2025 ᠣᠨ ᠤ ᠪᠦᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ ᠠᠪᠴᠤ | ᠪᠠᠶᠢᠴᠠᠭᠠᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ | ᠠᠯᠪᠠᠨ ᠵᠠᠷ | [2020]1 ᠳ᠋ᠤᠭᠡᠷ ᠲᠣᠭᠠᠲᠤ | | 2024 ᠣᠨ ᠤ 9 ᠰᠠᠷ᠎ᠠ ᠶᠢᠨ 14 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ | ︽2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ ᠠᠵᠢᠯ ᠢ | ᠥᠷᠨᠢᠭᠦᠯᠬᠦ ᠲᠤᠬᠠᠶ ᠮᠡᠳᠡᠭᠳᠡᠯ︾ ︵ᠲᠥᠷᠥ ᠠᠯᠪᠠᠨ ᠵᠠᠬᠢᠳᠠᠯ ﹇2020﹈ 71 ᠳ᠋ᠤᠭᠡᠷ ᠲᠣᠭᠠᠲᠤ︶ ᠢ | ᠳᠠᠷᠤᠮᠠᠯᠯᠠᠨ ᠲᠠᠷᠬᠠᠭᠠᠵᠤ᠂ 2025 ᠣᠨ ᠳᠤ ᠪᠥᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ ᠠᠪᠴᠤ | ᠪᠠᠶᠢᠴᠠᠭᠠᠬᠤ ᠠᠵᠢᠯ ᠥᠷᠨᠢᠭᠦᠯᠬᠦ ᠪᠠᠷ ᠲᠣᠭᠲᠠᠪᠠ᠃ ᠲᠣᠰ ᠤᠳᠠᠭᠠᠨ ᠤ ᠪᠠᠶᠢᠴᠠᠭᠠᠯᠲᠠ ᠶᠢᠨ ᠵᠣᠷᠢᠯᠭ᠎ᠠ ᠨᠢ 2020 | ᠣᠨ ᠠᠴᠠ ᠨᠠᠰᠢ᠂ ᠮᠠᠨ ᠤ ᠤᠯᠤᠰ ᠤᠨ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ | ᠲᠠᠷᠬᠠᠯᠲᠠ ᠵᠢᠴᠢ ᠣᠷᠣᠨ ᠰᠠᠭᠤᠴᠠ ᠵᠡᠷᠭᠡ ᠲᠠᠯ᠎ᠠ ᠶᠢᠨ ᠬᠤᠪᠢᠷᠠᠯᠲᠠ ᠶᠢᠨ ᠪᠠᠶᠢᠳᠠᠯ ᠢ ᠡᠵᠡᠮᠰᠢᠵᠦ᠂ ᠮᠠᠨ ᠤ | ᠤᠯᠤᠰ ᠤᠨ ᠬᠥᠮᠦᠨ ᠠᠮᠠ ᠶᠢᠨ ᠬᠥᠭᠵᠢᠯᠲᠡ ᠶᠢᠨ ᠪᠠᠶᠢᠳᠠᠯ ᠢ ᠪᠤᠰᠤᠳᠴᠢ ᠪᠠᠷ ᠲᠤᠰᠬᠠᠵᠤ᠂ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ | ᠰᠢᠨ᠎ᠡ ᠴᠠᠭ ᠦᠶ᠎ᠡ ᠶᠢᠨ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠡᠭᠦᠯᠳᠡᠷᠵᠢᠭᠦᠯᠬᠦ᠂ | ᠬᠥᠮᠦᠨ ᠠᠮᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠨᠣᠪᠴᠢᠲᠠᠶ ᠲᠤᠭ᠎ᠠ ᠪᠦᠷᠢᠳᠬᠡᠯ ᠤᠨ | ᠮᠡᠳᠡᠭᠡ ᠵᠠᠩᠭᠢ ᠶᠢᠨ ᠳᠡᠮᠵᠢᠯᠭᠡ ᠬᠠᠩᠭᠠᠬᠤ ᠶᠢᠨ ᠲᠥᠯᠥᠭᠡ ᠶᠤᠮ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠬᠦ | ᠤᠯᠤᠰ ᠤᠨ 1% ᠶᠢᠨ ᠬᠥᠮᠥᠨ ᠠᠮᠠ ᠳᠤ ᠰᠤᠭᠤᠴᠢᠨ ᠪᠠᠶᠢᠴᠠᠭᠠᠯᠲᠠ ᠬᠢᠬᠦ ᠶᠢ ᠳᠡᠮᠵᠢᠵᠦ ᠵᠣᠬᠢᠴᠠᠭᠤᠯᠬᠤ | ᠬᠡᠮᠵᠢᠶ᠎ᠡ ᠶᠢ ᠳᠡᠭᠡᠭᠰᠢᠯᠡᠭᠦᠯᠦᠨ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠢᠨ | ᠲᠥᠯᠥᠭᠡ᠂ 2025 ᠣᠨ ᠳᠤ ᠪᠥᠬᠦ ᠤᠯᠤᠰ ᠤᠨ 1% ᠶᠢᠨ ᠬᠥᠮᠥᠨ ᠠᠮᠠ ᠶᠢᠨ ᠥᠯᠢᠭᠡᠷ ᠠᠪᠴᠤ ᠪᠠᠶᠢᠴᠠᠭᠠᠬᠤ | ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠠᠴᠠ ᠣᠲᠣ ᠨᠡᠶᠢᠭᠡᠮ ᠤᠨ ᠡᠯ᠎ᠡ ᠡᠲᠡᠭᠡᠳ ᠠᠴᠠ | ᠪᠠᠶᠢᠴᠠᠭᠠᠯᠲᠠ ᠶᠢᠨ ᠤᠬᠠᠭᠤᠯᠭ᠎ᠠ ᠶᠢᠨ ᠤᠷᠢᠶ᠎ᠠ ᠯᠤᠽᠦ᠋ᠩ ᠢᠯᠡ ᠪᠠᠷ ᠴᠤᠭᠯᠠᠭᠤᠯᠬᠤ ᠪᠠᠷ ᠲᠣᠭᠲᠠᠪᠠ᠃ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠭᠤᠣᠯᠯᠠᠨ ᠡᠷᠬᠢᠯᠡᠭᠰᠡᠨ ᠨᠢᠭᠡᠴᠡ | 2025 ᠣᠨ ᠤ ᠪᠦᠬᠦ ᠤᠯᠤᠰ ᠤᠨ 1% ᠤ ᠬᠥᠮᠦᠨ ᠠᠮᠠ ᠶᠢᠨ ᠦᠯᠢᠭᠡᠷ ᠠᠪᠴᠤ ᠪᠠᠢᠴᠠᠭᠠᠬᠤ ᠠᠵᠢᠯ ᠤᠨ | ᠵᠣᠬᠢᠴᠠᠭᠤᠯᠬᠤ ᠳᠤᠭᠤᠢᠯᠠᠩ ᠤᠨ ᠠᠯᠪᠠᠨ ᠭᠡᠷ | ᠬᠤᠶᠠᠷ᠂ ᠠᠭᠤᠯᠭ᠎ᠠ ᠶᠢᠨ ᠱᠠᠭᠠᠷᠳᠠᠯᠭ᠎ᠠ | ᠤᠬᠠᠭᠤᠯᠭ᠎ᠠ ᠶᠢᠨ ᠤᠷᠢᠶ᠎ᠠ ᠯᠣᠽᠦ᠋ᠩ ᠨᠢ ᠡᠷᠬᠡᠪᠰᠢ ᠤᠤᠭᠠᠯ ᠪᠦᠲᠦᠭᠡᠯ ᠪᠠᠶᠢᠵᠤ᠂ ᠴᠠᠭ ᠦᠶ᠎ᠡ ᠶᠢᠨ ᠭᠤᠣᠯ | ᠰᠡᠳᠦᠪ ᠲᠠᠢ ᠨᠢᠭᠲᠠ ᠤᠶᠠᠯᠳᠤᠨ᠂ ᠠᠷᠠᠳ ᠤᠯᠠᠨ ᠲᠠᠢ ᠤᠢᠢᠷᠠᠳᠴᠤ᠂ ᠪᠦᠬᠦ ᠤᠯᠤᠰ ᠤᠨ 1% ᠶᠢᠨ ᠬᠥᠮᠦᠨ | ᠠᠮᠠ ᠶᠢᠨ ᠦᠯᠢᠭᠡᠷ ᠠᠪᠴᠤ ᠪᠠᠶᠢᠴᠠᠭᠠᠬᠤ ᠶᠢᠨ ᠴᠢᠬᠤᠯᠠ ᠴᠢᠨᠠᠷ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ᠂ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠯᠤᠭ᠎ᠠ ᠶᠢᠨ ᠨᠢᠭᠲᠠ ᠬᠠᠷᠢᠯᠴᠠᠭ᠎ᠠ ᠶᠢ ᠠᠮᠢᠳᠤᠯᠢᠭ ᠢᠶᠠᠷ ᠲᠤᠰᠬᠠᠬᠤ | ᠬᠡᠷᠡᠭᠲᠡᠢ︔ ᠦᠭᠡ ᠬᠡᠯᠡ ᠠᠪᠰᠠᠷᠬᠠᠨ᠂ ᠰᠠᠨᠠᠭ᠎ᠠ ᠣᠨᠣᠪᠴᠢᠲᠠᠶ᠂ ᠳᠠᠮᠵᠢᠭᠤᠯᠬᠤ ᠳᠤ ᠬᠢᠯᠪᠠᠷ᠂ ᠦᠰᠦᠭ ᠤᠨ | ᠲᠤᠭ᠎ᠠ ᠶᠢ 20 ᠶᠢᠨ ᠲᠤᠳᠤᠷ᠎ᠠ ᠬᠢᠵᠠᠭᠠᠷᠯᠠᠬᠤ ᠬᠡᠷᠡᠭᠲᠡᠢ᠃ | ᠭᠤᠷᠪᠠ᠂ ᠠᠵᠢᠯᠯᠠᠭᠠᠨ ᠤ ᠴᠠᠭ | 2025 ᠤᠨ ᠤ 5 ᠰᠠᠷ᠎ᠠ ᠶᠢᠨ 6 ᠤ ᠡᠳᠦᠷ - 5 ᠰᠠᠷ᠎ᠠ ᠶᠢᠨ 16 ᠤ ᠡᠳᠦᠷ | ᠳᠥᠷᠪᠡ᠂ ᠡᠯᠰᠡᠬᠦ ᠠᠷᠭ᠎ᠠ ᠮᠠᠶ᠋ᠢᠭ | ᠲᠣᠰ ᠤᠳᠠᠭᠠᠨ ᠤ ᠠᠵᠢᠯᠯᠠᠭ᠎ᠠ ᠳᠤ ᠰᠦᠯᠵᠢᠶᠡᠨ ᠳᠡᠭᠡᠷ᠎ᠡ ᠴᠤᠭᠯᠠᠭᠤᠯᠬᠤ ᠶᠢ ᠬᠡᠷᠡᠭᠯᠡᠵᠦ᠂ ᠬᠤᠶᠠᠷ ᠬᠡᠮᠵᠢᠯᠳᠦ | ᠺᠣᠳ᠋ ᠢ ᠰᠢᠷᠪᠢᠵᠦ ᠰᠦᠯᠵᠢᠶᠡᠨ ᠳᠡᠭᠡᠷ᠎ᠡ ᠡᠬᠡ ᠪᠢᠴᠢᠭ ᠢᠶᠠᠨ ᠢᠯᠡᠭᠡᠵᠦ ︵ᠬᠤᠶᠠᠷ ᠬᠡᠮᠵᠢᠯᠳᠦ ᠺᠣᠳ᠋ ᠢ ᠠᠷᠤ ᠳᠤ | ᠳᠠᠭᠠᠯᠳᠤᠭᠤᠯᠤᠨ᠎ᠠ︶᠂ ᠰᠦᠯᠵᠢᠶᠡᠨ ᠳᠡᠭᠡᠷ᠎ᠡ ᠪᠢᠯᠧᠲ ᠥᠭᠬᠦ ᠳᠤ ᠣᠷᠣᠯᠴᠠᠨ᠎ᠠ᠃ | ᠲᠠᠪᠤ᠂ ᠬᠠᠮᠢᠶ᠎ᠠ ᠪᠦᠬᠦᠢ ᠲᠣᠳᠣᠷᠬᠠᠶᠢᠯᠠᠯᠲᠠ | ᠮᠡᠳᠡᠭᠦᠯᠦᠨ ᠬᠦᠷᠭᠡᠭᠰᠡᠨ ᠡᠬᠡ ᠪᠢᠴᠢᠭ ᠢ ᠴᠢᠩᠭ᠎ᠠ ᠰᠢᠯᠭᠠᠷᠠᠭᠤᠯᠵᠤ᠂ ᠡᠬᠡ ᠪᠢᠴᠢᠭ ᠬᠠᠩᠭᠠᠭᠰᠠᠳ ᠦᠨᠡᠨ | ᠪᠣᠳᠠᠲᠠᠶ ᠣᠨᠣᠪᠴᠢᠲᠠᠶ ᠬᠤᠪᠢ ᠬᠥᠮᠦᠨ ᠤ ᠮᠡᠳᠡᠭᠡ ᠵᠠᠩᠭᠢ ᠵᠢᠴᠢ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ | ᠬᠡᠷᠡᠭᠲᠡᠶ᠂ ᠡᠬᠡ ᠪᠢᠴᠢᠭ ᠳᠡᠪᠰᠢᠬᠦᠯᠬᠦ ᠲᠠᠩᠰᠠᠨ ᠨᠣᠮᠧᠷ ᠨᠢᠭᠡᠪᠦᠷᠢ ᠳᠤ 3 ᠵᠤᠷᠪᠤᠰ ᠪᠦᠲᠦᠭᠡᠯ ᠠᠴᠠ ᠬᠡᠲᠦᠷᠡᠭᠦᠯᠵᠦ | ᠪᠣᠯᠬᠤ ᠥᠬᠡᠶ᠃ ᠬᠠᠮᠤᠭ ᠤᠨ ᠡᠴᠦᠰ ᠤᠨ ᠰᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠵᠦ᠂ ᠰᠣᠩᠭᠤᠭᠳᠠᠭᠰᠠᠨ | ᠪᠦᠲᠦᠭᠡᠯ ᠤᠨ ᠵᠣᠬᠢᠶᠠᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠰᠣᠩᠭᠤᠭᠳᠠᠭᠰᠠᠨ ᠪᠦᠲᠦᠭᠡᠯ ᠢ | 2025 ᠣᠨ ᠤ ᠪᠥᠬᠦ ᠤᠯᠤᠰ ᠤᠨ 1% ᠶᠢᠨ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠬᠤ | ᠤᠬᠠᠭᠤᠯᠭ᠎ᠠ ᠶᠢᠨ ᠠᠵᠢᠯᠯᠠᠭ᠎ᠠ ᠳᠤ ᠬᠡᠷᠡᠭᠯᠡᠨ᠎ᠡ᠃ ᠭᠤᠣᠯᠴᠢᠯᠠᠨ ᠡᠷᠬᠢᠯᠡᠬᠦ ᠲᠠᠯ᠎ᠠ ᠨᠢ ᠰᠤᠩᠭᠤᠭᠳᠠᠭᠰᠠᠨ ᠪᠦᠲᠦᠭᠡᠯ ᠢ | ᠨᠡᠶᠢᠲᠡᠯᠡᠬᠦ᠂ ᠳᠡᠯᠭᠡᠨ ᠦᠵᠡᠭᠦᠯᠬᠦ᠂ ᠮᠡᠳᠡᠭᠡ ᠵᠠᠩᠭᠢ ᠶᠢ ᠰᠦᠯᠵᠢᠶ᠎ᠡ ᠪᠠᠷ ᠳᠠᠮᠵᠢᠭᠤᠯᠬᠤ᠂ ᠡᠮᠬᠢᠳᠬᠡᠨ ᠬᠡᠪᠯᠡᠭᠦᠯᠬᠦ | ᠵᠡᠷᠭᠡ ᠨᠡᠶᠢᠲᠡ ᠶᠢᠨ ᠠᠰᠠᠷᠠᠮᠵᠢ ᠶᠢᠨ ᠬᠡᠷᠡᠭᠯᠡᠬᠦ ᠡᠷᠬᠡ ᠲᠠᠢ᠂ ᠡᠬᠡ ᠪᠢᠴᠢᠭ ᠳᠡᠪᠰᠢᠬᠦᠯᠦᠭᠰᠡᠳ ᠨᠢᠭᠡᠪᠦᠷᠢ ᠶᠢ | ᠵᠦᠪᠰᠢᠶᠡᠷᠡᠭᠰᠡᠨ ᠢᠶᠠᠷ ᠦᠵᠡᠬᠦ ᠶᠢᠨ ᠬᠠᠮᠲᠤ ᠲᠤᠰ ᠤᠳᠠᠭᠠᠨ ᠤ ᠠᠵᠢᠯᠯᠠᠭ᠎ᠠ ᠶᠢᠨ ᠭᠤᠤᠯᠯᠠᠨ ᠡᠷᠬᠢᠯᠡᠭᠰᠡᠨ | ᠡᠲᠡᠭᠡᠳ ᠤᠨ ᠳᠡᠭᠡᠷ᠎ᠡ ᠳᠤᠷᠠᠳᠤᠭᠰᠠᠨ ᠲᠣᠭᠲᠠᠭᠠᠯ ᠢ ᠵᠢᠷᠤᠮᠯᠠᠨ᠎ᠠ᠃ | 2025 ᠣᠨ ᠳᠤ ᠪᠦᠬᠦ ᠤᠯᠤᠰ ᠤᠨ 1% ᠶᠢᠨ ᠬᠥᠮᠦᠨ ᠠᠮᠠ ᠶᠢᠨ ᠦᠯᠢᠭᠡᠷ ᠠᠪᠴᠤ ᠪᠠᠶᠢᠴᠠᠭᠠᠬᠤ ᠶᠢ | ᠳᠡᠮᠵᠢᠭᠰᠡᠨ ᠳᠤ ᠲᠠᠯᠠᠷᠬᠠᠵᠤ ᠪᠠᠶᠢᠨ᠎ᠠ᠃ | ᠺᠤᠳ᠋ ᠢ ᠰᠢᠷᠪᠢᠵᠦ ᠠᠵᠢᠯᠯᠠᠭ᠎ᠠ ᠳᠤ ᠤᠷᠤᠯᠴᠠᠭᠠᠷᠠᠢ | | | ᠨᠡᠩ ᠤᠯᠠᠨ ᠮᠡᠳᠡᠭᠡ ᠵᠠᠩᠬᠢ ᠶᠢ ︽ᠳᠤᠮᠳᠠᠳᠤ ᠤᠯᠤᠰ ᠤᠨ ᠮᠡᠳᠡᠭᠡ ᠵᠠᠩᠬᠢ ᠶᠢᠨ ᠰᠤᠨᠢᠨ︾ ᠠᠴᠠ ᠤᠶᠢᠯᠠᠭᠠᠵᠤ | ᠪᠤᠯᠤᠨ᠎ᠠ | | | | | |