︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠬᠤᠪᠢᠰᠬᠠᠯ ᠤᠨ ᠰᠢᠯᠢᠳᠡᠭ ᠬᠡᠷ ᠤᠨ ᠰᠤᠷᠲᠠᠯ ᠢ ᠤᠯᠠᠮᠵᠢᠯᠠᠨ ᠵᠠᠯᠭᠠᠮᠵᠢᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/30
   ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠥᠬᠦ  ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠣᠷᠳᠣᠨ ᠳᠤ ᠬᠦᠷᠴᠦ ᠲᠣᠭᠤᠷᠢᠨ ᠦᠵᠡᠪᠡ᠃ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠤᠰ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠳᠤᠮᠳᠠ᠂ ᠨᠠᠮ ᠤᠨ ᠭᠡᠰᠢᠭᠦᠨ ᠺᠠᠳ᠋ᠷ ᠡᠩ ᠲᠡᠷᠢᠭᠦᠨ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠰᠤᠷᠪᠤᠯᠵᠢ ᠪᠢᠴᠢᠭ ᠤᠨ ᠦᠵᠡᠭᠦᠯᠭᠡ︾ ᠶᠢ ᠲᠣᠭᠤᠷᠢᠨ ᠦᠵᠡᠵᠦ᠂ ᠨᠣᠮ ᠤᠨ ᠰᠠᠩ ᠳᠤ ᠬᠠᠳᠠᠭᠠᠯᠠᠵᠤ ᠪᠠᠶᠢᠭ᠎ᠠ 475 ᠬᠤᠪᠣᠷ ᠨᠠᠨᠳᠢᠨ ᠰᠤᠷᠪᠤᠯᠵᠢ ᠪᠢᠴᠢᠭ ᠤᠨ ᠬᠡᠷᠡᠯ ᠵᠢᠷᠤᠭ ᠪᠣᠯᠤᠨ ᠪᠣᠳᠠᠲᠤ ᠪᠣᠳᠠᠰ ᠢᠶᠠᠷ ᠳᠠᠮᠵᠢᠭᠤᠯᠤᠨ᠂ ᠡᠬᠡ ᠤᠯᠤᠰ ᠤᠨ ᠤᠮᠠᠷᠠᠲᠤ ᠶᠢᠨ ᠦᠨᠳᠦᠰᠦᠲᠡᠨ ᠨᠦᠭᠦᠳ ᠤᠨ ᠣᠷᠳᠣ ᠬᠤᠭᠤᠴᠠᠭᠠᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠣᠶᠢᠯᠠᠭᠠᠵᠤ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠭᠰᠠᠨ ᠲᠡᠦᠬᠡ ᠶᠢ ᠣᠶᠢᠯᠠᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠦᠳ ᠤᠨ ᠨᠠᠮ ᠤᠨ ᠬᠠᠶᠢᠷ᠎ᠠ ᠰᠡᠳᠬᠢᠯᠭᠡ ᠶᠢ ᠭᠦᠨᠵᠡᠭᠡᠶ ᠣᠶᠢᠯᠠᠭᠠᠵᠤ᠂ ᠡᠷᠡᠰ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠣᠭᠤᠳᠴᠠᠢ᠃    ᠲᠠᠷᠠᠭ᠎ᠠ ᠨᠢ᠂ ᠨᠠᠮ ᠤᠨ ᠭᠡᠰᠢᠭᠦᠨ ᠺᠠᠳ᠋ᠷ ︽ᠳᠤᠮᠳᠠᠳᠤ ᠤᠯᠤᠰ ᠤᠨ ᠡᠪ ᠬᠠᠮᠲᠤᠴᠤᠳ ᠤᠨ ᠭᠡᠷ ᠤᠨ ᠰᠤᠷᠲᠠᠯ ᠤᠨ ᠲᠠᠩᠰᠠ ᠡᠪᠬᠡᠮᠡᠯ ᠤᠨ ᠦᠵᠡᠭᠦᠯᠭᠡ︾ ᠶᠢ ᠲᠣᠭᠤᠷᠢᠨ ᠦᠵᠡᠵᠦ᠂ ᠦᠵᠡᠭᠦᠯᠭᠡ ᠨᠢ ᠳᠤᠮᠳᠠᠳᠤ ᠤᠯᠤᠰ ᠤᠨ ᠡᠪ ᠬᠠᠮᠲᠤᠴᠤᠳ ᠤᠨ ᠶᠣᠰᠣ ᠰᠤᠷᠲᠠᠬᠤᠨ ᠢᠶᠠᠷ ᠭᠡᠷ ᠢᠶᠠᠨ ᠤᠯᠠᠮᠵᠢᠯᠠᠬᠤ᠂ ᠰᠤᠷᠤᠯᠴᠠᠯᠭ᠎ᠠ ᠪᠠᠷ ᠭᠡᠷ ᠢᠶᠠᠨ ᠮᠠᠨᠳᠤᠭᠤᠯᠬᠤ᠂ ᠠᠷᠪᠢᠴᠢ ᠭᠠᠮᠲᠠᠢ ᠪᠠᠷ ᠠᠵᠤ ᠲᠦᠷᠦᠭᠦ᠂ ᠭᠡᠷ ᠢᠶᠠᠨ ᠴᠢᠩᠭ᠎ᠠ ᠵᠠᠰᠠᠬᠤ᠂ ᠠᠷᠢᠭᠤᠨ ᠴᠢᠬᠡᠴᠢ ᠪᠠᠷ ᠭᠡᠷ ᠢᠶᠠᠨ ᠰᠠᠬᠢᠬᠤ ᠰᠢᠯᠢᠳᠡᠭ ᠭᠡᠷ ᠤᠨ ᠰᠤᠷᠲᠠᠯ ᠪᠣᠯᠤᠨ ᠪᠡᠶ᠎ᠡ ᠪᠠᠨ ᠴᠢᠩᠭ᠎ᠠ ᠱᠠᠭᠠᠷᠳᠠᠬᠤ ᠶᠣᠰᠣ ᠰᠤᠷᠲᠠᠬᠤᠨ ᠢ ᠭᠦᠢᠴᠡᠳ ᠢᠯᠡᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠤᠬᠠᠮᠰᠠᠷ ᠠᠴᠠ ᠪᠠᠨ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠ ᠪᠠᠶᠢᠷᠢᠨ ᠳᠤ ᠲᠠᠯᠪᠢᠵᠤ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠵᠠᠪᠠᠯ ᠰᠤᠷᠬᠤ ᠬᠢᠴᠢᠶᠡᠯ ᠢ ᠰᠠᠶᠢᠲᠤᠷ ᠰᠤᠷᠬᠤ ᠶᠢ ᠵᠣᠷᠢᠭᠵᠢᠭᠤᠯᠪᠠ᠃    ᠤᠯᠠᠨ ᠢᠶᠠᠷ ᠢᠶᠠᠨ᠂ ᠲᠤᠰ ᠤᠳᠠᠭ᠎ᠠ ᠶᠢᠨ ᠲᠣᠭᠤᠷᠢᠨ ᠦᠵᠡᠬᠦ ᠠᠵᠢᠯᠯᠠᠭ᠎ᠠ ᠪᠣᠯ ᠨᠢᠭᠡ ᠤᠳᠠᠭ᠎ᠠ ᠶᠢᠨ ᠭᠦᠨ ᠭᠦᠨᠵᠡᠭᠡᠢ ᠨᠠᠮᠴᠢ ᠴᠢᠨᠠᠷ ᠤᠨ ᠬᠥᠮᠦᠵᠢᠯ ᠪᠠ ᠤᠶᠤᠨ ᠰᠠᠨᠠᠭᠠᠨ ᠤ ᠠᠷᠢᠭᠤᠳᠬᠠᠯ ᠪᠣᠯᠤᠨ᠎ᠠ᠂ ᠬᠤᠶᠢᠰᠢᠳᠠ ᠶᠢᠨ ᠠᠵᠢᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠵᠤ᠂ ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠢᠳᠠᠪᠤᠷᠢ ᠶᠢ ᠪᠣᠯᠪᠠᠰᠤᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号