ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠺᠠᠳ᠋ᠷ ᠠᠵᠢᠯᠲᠠᠨ | ᠠᠵᠢᠯᠴᠢᠨ ᠪᠣᠯᠤᠨ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠢ ᠬᠠᠤᠯᠢ ᠶᠣᠰᠣᠭᠠᠷ ᠪᠦᠷᠢᠳᠬᠡᠵᠦ᠂ | ᠪᠦᠷᠢᠳᠬᠡᠪᠡᠰᠦ ᠵᠣᠬᠢᠬᠤ ᠶᠢ ᠨᠢ ᠪᠦᠬᠦᠨ ᠢ ᠪᠦᠷᠢᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠥᠯᠥᠭᠡ᠂ ᠠᠯᠠᠱᠠ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ 4 ᠰᠠᠷ᠎ᠠ ᠶᠢᠨ 29 ᠤ ᠡᠳᠦᠷ ᠠᠯᠠᠱᠠ | ᠵᠡᠭᠦᠨ ᠬᠤᠰᠢᠭᠤᠨ ᠳᠤ ᠡᠨᠡ ᠵᠢᠯ ᠤᠨ ᠠᠩᠬᠠᠨ ᠤ ᠡᠭᠡᠯᠵᠢ ᠶᠢᠨ ︽ᠬᠠᠤᠯᠢ ᠲᠣᠭᠲᠠᠭᠠᠯ + ᠲᠤᠬᠠᠶᠢᠯᠠᠭᠰᠠᠨ ᠠᠵᠢᠯ︾ | ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | | | ︽ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠬᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ | ᠲᠤᠭ᠎ᠠ ᠪᠠᠷᠢᠮᠲᠠ ᠪᠠᠷ ᠰᠢᠯᠢᠳᠡᠭ ᠢ ᠡᠭᠦᠳᠬᠦ︾ ᠪᠠᠷ ᠭᠤᠤᠯ ᠰᠢᠵᠢᠮ ᠪᠣᠯᠭᠠᠵᠤ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠲᠦᠷᠢᠮ︾ ᠢ ᠳᠠᠬᠢᠨᠲᠠ | ᠭᠦᠨᠵᠡᠭᠡᠶ ᠰᠤᠷᠤᠯᠴᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ | ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠬᠤᠤᠷ ᠬᠥᠨᠥᠭᠡᠯ ᠢ ᠵᠠᠳᠠᠯᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠳᠠᠬᠢ ︽ᠠᠷᠪᠠᠨ ᠲᠠᠪᠤᠨ ᠥᠯᠥ ᠪᠣᠯᠬᠤ︾ | ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠬᠤᠯᠠᠴᠢᠯᠠᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ | ᠺᠠᠳ᠋ᠷ ᠠᠵᠢᠯᠲᠠᠨ ᠤ ︽ᠬᠤᠷᠢᠭ᠎ᠠ ᠱᠤᠭᠤᠮ ᠤᠨ ᠤᠬᠠᠮᠰᠠᠷ︾ ᠤᠨ ᠬᠥᠪᠴᠢ ᠶᠢ ᠤᠯᠠᠮ ᠨᠢᠭᠡ ᠠᠯᠬᠤᠮ ᠴᠢᠩᠭᠠᠯᠠᠪᠠ︔ | ᠠᠵᠤ ᠦᠢᠯᠡᠳᠪᠦᠷᠢ᠂ ᠪᠠᠯᠠ ᠣᠷᠣᠭᠤᠯᠤᠯᠲᠠ ᠵᠡᠷᠭᠡ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ | ᠬᠦᠷᠢᠶᠡᠨ ᠳᠠᠬᠢ ᠭᠤᠤᠯ ᠠᠭᠤᠯᠭ᠎ᠠ ᠶᠢ ᠳᠠᠬᠢᠨᠲᠠ ᠭᠦᠨᠵᠡᠭᠡᠶ ᠲᠠᠶᠢᠯᠪᠤᠷᠢᠯᠠᠬᠤ ᠪᠠᠷ ᠳᠠᠮᠵᠢᠭᠤᠯᠤᠨ᠂ ᠵᠠᠩᠭᠢᠯᠠᠭ᠎ᠠ ᠶᠢᠨ | ᠠᠵᠢᠯ ᠲᠥᠷᠥᠯ᠂ ᠭᠤᠤᠯᠳᠠᠯᠭ᠎ᠠ ᠲᠠᠢ ᠭᠦᠢᠴᠡᠳᠭᠡᠯ ᠲᠤᠭ᠎ᠠ᠂ ᠴᠢᠬᠤᠯᠠ ᠵᠠᠩᠭᠢᠯᠠᠭ᠎ᠠ ᠶᠢᠨ ᠴᠡᠭ ᠤᠨ ᠲᠣᠭᠤᠷᠢᠨ ᠳᠤ᠂ | ᠣᠶᠢᠯᠠᠭᠠᠬᠤ ᠳᠤ ᠬᠦᠴᠢᠷ ᠪᠠᠯᠠᠷᠬᠠᠶ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠨᠠᠷᠢᠨ ᠲᠠᠶᠢᠯᠪᠤᠷᠢᠯᠠᠵᠤ᠂ | ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠮᠡᠳᠡᠯᠭᠡ ᠶᠢᠨ ᠬᠤᠭᠤᠰᠣᠨ᠂ ᠲᠤᠷᠰᠢᠯᠭ᠎ᠠ ᠶᠢᠨ ᠪᠠᠯᠠᠶ | ᠣᠷᠣᠨ ᠢ ᠬᠦᠴᠦᠯᠡᠨ ᠨᠥᠬᠦᠪᠥᠷᠢᠯᠡᠵᠦ᠂ ︽ᠪᠦᠷᠢᠳᠬᠡᠪᠡᠰᠦ ᠵᠣᠬᠢᠬᠤ ᠶᠢ ᠨᠢ ᠪᠦᠬᠦᠨ ᠢ ᠪᠦᠷᠢᠳᠭᠡᠬᠦ︾ ᠰᠠᠭᠤᠷᠢ ᠶᠢ | ᠤᠯᠠᠮ ᠨᠢᠭᠡ ᠠᠯᠬᠤᠮ ᠪᠠᠬᠢᠵᠢᠬᠦᠯᠪᠡ᠃ ᠡᠭᠦᠨ ᠤ ᠬᠠᠮᠲᠤ ᠣᠳᠣᠬᠠᠨ ᠤ ᠦᠨᠳᠦᠰᠦᠨ ᠱᠠᠲᠤᠨ ᠤ ᠲᠤᠭ᠎ᠠ | ᠪᠦᠷᠢᠳᠬᠡᠯ ᠤᠨ ᠮᠡᠳᠡᠭᠦᠯᠬᠦ ᠬᠦᠰᠦᠨᠦᠭᠲᠦ ᠲᠠᠭᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠮᠡᠳᠡᠭᠦᠯᠦᠨ ᠬᠦᠷᠭᠡᠬᠦ | ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠣᠷᠣᠰᠢᠵᠤ ᠪᠠᠶᠢᠭ᠎ᠠ ᠲᠦᠭᠵᠢᠷᠡᠯ᠂ ᠬᠦᠴᠢᠷ ᠠᠰᠠᠭᠤᠳᠠᠯ ᠳᠤ | ᠴᠢᠭᠯᠡᠭᠦᠯᠦᠨ᠂ ᠬᠡᠷᠡᠭᠴᠡᠭᠡ ᠪᠠᠷ ᠨᠢ ᠪᠣᠯᠪᠠᠰᠤᠷᠠᠭᠤᠯᠬᠤ ︽ᠵᠠᠬᠢᠶᠠᠯᠠᠭ᠎ᠠ ᠶᠢᠨ ᠬᠠᠭᠤᠳᠠᠰᠤ︾ ᠶᠢᠨ ᠵᠠᠭᠪᠤᠷ ᠢ | ᠬᠡᠷᠡᠭᠯᠡᠵᠦ᠂ ᠬᠡᠰᠡᠭ ᠪᠦᠷᠢᠳᠬᠡᠭᠳᠡᠨ ᠪᠠᠶᠢᠴᠠᠭᠠᠭᠳᠠᠬᠤ ᠡᠲᠡᠭᠡᠳ ᠤᠨ ᠰᠡᠵᠢᠭ ᠢ ᠨᠢ ᠳᠡᠶᠢᠯᠵᠦ᠂ ᠨᠠᠷᠢᠯᠢᠭ | ᠣᠨᠣᠴᠠᠲᠠᠶ ᠪᠠᠷ ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠯᠠᠮᠵᠢᠯᠠᠪᠠ᠃ | ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠺᠠᠳ᠋ᠷ | ᠠᠵᠢᠯᠲᠠᠨ ᠵᠢᠴᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠨᠡᠶᠢᠲᠡ 70 ᠬᠥᠮᠦᠨ ᠪᠣᠯᠪᠠᠰᠤᠷᠠᠯ ᠳᠤ | ᠣᠷᠣᠯᠴᠠᠪᠠ᠃ ︽ᠬᠠᠤᠯᠢ ᠲᠣᠭᠲᠠᠭᠠᠯ ᠢᠶᠠᠷ ᠰᠦᠭ ᠰᠦᠨᠡᠰᠦ ᠶᠢ ᠱᠤᠭᠤᠵᠤ᠂ ᠲᠤᠬᠠᠶᠢᠯᠠᠭᠰᠠᠨ ᠠᠵᠢᠯ ᠢᠶᠠᠷ | ᠳᠦᠷᠰᠦ ᠪᠦᠲᠦᠭᠡᠬᠦ︾ ᠪᠠᠷ ᠳᠠᠮᠵᠢᠭᠤᠯᠤᠨ᠂ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ᠂ ᠴᠠᠭ | ᠲᠤᠬᠠᠶ ᠳᠤᠨᠢ ᠪᠦᠷᠢᠳᠬᠡᠬᠦ ᠲᠤᠭ᠎ᠠ ᠪᠠᠷᠢᠮᠲᠠ ᠶᠢ ᠦᠨᠡᠨᠬᠦ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ | ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠬᠠᠤᠯᠢ ᠪᠠᠷ ᠵᠠᠰᠠᠬᠤ | ᠤᠬᠠᠭᠤᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠣᠯᠪᠠᠰᠤᠷᠠᠯ ᠤᠨ ᠲᠥᠯᠥᠪᠯᠡᠭᠡ ᠶᠣᠰᠣᠭᠠᠷ ᠲᠣᠰ ᠲᠣᠰ ᠡᠯ᠎ᠡ | ᠬᠤᠰᠢᠭᠤ ᠲᠣᠭᠤᠷᠢᠭ ᠲᠤ ᠬᠦᠷᠴᠦ ᠪᠣᠯᠪᠠᠰᠤᠷᠠᠯ ᠤᠨ ᠠᠵᠢᠯ ᠥᠷᠨᠢᠭᠦᠯᠦᠨ᠂ ᠲᠤᠰᠬᠠᠶ ᠮᠡᠷᠭᠡᠵᠢᠯ ᠪᠠ ᠬᠤᠰᠢᠭᠤ | ᠲᠣᠭᠤᠷᠢᠭ ᠢ ︽ᠬᠤᠶᠠᠷ ᠢ ᠪᠦᠷᠢᠨ ᠪᠥᠷᠬᠦᠭᠦᠯᠬᠦ︾ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠴᠢᠨᠠᠷ ᠰᠠᠶᠢᠲᠠᠶ ᠲᠤᠭ᠎ᠠ ᠪᠦᠷᠢᠳᠬᠡᠯ ᠤᠨ ᠦᠢᠯᠡᠴᠢᠯᠡᠭᠡ ᠪᠠᠷ ᠪᠥᠬᠦ ᠠᠶᠢᠮᠠᠭ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠳᠤ ᠬᠦᠴᠦᠨ ᠨᠡᠮᠡᠷᠢᠯᠡᠬᠦ ᠪᠣᠯᠤᠨ᠎ᠠ᠃ |