᠤᠶᠢᠯᠠᠯ ᠤᠨ ᠪᠠᠶᠢᠭ᠎ᠠ ᠬᠤᠰᠢᠭᠤ | ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ | ᠬᠠᠷᠭᠤᠭᠤᠯᠤᠨ ᠰᠢᠯᠭᠠᠨ ᠪᠠᠶᠢᠴᠠᠭᠠᠯᠭᠠᠨ᠎ᠠ᠃ | 2 . ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ᠃ ᠬᠤᠰᠢᠭᠤ ᠰᠢᠶᠠᠨ ︵ᠬᠤᠲᠠ᠂ ᠲᠣᠭᠤᠷᠢᠭ︶ ᠤ | ᠲᠤᠭ᠎ᠠ ᠪᠦᠷᠢᠳᠬᠡᠯ ᠤᠨ ᠲᠣᠪᠴᠢᠶ᠎ᠠ ᠨᠢ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠠᠩᠬ᠎ᠠ | ᠠᠯᠬᠤᠮ ᠬᠢᠨᠠᠨ ᠬᠠᠷᠭᠤᠭᠤᠯᠬᠤ ᠶᠢᠨ ᠬᠠᠮᠲᠤ ᠠᠵᠤ ᠠᠬᠤᠶᠢᠯᠠᠯ ᠤᠨ ᠮᠡᠳᠡᠭᠦᠯᠬᠦ ᠬᠦᠰᠦᠨᠦᠭᠲᠦ ᠶᠢᠨ ᠲᠤᠭ᠎ᠠ | ᠪᠠᠷᠢᠮᠲᠠ ᠶᠢᠨ ᠶᠠᠰᠤ ᠴᠢᠨᠠᠷ ᠢ ᠬᠢᠨᠠᠮᠠᠭᠠᠶ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠢᠲᠡᠭᠡᠮᠵᠢᠲᠦ ᠳᠤᠮᠳᠠᠳᠤ | ᠤᠯᠤᠰ ︵ᠥᠪᠥᠷ ᠮᠣᠩᠭᠤᠯ︶ ᠤᠨ ︽ᠢᠲᠡᠭᠡᠮᠵᠢᠲᠦ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ︾ ᠵᠢᠴᠢ | ᠲᠡᠭᠦᠨ ᠠᠴᠠ ᠳᠡᠭᠡᠭᠰᠢᠬᠢ ᠳᠤ ᠬᠠᠷᠢᠶᠠᠯᠠᠭᠳᠠᠵᠤ ᠪᠠᠶᠢᠬᠤ ᠶᠢ ᠬᠢᠨᠠᠨ ᠬᠠᠷᠭᠤᠭᠤᠯᠵᠤ᠂ ᠭᠤᠶᠤᠴᠢᠯᠠᠨ ᠮᠡᠳᠡᠭᠦᠯᠬᠦ | ᠨᠥᠬᠦᠴᠡᠯ ᠢ ᠬᠠᠩᠭᠠᠭᠰᠠᠨ ᠤ ᠳᠠᠷᠠᠭ᠎ᠠ᠂ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ | ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ ᠲᠤᠭ᠎ᠠ ᠪᠠᠷᠢᠮᠲᠠ ᠶᠢᠨ ᠶᠠᠰᠤ | ᠴᠢᠨᠠᠷ ᠢ ᠬᠠᠷᠭᠤᠭᠤᠯᠤᠨ ᠪᠠᠶᠢᠴᠠᠭᠠᠵᠤ ᠪᠠᠶᠢᠴᠠᠭᠠᠬᠤ ᠵᠢᠴᠢ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠠᠵᠤ | ᠠᠬᠤᠶᠢᠯᠠᠯ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ | ᠬᠢᠨᠠᠨ ᠬᠠᠷᠭᠤᠭᠤᠯᠵᠤ ᠲᠠᠩᠰᠠ ᠡᠪᠬᠡᠮᠡᠯ ᠪᠠᠶᠢᠭᠤᠯᠤᠨ ᠦᠯᠡᠳᠡᠭᠡᠨ ᠬᠠᠳᠠᠭᠠᠯᠠᠬᠤ ᠬᠡᠷᠡᠭᠲᠡᠶ᠃ ᠠᠶᠢᠮᠠᠭ ᠬᠤᠲᠠ ᠶᠢᠨ | ᠲᠤᠭ᠎ᠠ ᠪᠦᠷᠢᠳᠬᠡᠯ ᠤᠨ ᠲᠣᠪᠴᠢᠶ᠎ᠠ ᠨᠢ ᠳᠡᠭᠡᠭᠰᠢ ᠮᠡᠳᠡᠭᠦᠯᠦᠭᠰᠡᠨ ᠠᠵᠤ ᠠᠬᠤᠶᠢᠯᠠᠯ ᠳᠤ ᠳᠠᠬᠢᠨ ᠬᠢᠨᠠᠯᠲᠠ ᠬᠢᠵᠦ᠂ | ᠲᠤᠰ ᠣᠨ ᠤ ᠬᠠᠷᠢᠶ᠎ᠠ ᠣᠷᠣᠨ ᠤ ︽ ᠳᠥᠷᠪᠡᠨ ᠬᠡᠪᠴᠢᠶᠡᠵᠢᠯ ᠠᠴᠠ ᠳᠡᠭᠡᠭᠰᠢᠬᠢ︾ ᠠᠵᠤ ᠠᠬᠤᠶᠢᠯᠠᠯ ᠤᠨ 1 | % ᠠᠴᠠ ᠬᠡᠲᠦᠷᠡᠭᠦᠯᠬᠦ ᠦᠭᠡᠶ ᠪᠠᠶᠢᠬᠤ ᠲᠤᠭ᠎ᠠ ᠬᠡᠮᠵᠢᠶ᠎ᠡ ᠪᠠᠷ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ︵ᠳᠠᠭᠠᠯᠳᠤᠭᠤᠯᠤᠯ 2᠂ 3︶ ᠳᠤ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠳᠡᠭᠡᠭᠰᠢ ᠮᠡᠳᠡᠭᠦᠯᠦᠭᠰᠡᠨ ᠮᠡᠳᠡᠭᠦᠯᠬᠦ ᠮᠠᠲ᠋ᠧᠷᠢᠶᠠᠯ ᠳᠤ ᠡᠯ᠎ᠡ ᠲᠤᠰᠬᠠᠶ ᠠᠵᠢᠯ ᠤᠨ ᠭᠠᠵᠠᠷ ᠲᠠᠰᠤᠭ ᠢ ᠵᠣᠬᠢᠶᠠᠨ | ᠪᠠᠶᠢᠭᠤᠯᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠢ ᠦᠨᠳᠦᠰᠦᠯᠡᠨ ᠬᠢᠨᠠᠨ ᠲᠣᠭᠲᠠᠭᠠᠯᠲᠠ ᠬᠢᠵᠦ᠂ | ᠬᠢᠨᠠᠨ ᠬᠠᠷᠭᠤᠭᠤᠯᠤᠭᠠᠳ ᠪᠠᠲᠤᠯᠠᠭᠰᠠᠨ ᠤ ᠳᠠᠷᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠢᠲᠡᠭᠡᠮᠵᠢ ᠶᠢᠨ ᠠᠵᠤ ᠠᠬᠤᠶᠢᠯᠠᠯ︾ ᠤᠨ ᠨᠡᠷᠡᠰ ᠢ ᠲᠣᠭᠲᠠᠭᠠᠬᠤ ᠬᠡᠷᠡᠭᠲᠡᠶ᠃ | ᠳᠥᠷᠪᠡ᠂ ᠮᠡᠳᠡᠭᠡ ᠵᠠᠩᠭᠢ ᠨᠡᠶᠢᠲᠡᠯᠡᠬᠦ ᠪᠠ ᠤᠷᠮᠠᠰᠢᠭᠤᠯᠬᠤ | ︵ᠨᠢᠭᠡ︶ ᠮᠡᠳᠡᠭᠡ ᠵᠠᠩᠭᠢ ᠶᠢ ᠢᠯᠡ ᠨᠡᠶᠢᠲᠡᠯᠡᠬᠦ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢ | ᠲᠣᠭᠲᠠᠭᠠᠭᠰᠠᠨ 20 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠫᠤᠷᠲ᠋ᠧᠯ ᠰᠦᠯᠵᠢᠶ᠎ᠡ᠂ ︽ᠥᠪᠥᠷ ᠮᠣᠩᠭᠤᠯ ᠤᠨ ᠲᠤᠭ᠎ᠠ ᠪᠦᠷᠢᠳᠬᠡᠯ ᠤᠨ ᠸᠢᠴᠠᠲ ᠮᠡᠳᠡᠭᠡ︾ | ᠶᠢᠨ ᠣᠯᠠᠨ ᠨᠡᠶᠢᠲᠡ ᠶᠢᠨ ᠨᠣᠮᠧᠷ ᠢᠶᠠᠷ ᠳᠠᠮᠵᠢᠭᠤᠯᠤᠨ ᠢᠯᠡ ᠨᠡᠶᠢᠲᠡᠯᠡᠨ᠎ᠡ᠃ ᠢᠯᠡ ᠨᠡᠶᠢᠲᠡᠯᠡᠬᠦ ᠬᠤᠭᠤᠴᠠᠭ᠎ᠠ ᠨᠢ | 7 ᠡᠳᠦᠷ᠂ ᠬᠤᠭᠤᠴᠠᠭ᠎ᠠ ᠳᠠᠭᠤᠰᠲᠠᠯ᠎ᠠ ᠤᠨᠳᠤᠤ ᠰᠠᠨᠠᠯ ᠥᠬᠡᠶ ᠠᠵᠤ ᠠᠬᠤᠶᠢᠯᠠᠯ ᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢᠶᠠᠷ | ᠮᠠᠭᠠᠳᠯᠠᠨ ᠲᠣᠭᠲᠠᠭᠠᠨ᠎ᠠ᠃ | ︵ᠬᠤᠶᠠᠷ︶ ᠬᠠᠮᠲᠤᠷᠠᠨ ᠤᠷᠮᠠᠰᠢᠭᠤᠯᠬᠤ | 1 . ᠨᠡᠶᠢᠲᠡ ᠳᠤ ᠵᠠᠷᠯᠠᠬᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ 20 ᠠᠵᠢᠯᠯᠠᠬᠤ ᠡᠳᠦᠷ ᠤᠨ ᠳᠣᠲᠣᠷ᠎ᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢ | ᠮᠠᠭᠠᠳᠯᠠᠨ ᠲᠣᠭᠲᠠᠭᠠᠬᠤ ᠨᠡᠷᠡᠰ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠳᠤ ᠲᠠᠨᠢᠯᠴᠠᠭᠤᠯᠤᠨ ᠬᠦᠷᠭᠡᠵᠦ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ | ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ︾ ᠢ ᠪᠠᠲᠤᠯᠠᠨ ᠲᠠᠨᠢᠯᠴᠠᠭᠤᠯᠬᠤ ᠨᠡᠷᠡᠰ ᠪᠣᠯᠭᠠᠵᠤ᠂ ᠡᠯ᠎ᠡ | ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠠᠨᠢᠯᠴᠠᠭᠤᠯᠤᠭᠰᠠᠨ ᠠᠵᠤ ᠠᠬᠤᠶᠢᠯᠠᠯ ᠤᠨ | ᠰᠣᠩᠭᠤᠭᠳᠠᠭᠰᠠᠨ ᠮᠡᠳᠡᠭᠡ ᠵᠠᠩᠭᠢ ᠶᠢ ᠮᠡᠳᠡᠭᠳᠡᠬᠦ ᠬᠡᠷᠡᠭᠲᠡᠶ᠃ | 2 . ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ | ᠢᠲᠡᠭᠡᠮᠵᠢ ᠶᠢᠨ ᠠᠵᠤ ᠠᠬᠤᠶᠢᠯᠠᠯ︾ ᠢᠶᠠᠷ ᠮᠠᠭᠠᠳᠯᠠᠨ ᠲᠤᠭᠳᠠᠭᠠᠭᠳᠠᠭᠰᠠᠨ ᠪᠣᠯ ᠥᠪᠡᠷᠲᠡᠭᠡᠨ ︽ᠢᠲᠡᠭᠡᠮᠵᠢᠲᠦ | ᠳᠤᠮᠳᠠᠳᠤ ᠤᠯᠤᠰ ︵ᠥᠪᠥᠷ ᠮᠣᠩᠭᠤᠯ︶︾ ᠰᠦᠯᠵᠢᠶᠡᠨ ᠥᠷᠲᠡᠭᠡ ᠶᠢᠨ ︽ᠦᠨᠡᠨᠴᠢ ᠢᠲᠡᠭᠡᠮᠵᠢ ᠶᠢᠨ ᠨᠡᠶᠢᠲᠡᠯᠢᠭ | ᠵᠢᠱᠢᠶ᠎ᠡ ᠶᠢ ᠰᠣᠩᠭᠤᠨ ᠪᠣᠶ ᠪᠣᠯᠭᠠᠬᠤ︾ ᠲᠤᠰᠬᠠᠶ ᠪᠤᠯᠤᠩ ᠳᠤ ᠭᠠᠷᠴᠤ ᠭᠤᠶᠤᠴᠢᠯᠠᠨ ᠮᠡᠳᠡᠭᠦᠯᠬᠦ ᠶᠢᠨ ᠬᠠᠮᠲᠤ | ᠬᠠᠮᠢᠶ᠎ᠠ ᠪᠥᠬᠦᠶ ᠮᠠᠲ᠋ᠧᠷᠢᠶᠠᠯ ᠢᠶᠠᠨ ᠳᠡᠪᠰᠢᠭᠦᠯᠦᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ︾ ᠢᠶᠠᠷ ᠮᠡᠳᠡᠭᠦᠯᠵᠦ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠮᠠᠲ᠋ᠧᠷᠢᠶᠠᠯ ᠢ ᠬᠢᠨᠠᠨ ᠬᠠᠷᠭᠤᠭᠤᠯᠤᠭᠰᠠᠨ ᠤ | ᠳᠠᠷᠠᠭ᠎ᠠ᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ | ᠠᠵᠤ ᠠᠬᠤᠶᠢᠯᠠᠯ ᠤᠨ ᠰᠣᠩᠭᠤᠨ ᠪᠣᠶ ᠪᠣᠯᠭᠠᠬᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦᠨ ᠥᠰᠥᠭ ﹇2023﹈1032︶ ᠤᠨ | ᠠᠯᠬᠤᠮ ᠳᠠᠷᠠᠭᠠᠯᠠᠯ ᠶᠣᠰᠣᠭᠠᠷ ᠮᠠᠭᠠᠳᠯᠠᠨ ᠲᠤᠭᠳᠠᠭᠠᠵᠤ ᠨᠡᠶᠢᠳᠡᠯᠡᠬᠦ ᠬᠡᠷᠡᠭᠳᠡᠢ᠃ | ︵ᠭᠤᠷᠪᠠ︶ ᠬᠥᠳᠡᠯᠦᠩᠭᠦᠶ ᠬᠠᠮᠢᠶᠠᠷᠤᠯᠲᠠ | ᠠᠵᠤ ᠠᠬᠤᠶᠢᠯᠠᠯ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢᠶᠠᠷ ᠭᠤᠶᠤᠴᠢᠯᠠᠨ ᠮᠡᠳᠡᠭᠦᠯᠬᠦ ᠶᠠᠪᠤᠴᠠ ᠳᠤ ᠪᠤᠰᠤᠳ | ᠬᠦᠷᠢᠶ᠎ᠡ ᠳᠠᠬᠢ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠭᠠᠷᠪᠠᠯ᠂ ᠮᠠᠭᠠᠳᠯᠠᠨ ᠲᠣᠭᠲᠠᠭᠠᠬᠤ ᠬᠢᠷᠢ | ᠬᠡᠮ ᠢ ᠨᠢ ᠬᠦᠴᠦᠨ ᠥᠬᠡᠶ ᠪᠣᠯᠭᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢᠶᠠᠷ ᠨᠢᠭᠡᠨᠲᠡ ᠲᠣᠭᠲᠠᠭᠠᠭᠳᠠᠭᠰᠠᠨ᠂ ᠬᠤᠳᠠᠯ | ᠬᠠᠭᠤᠷᠮᠠᠭ ᠲᠤᠭ᠎ᠠ ᠪᠦᠷᠢᠳᠬᠡᠯ ᠬᠢᠭᠰᠡᠨ ᠪᠤᠶᠤ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠵᠥᠷᠢᠶ᠎ᠡ ᠵᠢᠴᠢ ᠪᠤᠰᠤᠳ | ᠬᠦᠷᠢᠶ᠎ᠡ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠤᠭᠰᠠᠨ ᠵᠡᠷᠭᠡ ᠨᠢ ᠲᠤᠭ᠎ᠠ ᠪᠦᠷᠢᠳᠬᠡᠯ ᠤᠨ | ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠤᠨ ᠪᠠᠷᠢᠮᠵᠢᠶ᠎ᠠ ᠳᠤ ᠨᠡᠶᠢᠴᠡᠬᠦ ᠥᠬᠡᠶ ᠪᠣᠯᠤᠭᠰᠠᠨ ᠪᠠᠶᠢᠪᠠᠯ᠂ ᠲᠡᠭᠦᠨ ᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ | ᠠᠬᠤᠶᠢᠯᠠᠯ︾ ᠢᠶᠠᠷ ᠮᠠᠭᠠᠳᠯᠠᠨ ᠲᠣᠭᠲᠠᠭᠠᠬᠤ ᠵᠢᠴᠢ ᠬᠠᠮᠢᠶ᠎ᠠ ᠪᠥᠬᠦᠶ ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠢ | ᠬᠦᠴᠦᠨ ᠥᠬᠡᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠳᠤ ᠴᠠᠭ ᠲᠤᠬᠠᠶ ᠳᠤᠨᠢ ᠮᠡᠳᠡᠭᠳᠡᠵᠦ᠂ ︽ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶︾ ᠤᠨ | ᠲᠠᠪᠴᠠᠩ ᠪᠣᠯᠬᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠵᠢᠱᠢᠶ᠎ᠡ | ᠦᠵᠡᠭᠦᠯᠬᠦ ᠠᠵᠤ ᠠᠬᠤᠶᠢᠯᠠᠯ︾ ᠤᠨ ᠨᠡᠷᠡᠰ ᠠᠴᠠ ᠭᠠᠷᠭᠠᠬᠤ ᠬᠡᠷᠡᠭᠲᠡᠶ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ | ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ᠠᠴᠠ | ᠲᠦᠷᠦᠭᠦᠯᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠭᠠᠵᠠᠷ ᠲᠠᠰᠤᠭ᠂ ᠨᠢᠭᠡᠴᠡ | ᠬᠠᠮᠵᠢᠯᠴᠠᠨ᠎ᠠ᠃ | ︵ᠬᠤᠶᠠᠷ︶ ᠠᠵᠢᠯ ᠤᠨ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ ᠨᠤᠭᠤᠳ ᠪᠠᠲᠤᠯᠠᠨ ᠲᠠᠨᠢᠯᠴᠠᠭᠤᠯᠬᠤ ᠨᠥᠬᠦᠴᠡᠯ ᠪᠣᠯᠤᠨ ᠦᠨᠡᠮᠰᠢᠬᠦ ᠪᠠᠷᠢᠮᠵᠢᠶ᠎ᠠ | ᠶᠣᠰᠣᠭᠠᠷ ᠡᠨᠡᠬᠦ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠮᠠᠭᠠᠳᠯᠠᠨ ᠲᠤᠭᠳᠠᠭᠠᠭᠰᠠᠨ ᠠᠵᠤ | ᠠᠬᠤᠶᠢᠯᠠᠯ ᠨᠢ ᠬᠠᠮᠢᠶ᠎ᠠ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠲᠣᠪᠴᠢᠶ᠎ᠠ ᠨᠢ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠪᠠ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠵᠡᠷᠭᠡ ᠠᠵᠢᠯ ᠤᠨ ᠳᠤᠮᠳᠠ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠢ | ᠬᠡᠷᠡᠭ ᠤᠨ ᠳᠠᠷᠠᠭ᠎ᠠ ᠬᠢᠨᠠᠨ ᠬᠠᠮᠢᠶᠠᠷᠬᠤ ᠪᠠ ᠪᠣᠳᠠᠲᠠᠶ ᠭᠠᠵᠠᠷ ᠲᠤᠨᠢ ᠳᠠᠬᠢᠨ ᠬᠢᠨᠠᠵᠤ᠂ ᠵᠣᠬᠢᠶᠠᠨ ᠪᠠᠶᠢᠭᠤᠯᠤᠭᠰᠠᠨ ᠨᠢ | ᠬᠦᠴᠦᠨ ᠥᠬᠡᠶ᠂ ᠠᠵᠢᠯ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠦᠭᠰᠡᠨ ᠥᠬᠡᠶ ᠪᠤᠶᠤ ᠮᠠᠭᠤ | ᠨᠥᠯᠥᠭᠡ ᠭᠠᠷᠭᠠᠭᠰᠠᠨ ᠪᠠᠶᠢᠪᠠᠯ᠂ ᠪᠥᠬᠦ ᠣᠷᠣᠨ ᠳᠤ ᠢᠯᠡᠴᠢᠯᠡᠨ ᠮᠡᠳᠡᠭᠳᠡᠨ᠎ᠡ᠃ | ︵ᠭᠤᠷᠪᠠ︶ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ ᠶᠢ ᠪᠠᠳᠠᠷᠠᠭᠤᠯᠤᠨ᠎ᠠ᠃ ᠡᠯ᠎ᠡ ᠱᠠᠲᠤᠨ ᠤ | ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ | ᠮᠠᠭᠠᠳᠯᠠᠨ ᠲᠣᠭᠲᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠦᠨᠡᠨᠴᠢ ᠢᠲᠡᠭᠡᠮᠵᠢ ᠶᠢᠨ ᠠᠵᠤ ᠠᠬᠤᠶᠢᠯᠠᠯ︾ ᠢᠶᠠᠷ ᠮᠠᠭᠠᠳᠯᠠᠨ | ᠲᠣᠭᠲᠠᠭᠠᠬᠤ ᠶᠢᠨ ᠬᠠᠮᠲᠤ ︽ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶︾ ᠤᠨ ᠲᠠᠪᠴᠠᠩ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ | ᠠᠬᠤᠶᠢᠯᠠᠯ︾ ᠪᠣᠯᠤᠭᠰᠠᠨ ᠪᠠᠶᠢᠪᠠᠯ᠂ ᠥᠷᠭᠡᠨ ᠢᠶᠠᠷ ᠤᠬᠠᠭᠤᠯᠵᠤ᠂ ᠦᠨᠡᠨᠴᠢ ᠢᠲᠡᠭᠡᠮᠵᠢᠲᠡᠶ᠂ ᠬᠠᠤᠯᠢ ᠶᠣᠰᠣᠭᠠᠷ | ᠪᠦᠷᠢᠳᠬᠡᠭᠰᠡᠨ ᠲᠤᠭ᠎ᠠ ᠪᠦᠷᠢᠳᠬᠡᠯ ᠤᠨ ᠠᠵᠢᠯ ᠮᠡᠷᠭᠡᠵᠢᠯ ᠤᠨ ᠶᠣᠰᠣ ᠮᠣᠷᠠᠯ ᠢ ᠢᠳᠡᠪᠬᠢᠲᠡᠶ ᠪᠠᠳᠠᠷᠠᠭᠤᠯᠵᠤ᠂ | ᠨᠡᠶᠢᠭᠡᠮ ᠤᠨ ᠨᠥᠯᠥᠭᠡᠯᠡᠬᠦ ᠬᠦᠴᠦᠨ ᠢ ᠣᠯᠠᠨ ᠠᠷᠭ᠎ᠠ ᠵᠠᠮ ᠢᠶᠠᠷ ᠥᠷᠭᠡᠳᠬᠡᠬᠦ ᠬᠡᠷᠡᠭᠲᠡᠶ᠃ | | ᠳᠠᠭᠠᠯᠳᠤᠭᠤᠯᠤᠯ | |