ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ 5 ᠰᠠᠷ᠎ᠠ ᠶᠢᠨ 7 ᠤ ᠡᠳᠦᠷ᠂ | ᠮᠣᠰᠺᠸᠠ ᠳᠤ ᠬᠦᠷᠴᠦ ᠣᠷᠣᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ | ᠠᠭᠤᠤ ᠶᠡᠭᠡ ᠤᠯᠤᠰ ᠢᠶᠠᠨ ᠬᠠᠮᠠᠭᠠᠯᠠᠬᠤ ᠲᠡᠶᠢᠨ ᠢᠯᠠᠯᠲᠠ ᠣᠯᠣᠭᠰᠠᠨ 80 ᠵᠢᠯ ᠤᠨ ᠣᠶ ᠶᠢ ᠳᠤᠷᠠᠰᠬᠠᠬᠤ | ᠪᠠᠶᠠᠷ ᠤᠨ ᠶᠣᠰᠣᠯᠠᠯ ᠳᠤ ᠣᠷᠤᠯᠴᠠᠬᠤ ᠲᠠᠰᠢᠷᠠᠮ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠣᠷᠣᠰ | ᠰᠣᠨᠢᠨ︾ ᠳᠤ ︽ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ︾ ᠭᠡᠬᠦ ᠭᠠᠷᠴᠠᠭ ᠲᠠᠢ | ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠲᠡᠦᠬᠡ ᠪᠠᠷ ᠲᠣᠯᠢ ᠪᠤᠯᠭᠠᠵᠤ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ᠂ ᠵᠥᠪᠯᠡᠯᠲᠦ ᠶᠢᠨ | ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ | ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠡᠨᠡ ᠬᠦ ︽ᠠᠯᠢᠮᠠᠨ ᠴᠡᠴᠡᠭᠡᠰ ᠲᠡᠭᠷᠢ ᠶᠢᠨ ᠬᠠᠶᠠᠭ᠎ᠠ | ᠲᠤᠯᠲᠠᠯ᠎ᠠ ᠮᠢᠷᠠᠯᠵᠠᠨ ᠳᠡᠯᠭᠡᠷᠡᠭᠰᠡᠨ︾ ᠤᠯᠠᠷᠢᠯ ᠳᠤ᠂ ᠪᠢ ᠤᠳᠠᠯ ᠦᠭᠡᠢ ᠤᠷᠤᠰ ᠲᠤ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ | ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠣᠯᠴᠠᠵᠤ᠂ ᠪᠠᠭᠠᠲᠤᠷᠯᠢᠭ | ᠤᠷᠤᠰ ᠤᠨ ᠠᠷᠠᠳ ᠲᠦᠮᠡᠨ ᠲᠠᠢ ᠬᠠᠮᠲᠤ ᠪᠠᠷ ᠲᠡᠦᠬᠡ ᠶᠢ ᠲᠠᠭᠢᠨ ᠡᠷᠭᠢᠴᠡᠭᠦᠯᠵᠦ᠂ ᠦᠷᠡᠭᠳᠡᠭᠰᠡᠨ ᠪᠠᠭᠠᠲᠤᠷᠴᠤᠳ ᠢ | ᠳᠤᠷᠠᠰᠤᠨ ᠰᠠᠨᠠᠭᠠᠯᠵᠠᠨ᠎ᠠ᠃ | 10 ᠵᠢᠯ ᠤᠨ ᠡᠮᠦᠨᠡᠬᠢ ᠡᠨᠡ ᠦᠶ᠎ᠡ ᠳᠤ᠂ ᠪᠢ ᠤᠷᠤᠰ ᠲᠤ ᠬᠦᠷᠴᠦ ᠤᠯᠤᠰ ᠢᠶᠠᠨ ᠬᠠᠮᠠᠭᠠᠯᠠᠬᠤ ᠲᠠᠶᠢᠨ | ᠢᠯᠠᠯᠲᠠ ᠣᠯᠣᠭᠰᠠᠨ 70 ᠵᠢᠯ ᠤᠨ ᠤᠢ ᠶᠢ ᠪᠡᠯᠭᠡᠯᠡᠬᠦ ᠶᠣᠰᠣᠯᠠᠯ ᠳᠤ ᠣᠷᠣᠯᠴᠠᠵᠤ᠂ ᠤᠷᠤᠰ ᠤᠨ 18 ᠠᠬᠠᠮᠠᠳ | ᠪᠠᠶᠢᠯᠳᠤᠭᠴᠢ ᠶᠢᠨ ᠲᠥᠯᠥᠭᠡᠯᠡᠭᠴᠢ ᠲᠠᠢ ᠲᠤᠰᠬᠠᠶᠢᠯᠠᠨ ᠠᠭᠤᠯᠵᠠᠪᠠ᠂ ᠲᠡᠳᠡ ᠵᠥᠪᠯᠡᠯᠲᠦ ᠶᠢᠨ ᠠᠭᠤᠤ ᠶᠡᠭᠡ | ᠤᠯᠤᠰ ᠢᠶᠠᠨ ᠬᠠᠮᠠᠭᠠᠯᠠᠬᠤ ᠲᠠᠶᠢᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ | ᠲᠠᠶᠢᠨ ᠤ ᠲᠠᠯᠠᠪᠤᠷ ᠲᠤ ᠴᠢᠰᠤ ᠪᠠᠨ ᠤᠷᠤᠰᠬᠠᠨ ᠪᠠᠶᠢᠯᠳᠤᠵᠤ ᠥᠩᠭᠡᠷᠡᠪᠡ᠃ ᠠᠬᠠᠮᠠᠳ ᠪᠠᠶᠢᠯᠳᠤᠭᠴᠢᠳ ᠤᠨ | ᠬᠠᠳᠠᠨ ᠵᠣᠷᠢᠭ ᠪᠠ ᠡᠷᠡᠰ ᠪᠠᠲᠤ ᠴᠤᠭ ᠵᠢᠪᠬᠤᠭ᠎ᠠ ᠶᠢ ᠪᠢ ᠤᠳᠤ ᠪᠤᠯᠲᠠᠯ᠎ᠠ ᠮᠠᠷᠲᠠᠭ᠎ᠠ ᠦᠭᠡᠢ᠃ ᠥᠩᠭᠡᠷᠡᠭᠰᠡᠨ | ᠬᠡᠳᠦᠨ ᠵᠢᠯ ᠳᠤ᠂ ᠵᠢᠶᠠᠯᠢᠶᠧᠹ ᠠᠬᠠᠯᠠᠭᠴᠢ ᠭᠧᠨᠧᠷᠡᠯ᠂ ᠱᠦᠳᠧᠯᠦᠸᠧ ᠬᠤᠰᠢᠭᠤᠴᠢ ᠭᠧᠨᠧᠷᠡᠯ ᠵᠡᠷᠭᠡ ᠠᠬᠠᠮᠠᠳ | ᠪᠠᠶᠢᠯᠳᠤᠭᠴᠢ ᠤᠷᠢᠳ ᠬᠤᠵᠢᠳ ᠨᠠᠰᠤ ᠪᠠᠷᠠᠵᠠᠢ᠂ ᠪᠢ ᠲᠡᠳᠡᠨ ᠢ ᠲᠦᠢᠯ ᠢᠶᠠᠷ ᠳᠤᠷᠠᠰᠤᠨ ᠰᠠᠨᠠᠭᠠᠯᠵᠠᠵᠤ ᠪᠠᠶᠢᠨ᠎ᠠ᠃ | ᠭᠧᠨᠧᠷᠡᠯ ᠠᠴᠠ ᠠᠪᠤᠭᠠᠳ ᠡᠩ ᠤᠨ ᠪᠠᠶᠢᠯᠳᠤᠭᠴᠢ ᠭᠦᠷᠲᠡᠯ᠎ᠡ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ | ᠢᠯᠠᠯᠲᠠ ᠶᠢ ᠣᠯᠬᠤ ᠳᠤ ᠭᠠᠷᠮᠠᠭᠠᠢ ᠭᠠᠪᠢᠶ᠎ᠠ ᠪᠠᠶᠢᠭᠤᠯᠤᠭᠰᠠᠨ ᠪᠤᠢ ᠪᠦᠬᠦᠢ ᠠᠬᠠᠮᠠᠳ ᠪᠠᠶᠢᠯᠳᠤᠭᠴᠢ ᠶᠢ ᠪᠢᠳᠡ | ᠬᠡᠵᠢᠶᠡᠳᠡ ᠮᠠᠷᠲᠠᠬᠤ ᠦᠭᠡᠢ ᠶᠤᠮ︕ ᠪᠠᠭᠠᠲᠤᠷᠴᠤᠳ ᠪᠠᠯᠠᠷᠠᠰᠢ ᠦᠭᠡᠢ᠂ ᠲᠥᠪ ᠶᠣᠰᠣ ᠮᠥᠩᠬᠡ ᠣᠷᠣᠰᠢᠨ᠎ᠠ︕ | ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠳᠤᠮᠳᠠ᠂ ᠳᠤᠮᠳᠠᠳᠤ ᠣᠷᠣᠰ ᠬᠤᠶᠠᠷ ᠤᠯᠤᠰ ᠤᠨ ᠠᠷᠠᠳ | ᠲᠦᠮᠡᠨ ᠮᠥᠷᠥ ᠵᠡᠷᠭᠡᠴᠡᠨ ᠪᠠᠶᠢᠯᠳᠤᠵᠤ᠂ ᠬᠠᠷᠢᠯᠴᠠᠨ ᠳᠡᠮᠵᠢᠯᠴᠡᠪᠡ᠃ ᠳᠤᠮᠳᠠᠳᠤ ᠤᠯᠤᠰ ᠤᠨ ᠠᠷᠠᠳ ᠲᠦᠮᠡᠨ ᠤ | ᠶᠠᠫᠤᠨ ᠢ ᠡᠰᠡᠷᠭᠦᠴᠡᠬᠦ ᠲᠠᠶᠢᠨ ᠤ ᠬᠦᠴᠢᠷ ᠪᠡᠷᠬᠡᠰᠢᠶᠡᠯᠲᠦ ᠴᠠᠭ ᠮᠥᠴᠡ ᠳᠤ᠂ ᠵᠥᠪᠯᠡᠯᠲᠦ ᠶᠢᠨ ᠳᠤᠮᠳᠠᠳᠤ ᠶᠢ | ᠲᠤᠰᠠᠯᠠᠭᠰᠠᠨ ᠠᠭᠠᠷ ᠤᠨ ᠠᠩᠭᠢ ᠨᠠᠨᠵᠢᠩ᠂ ᠦᠬᠠᠨ᠂ ᠴᠦᠩᠴᠢᠩ ᠵᠡᠷᠭᠡ ᠭᠠᠵᠠᠷ ᠲᠤ ︽ᠡᠷᠡᠯᠬᠡᠭ ᠪᠦᠷᠭᠦᠳ | ᠮᠡᠲᠦ ᠪᠠᠷ ᠣᠭᠲᠠᠷᠭᠤᠢ ᠳᠤ ᠳᠡᠭᠦᠯᠢᠨ ᠨᠢᠰᠴᠦ︾᠂ ᠶᠠᠫᠤᠨ ᠳᠡᠭᠡᠷᠡᠮ ᠢ ᠬᠤᠷᠢᠭᠯᠠᠨ ᠴᠣᠬᠢᠵᠤ᠂ ᠮᠠᠰᠢ ᠤᠯᠠᠨ | ᠨᠢᠰᠬᠡᠯᠴᠢ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠪᠠ᠃ ᠵᠥᠪᠯᠡᠯᠲᠦ ᠶᠢᠨ ᠠᠭᠤᠤ ᠶᠡᠭᠡ ᠤᠯᠤᠰ ᠢᠶᠠᠨ | ᠬᠠᠮᠠᠭᠠᠯᠠᠬᠤ ᠳᠠᠶᠢᠨ ᠤ ᠬᠠᠮᠤᠭ ᠤᠨ ᠲᠦᠭᠰᠢᠭᠦᠷᠢᠲᠡᠢ ᠵᠠᠩᠭᠢᠯᠠᠭ᠎ᠠ ᠶᠢᠨ ᠦᠶ᠎ᠡ ᠳᠤ᠂ ︽ᠳᠣᠷᠣᠨᠠᠳᠠᠬᠢᠨ ᠤ | ᠽᠦᠷᠭᠧ︾ — ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠤᠴᠠ ᠪᠠᠷ ᠲᠡᠮᠡᠴᠡᠭᠰᠡᠨ ᠰᠢᠯᠢᠳᠡᠭ ᠠᠵᠢᠯᠲᠠᠨ | ᠶᠠᠨ ᠪᠦᠦ ᠬᠠᠩ ᠵᠥᠪᠯᠡᠯᠲᠦ ᠳᠤ ᠠᠩᠬᠠᠨ ᠤ ᠨᠢᠭᠤᠴᠠ ᠮᠡᠳᠡᠭᠡ ᠶᠢ ᠬᠠᠩᠭᠠᠵᠤ ᠪᠠᠶᠢᠪᠠ᠃ ᠳᠠᠶᠢᠨ ᠤ ᠭᠠᠯ | ᠳᠦᠷᠡᠯᠵᠡᠭᠰᠡᠨ ᠣᠨ ᠵᠢᠯ ᠤᠳ ᠲᠤ᠂ ᠵᠥᠪᠯᠡᠯᠲᠦ ᠠᠴᠠ ᠳᠤᠮᠳᠠᠳᠤ ᠤᠯᠤᠰ ᠲᠤ ᠶᠡᠭᠡ ᠬᠡᠮᠵᠢᠶᠡᠨ ᠤ ᠵᠡᠪᠰᠡᠭ | ᠲᠣᠨᠣᠭᠯᠠᠯ ᠬᠠᠩᠭᠠᠭᠰᠠᠨ ᠪᠥᠭᠡᠳ ᠳᠤᠮᠳᠠᠳᠤ ᠤᠯᠤᠰ ᠴᠤ ᠵᠥᠪᠯᠡᠯᠲᠦ ᠳᠤ ᠪᠠᠴᠢᠮ ᠬᠡᠷᠡᠭᠰᠡᠬᠦ ᠪᠠᠶᠢᠯᠳᠤᠬᠤ | ᠪᠣᠳᠣᠯᠭ᠎ᠠ ᠶᠢᠨ ᠡᠳ᠋ ᠪᠣᠳᠠᠰ ᠬᠦᠷᠭᠡᠵᠦ᠂ ᠬᠤᠶᠠᠷ ᠤᠯᠤᠰ ᠭᠠᠷ ᠬᠤᠯᠪᠣᠨ ᠶᠡᠭᠡ ᠡᠯᠡᠰᠦᠨ ᠭᠤᠪᠢ ᠳᠤ ᠨᠢᠭᠡᠨ | ᠵᠤᠷᠪᠤᠰ ᠤᠯᠠᠨ ᠤᠯᠤᠰ ᠤᠨ ︽ᠠᠮᠢ ᠨᠠᠰᠤᠨ ᠤ ᠵᠠᠮ︾ ᠢ ᠨᠡᠭᠡᠭᠡᠵᠦ᠂ ᠲᠤᠰ ᠲᠤᠰ ᠤᠨ ᠢᠶᠠᠨ ᠹᠠᠱᠢᠰ ᠢ | ᠡᠰᠡᠷᠭᠦᠴᠡᠬᠦ ᠲᠠᠶᠢᠨ ᠢ ᠬᠠᠷᠢᠯᠴᠠᠨ ᠳᠡᠮᠵᠢᠬᠦ ᠳᠤ ᠴᠢᠬᠤᠯᠠ ᠦᠢᠯᠡᠳᠦᠯ ᠦᠵᠡᠭᠦᠯᠪᠡ᠃ ᠬᠤᠶᠠᠷ ᠤᠯᠤᠰ ᠤᠨ ᠠᠷᠠᠳ | ᠲᠦᠮᠡᠨ ᠤ ᠠᠷᠢᠭᠤᠨ ᠴᠢᠰᠤ ᠠᠮᠢ ᠨᠠᠰᠤ ᠪᠠᠷ ᠢᠶᠠᠨ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠨᠢ ᠬᠠᠳᠤᠨ | ᠭᠤᠣᠯ ᠤᠨ ᠤᠰᠤ ᠰᠢᠭ᠋ ᠰᠢᠷᠭᠢᠰᠢ ᠦᠭᠡᠢ ᠳᠠᠪᠠᠯᠭᠠᠯᠠᠨ ᠤᠷᠤᠰᠴᠤ᠂ ᠸᠣᠯᠭ᠎ᠠ ᠮᠥᠷᠡᠨ ᠤ ᠤᠰᠤ ᠮᠡᠲᠦ ᠥᠷᠭᠡᠨ | ᠠᠭᠤᠳᠠᠮ ᠭᠦᠨ ᠪᠠᠶᠢᠵᠤ᠂ ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢᠨ ᠰᠢᠷᠭᠢᠰᠢ | ᠦᠭᠡᠢ ᠡᠬᠢ ᠪᠤᠯᠠᠭ ᠪᠣᠯᠤᠭᠰᠠᠨ ᠪᠠᠶᠢᠨ᠎ᠠ᠃ | 80 ᠵᠢᠯ ᠤᠨ ᠡᠮᠦᠨ᠎ᠡ᠂ ᠳᠤᠮᠳᠠᠳᠤ ᠤᠯᠤᠰ᠂ ᠵᠥᠪᠯᠡᠯᠲᠦ ᠶᠢ ᠪᠠᠭᠲᠠᠭᠠᠭᠰᠠᠨ ᠪᠦᠭᠦ ᠳᠡᠯᠡᠬᠡᠢ ᠶᠢᠨ ᠰᠢᠳᠤᠷᠭᠤ | ᠶᠣᠰᠣᠨ ᠤ ᠬᠦᠴᠦᠨ ᠬᠠᠷᠭᠢᠰ ᠳᠠᠶᠢᠰᠤᠨ ᠢ ᠬᠠᠮᠲᠤ ᠪᠠᠷ ᠡᠰᠡᠷᠭᠦᠴᠡᠵᠦ᠂ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ | ᠮᠥᠷᠥ ᠵᠡᠷᠭᠡᠴᠡᠨ ᠨᠢᠭᠡ ᠦᠶ᠎ᠡ ᠰᠠᠭᠰᠠᠭᠤᠷᠠᠨ ᠠᠭᠠᠰᠢᠯᠠᠵᠤ ᠪᠠᠶᠢᠭᠰᠠᠨ ᠹᠠᠱᠢᠰ ᠤᠨ ᠬᠦᠴᠦᠨ ᠢ ᠪᠠᠶᠢᠯᠳᠤᠨ ᠢᠯᠠᠪᠠ᠃ | 80 ᠵᠢᠯ ᠤᠨ ᠳᠠᠷᠠᠭᠠᠬᠢ ᠥᠨᠥᠳᠥᠷ᠂ ᠭᠠᠭᠴᠠ ᠲᠠᠯᠠᠲᠤ ᠦᠵᠡᠯ᠂ ᠡᠵᠡᠷᠬᠡᠬᠦ ᠦᠵᠡᠯ᠂ ᠡᠵᠡᠷᠬᠡᠭ ᠶᠣᠰᠣᠨ ᠤ | ᠡᠵᠡᠷᠬᠡᠭ ᠠᠵᠢᠯᠯᠠᠭ᠎ᠠ ᠶᠢᠨ ᠬᠤᠣᠷ ᠬᠥᠨᠥᠭᠡᠯ ᠬᠦᠨᠳᠦ ᠨᠣᠴᠢᠲᠠᠢ ᠪᠠᠶᠢᠵᠤ᠂ ᠬᠥᠮᠥᠨ ᠲᠥᠷᠥᠯᠬᠢᠲᠡᠨ ᠪᠠᠰᠠ ᠨᠢᠭᠡ | ᠤᠳᠠᠭ᠎ᠠ ᠪᠦᠯᠬᠦᠮᠳᠡᠬᠦ ᠦᠦ ᠡᠰᠡᠬᠦᠯ᠎ᠡ ᠬᠠᠭᠠᠴᠠᠬᠤ ᠤᠤ᠂ ᠶᠠᠷᠢᠯᠴᠠᠬᠤ ᠦᠦ ᠡᠰᠡᠬᠦᠯ᠎ᠡ ᠡᠰᠡᠷᠭᠦᠴᠡᠯᠳᠦᠬᠦ ᠤᠤ᠂ | ᠬᠠᠮᠲᠤ ᠪᠠᠷ ᠠᠰᠢᠭ ᠭᠦᠷᠳᠡᠭᠦ ᠦᠦ ᠡᠰᠡᠬᠦᠯ᠎ᠡ ᠦᠯᠤ ᠡᠪᠰᠡᠬᠦ ᠤᠤ ᠭᠡᠬᠦ ᠠᠰᠠᠭᠤᠯᠳᠠ ᠶᠢᠨ ᠲᠣᠨᠣᠯᠵᠢᠨ ᠵᠠᠮ ᠳᠤ | ᠵᠣᠭᠰᠣᠪᠠ᠃ ᠤᠷᠤᠰ ᠤᠨ ᠠᠭᠤᠤ ᠶᠡᠭᠡ ᠵᠣᠬᠢᠶᠠᠯᠴᠢ ᠯᠧ · ᠲᠤᠯᠰᠲ᠋ᠤᠢ ︽ᠳᠠᠶᠢᠨ ᠪᠠ ᠡᠩᠬᠡ ᠲᠠᠶᠢᠪᠤᠩ︾ ᠭᠡᠬᠦ | ᠵᠣᠬᠢᠶᠠᠯ ᠳᠠᠭᠠᠨ᠄ ︽ᠲᠡᠦᠬᠡ ᠪᠣᠯ ᠤᠯᠤᠰ ᠪᠠ ᠬᠥᠮᠥᠨ ᠲᠥᠷᠥᠯᠬᠢᠲᠡᠨ ᠤ ᠨᠠᠮᠲᠠᠷ ᠮᠥᠨ︾ ᠭᠡᠵᠦ ᠪᠢᠴᠢᠭᠰᠡᠨ | ᠪᠢᠯᠡ᠃ ᠲᠡᠦᠬᠡ ᠶᠢᠨ ᠳᠤᠷᠠᠰᠤᠮᠵᠢ ᠪᠣᠯᠣᠨ ᠦᠨᠡᠨ ᠬᠡᠷᠡᠭ ᠶᠠᠪᠤᠳᠠᠯ ᠨᠢ ᠣᠨ ᠰᠠᠷ᠎ᠠ ᠶᠢᠨ ᠥᠩᠭᠡᠷᠡᠬᠦ ᠶᠢ ᠳᠠᠭᠠᠯᠳᠤᠨ | ᠥᠩᠭᠡ ᠬᠤᠪᠢᠷᠠᠬᠤ ᠦᠭᠡᠢ ᠶᠤᠮ᠂ ᠪᠢᠳᠡᠨ ᠳᠤ ᠥᠭᠭᠦᠭᠰᠡᠨ ᠰᠡᠩᠬᠡᠷᠡᠭᠦᠯᠦᠯ ᠨᠢ ᠥᠨᠢ ᠡᠭᠦᠷᠢᠳᠡ ᠪᠣᠳᠠᠲᠤ | ᠠᠬᠤᠢ ᠶᠢ ᠲᠤᠰᠬᠠᠵᠤ᠂ ᠢᠷᠡᠭᠡᠳᠦᠢ ᠶᠢ ᠪᠡᠯᠭᠡᠳᠡᠵᠦ ᠪᠠᠶᠢᠳᠠᠭ᠃ ᠪᠢᠳᠡ ᠲᠡᠦᠬᠡ ᠪᠠᠷ ᠲᠣᠯᠢ ᠪᠤᠯᠭᠠᠵᠤ᠂ | ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠭᠦᠨᠵᠡᠭᠡᠢ ᠰᠤᠷᠭᠠᠮᠵᠢ ᠪᠣᠯᠣᠨ ᠹᠠᠱᠢᠰ ᠢ ᠡᠰᠡᠷᠭᠦᠴᠡᠬᠦ ᠲᠠᠶᠢᠨ ᠤ ᠠᠭᠤᠤ | ᠶᠡᠭᠡ ᠢᠯᠠᠯᠲᠠ ᠠᠴᠠ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ | ᠪᠠ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ᠂ ᠬᠥᠮᠥᠨ ᠲᠥᠷᠥᠯᠬᠢᠲᠡᠨ ᠤ ᠨᠡᠩ ᠰᠠᠶᠢᠨ | ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ᠃ | — ᠪᠢᠳᠡ ᠳᠡᠯᠡᠬᠡᠢ ᠶᠢᠨ ᠬᠤᠶᠠᠳᠤᠭᠠᠷ ᠶᠡᠭᠡ ᠳᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ | ᠪᠠᠷᠢᠮᠲᠠᠯᠠᠶ᠎ᠠ᠃ ᠳᠤᠮᠳᠠᠳᠤ ᠤᠯᠤᠰ᠂ ᠵᠥᠪᠯᠡᠯᠲᠦ ᠲᠤᠰ ᠲᠤᠰ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠠᠽᠢᠶ᠎ᠠ | ᠲᠢᠪ ᠪᠣᠯᠣᠨ ᠡᠸᠦ᠋ᠷᠦᠫᠡ ᠲᠢᠪ ᠤᠨ ᠭᠤᠣᠯ ᠲᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠶᠠᠫᠤᠨ ᠤ ᠴᠡᠷᠢᠭᠯᠡᠬᠦ | ᠦᠵᠡᠯ ᠪᠣᠯᠣᠨ ᠭᠧᠷᠮᠠᠨ ᠤ ᠨᠠᠼᠢᠰ ᠦᠵᠡᠯ ᠢ ᠡᠰᠡᠷᠭᠦᠴᠡᠬᠦ ᠭᠤᠣᠯ ᠲᠤᠯᠭᠠᠭᠤᠷᠢ ᠪᠣᠯᠵᠤ᠂ ᠳᠡᠯᠡᠬᠡᠢ ᠶᠢᠨ ᠹᠠᠱᠢᠰ ᠢ | ᠡᠰᠡᠷᠭᠦᠴᠡᠬᠦ ᠲᠠᠶᠢᠨ ᠤ ᠢᠯᠠᠯᠲᠠ ᠣᠯᠬᠤ ᠳᠤ ᠰᠢᠢᠳᠪᠦᠷᠢᠯᠡᠭᠴᠢ ᠴᠢᠨᠠᠷᠲᠠᠢ ᠬᠤᠪᠢ ᠨᠡᠮᠡᠷᠢ ᠦᠵᠡᠭᠦᠯᠪᠡ᠃ | ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠡᠬᠢᠯᠡᠭᠰᠡᠨ ᠴᠠᠭ ᠨᠢ ᠬᠠᠮᠤᠭ ᠤᠨ ᠡᠷᠲᠡ᠂ | ᠦᠷᠭᠦᠯᠵᠢᠯᠡᠭᠰᠡᠨ ᠴᠠᠭ ᠨᠢ ᠬᠠᠮᠤᠭ ᠤᠨ ᠤᠷᠲᠤ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠨᠠᠭᠠᠴᠢᠯᠠᠨ ᠪᠠᠶᠢᠭᠤᠯᠤᠭᠰᠠᠨ ᠶᠠᠫᠤᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ ᠹᠷᠣᠨᠲ ᠤᠨ ᠲᠤᠭ ᠤᠨ | ᠳᠣᠣᠷ᠎ᠠ᠂ ᠳᠤᠮᠳᠠᠳᠤ ᠶᠢᠨ ᠬᠥᠪᠡᠭᠦᠳ ᠥᠬᠢᠳ ᠡᠮᠦᠨᠡᠬᠢ ᠨᠢ ᠤᠨᠠᠲᠠᠯ᠎ᠠ ᠬᠤᠶᠢᠨᠠᠬᠢ ᠨᠢ ᠵᠠᠯᠭᠠᠮᠵᠢᠯᠠᠵᠤ᠂ | ᠰᠡᠳᠬᠢᠯ ᠢᠶᠠᠨ ᠨᠢᠭᠡᠳᠬᠡᠵᠦ᠂ ᠯᠤᠲᠤ ᠶᠡᠭᠡ ᠦᠷᠡᠭᠳᠡᠯ ᠭᠠᠷᠭᠠᠵᠤ ᠲᠦᠢᠯ ᠤᠨ ᠬᠠᠷᠭᠢᠰ ᠬᠡᠷᠴᠡᠭᠡᠢ ᠶᠠᠫᠤᠨ ᠤ | ᠴᠡᠷᠢᠭᠯᠡᠬᠦ ᠦᠵᠡᠯᠲᠡᠳ ᠢ ᠴᠣᠬᠢᠨ ᠢᠯᠠᠵᠤ᠂ ᠶᠠᠫᠤᠨ ᠢ ᠡᠰᠡᠷᠭᠦᠴᠡᠬᠦ ᠳᠠᠶᠢᠨ ᠤ ᠢᠯᠠᠯᠲᠠ ᠶᠢᠨ ᠠᠭᠤᠤ ᠶᠡᠭᠡ | ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠡᠸᠦ᠋ᠷᠦᠫᠡ ᠲᠢᠪ ᠤᠨ ᠲᠠᠶᠢᠨ ᠤ ᠲᠠᠯᠠᠪᠤᠷ ᠲᠤ᠂ ᠵᠥᠪᠯᠡᠯᠲᠦ ᠶᠢᠨ | ᠤᠯᠠᠭᠠᠨ ᠴᠡᠷᠢᠭ ᠬᠠᠳᠠᠨ ᠪᠠᠲᠤ ᠵᠣᠷᠢᠭ ᠢᠶᠠᠷ ᠪᠣᠯᠣᠳ ᠲᠡᠮᠦᠷ ᠮᠡᠲᠦ ᠬᠦᠴᠦᠲᠦ ᠤᠷᠤᠰᠬᠠᠯ ᠢ ᠳᠠᠪᠲᠠᠨ | ᠪᠤᠯᠪᠠᠰᠤᠷᠠᠭᠤᠯᠵᠤ᠂ ᠨᠠᠼᠢᠰ ᠤᠨ ᠲᠦᠷᠢᠮᠡᠬᠡᠶᠢᠯᠡᠭᠴᠢᠳ ᠤᠨ ᠵᠡᠷᠯᠢᠭ ᠰᠠᠨᠠᠭ᠎ᠠ ᠶᠢ ᠰᠦᠢᠷᠡᠭᠦᠯᠵᠦ᠂ ᠭᠧᠷᠮᠠᠨ ᠤ | ᠹᠠᠱᠢᠰ ᠲᠤ ᠪᠣᠭᠤᠯᠴᠢᠯᠠᠭᠳᠠᠭᠰᠠᠨ ᠠᠷᠠᠳ ᠲᠦᠮᠡᠨ ᠢ ᠴᠢᠯᠦᠭᠡᠯᠡᠵᠦ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ | ᠬᠠᠮᠠᠭᠠᠯᠠᠬᠤ ᠲᠠᠶᠢᠨ ᠤ ᠢᠯᠠᠯᠲᠠ ᠶᠢᠨ ᠢᠷᠠᠭᠤ ᠭᠠᠶᠢᠬᠠᠮᠰᠢᠭᠲᠤ ᠲᠤᠤᠯᠢᠰ ᠢ ᠪᠢᠴᠢᠭᠯᠡᠪᠡ᠃ | ᠭᠡᠭᠡᠨ ᠰᠠᠷᠠᠭᠤᠯ ᠯᠠᠪᠲᠠᠢ ᠪᠠᠯᠠᠷ ᠬᠠᠷᠠᠩᠭᠤᠢ ᠶᠢ ᠦᠯᠳᠠᠵᠤ᠂ ᠰᠢᠳᠤᠷᠭᠤ ᠶᠣᠰᠣ ᠡᠴᠦᠰ ᠲᠡᠭᠡᠨ ᠭᠠᠵᠢᠭᠤ | ᠪᠤᠷᠤᠭᠤ ᠶᠢ ᠢᠯᠠᠨ᠎ᠠ ᠭᠡᠳᠡᠭ ᠢ ᠲᠡᠦᠬᠡ ᠪᠢᠳᠡᠨ ᠳᠤ ᠬᠡᠯᠡᠵᠦ ᠥᠭᠪᠡ᠃ ᠨᠢᠦ᠋ᠢᠷᠧᠨ᠋ᠪᠦ᠋ᠷᠡᠭ ᠤᠨ ᠤᠯᠠᠨ ᠤᠯᠤᠰ ᠤᠨ | ᠴᠡᠷᠢᠭ ᠤᠨ ᠶᠠᠪᠤᠳᠠᠯ ᠤᠨ ᠰᠢᠭᠦᠬᠦ ᠲᠢᠩᠬᠢᠮ᠂ ᠠᠯᠤᠰ ᠳᠣᠷᠣᠨᠠᠲᠤ ᠶᠢᠨ ᠤᠯᠠᠨ ᠤᠯᠤᠰ ᠤᠨ ᠴᠡᠷᠢᠭ ᠤᠨ | ᠶᠠᠪᠤᠳᠠᠯ ᠤᠨ ᠰᠢᠭᠦᠬᠦ ᠲᠢᠩᠬᠢᠮ ᠲᠠᠶᠢᠨ ᠤ ᠶᠠᠯᠠᠳᠡᠨ ᠢ ᠲᠡᠦᠬᠡ ᠶᠢᠨ ᠭᠤᠲᠤᠮᠰᠢᠭ ᠤᠨ ᠪᠠᠭᠠᠨ᠎ᠠ ᠳᠡᠭᠡᠷ᠎ᠡ ᠡᠭᠦᠷᠢᠳᠡ | ᠬᠠᠳᠠᠵᠤ ᠲᠠᠯᠪᠢᠪᠠ᠂ ᠡᠨᠡ ᠬᠤᠶᠠᠷ ᠤᠳᠠᠭ᠎ᠠ ᠶᠢᠨ ᠶᠡᠭᠡ ᠰᠢᠭᠦᠨ ᠲᠠᠰᠤᠯᠤᠯᠳᠠ ᠶᠢᠨ ᠰᠢᠳᠤᠷᠭᠤ ᠶᠣᠰᠣᠨ ᠤ ᠰᠢᠨᠵᠢ | ᠴᠢᠨᠠᠷ᠂ ᠲᠡᠦᠬᠡ ᠶᠢᠨ ᠦᠨ᠎ᠡ ᠦᠷᠳᠡᠭ᠂ ᠴᠠᠭ ᠦᠶ᠎ᠡ ᠶᠢᠨ ᠠᠴᠢ ᠬᠤᠯᠪᠣᠭᠳᠠᠯ ᠪᠣᠯ ᠭᠤᠶᠢᠪᠢᠰᠢ ᠦᠭᠡᠢ ᠶᠤᠮ︕ | ᠳᠡᠯᠡᠬᠡᠢ ᠶᠢᠨ ᠬᠤᠶᠠᠳᠤᠭᠠᠷ ᠲᠠᠶᠢᠨ ᠤ ᠲᠡᠦᠬᠡ ᠶᠢᠨ ᠦᠨᠡᠨ ᠢ ᠭᠠᠵᠢᠭᠤᠳᠠᠭᠤᠯᠵᠤ᠂ ᠳᠡᠯᠡᠬᠡᠢ ᠶᠢᠨ ᠬᠤᠶᠠᠳᠤᠭᠠᠷ | ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠦᠭᠡᠶᠢᠰᠬᠡᠵᠦ᠂ ᠳᠤᠮᠳᠠᠳᠤ ᠵᠥᠪᠯᠡᠯᠲᠦ ᠶᠢᠨ ᠲᠡᠦᠬᠡᠨ ᠭᠠᠪᠢᠶ᠎ᠠ | ᠵᠢᠳᠬᠦᠯ ᠢ ᠭᠤᠲᠤᠭᠠᠬᠤ ᠭᠡᠰᠡᠨ ᠠᠯᠢᠪᠠ ᠭᠤᠷᠢᠳᠠᠯᠭ᠎ᠠ ᠴᠥᠮ ᠪᠡᠶᠡᠯᠡᠭᠳᠡᠬᠦ ᠦᠭᠡᠢ ᠶᠤᠮ︕ ᠲᠡᠦᠬᠡ ᠶᠢ | ᠤᠬᠤᠷᠢᠭᠤᠯᠬᠤ ᠶᠠᠮᠠᠷᠪᠠ ᠠᠵᠢᠯᠯᠠᠭ᠎ᠠ ᠶᠢ ᠳᠤᠮᠳᠠᠳᠤ ᠤᠷᠤᠰ ᠬᠤᠶᠠᠷ ᠤᠯᠤᠰ ᠤᠨ ᠠᠷᠠᠳ ᠲᠦᠮᠡᠨ ᠵᠥᠪᠰᠢᠶᠡᠷᠡᠬᠦ | ᠦᠭᠡᠢ ᠪᠠᠷ ᠪᠠᠷᠠᠬᠤ ᠦᠭᠡᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠴᠦ ᠵᠥᠪᠰᠢᠶᠡᠷᠡᠬᠦ ᠦᠭᠡᠢ ᠶᠤᠮ︕ | — ᠪᠢᠲᠠ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠶ᠎ᠠ᠃ ᠳᠡᠯᠡᠬᠡᠢ ᠶᠢᠨ | ᠬᠤᠶᠠᠳᠤᠭᠠᠷ ᠲᠠᠶᠢᠨ ᠳᠠᠭᠤᠰᠬᠤ ᠠᠴᠠ ᠡᠮᠦᠨ᠎ᠡ ᠬᠤᠶᠢᠨᠠᠬᠢ ᠳᠡᠯᠡᠬᠡᠢ ᠨᠡᠶᠢᠲᠡ ᠶᠢᠨ ᠲᠣᠭᠲᠠᠭᠠᠭᠰᠠᠨ ᠬᠠᠮᠤᠭ ᠤᠨ | ᠴᠢᠬᠤᠯᠠ ᠲᠣᠭᠲᠠᠭᠠᠯ ᠪᠣᠯ ᠳᠠᠷᠤᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢ ᠪᠠᠶᠢᠭᠤᠯᠬᠤ ᠶᠠᠪᠤᠳᠠᠯ | ᠪᠣᠯᠣᠨ᠎ᠠ᠃ ᠳᠤᠮᠳᠠᠳᠤ ᠤᠯᠤᠰ ᠪᠣᠯᠣᠨ ᠵᠥᠪᠯᠡᠯᠲᠦ ᠬᠠᠮᠤᠭ ᠤᠨ ᠲᠦᠷᠦᠭᠦᠨ ᠳᠤ ︽ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ︾ ᠳᠡᠭᠡᠷ᠎ᠡ ᠭᠠᠷ ᠤᠨ ᠦᠰᠦᠭ ᠵᠢᠷᠤᠪᠠ᠂ ᠬᠤᠶᠠᠷ | ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ ᠪᠠᠶᠢᠩᠭᠤ ᠶᠢᠨ | ᠬᠡᠷᠡᠭ ᠡᠷᠭᠢᠯᠡᠭᠴᠢ ᠤᠯᠤᠰ ᠪᠤᠯᠬᠤ ᠪᠠᠶᠢᠷᠢ ᠰᠠᠭᠤᠷᠢ ᠪᠣᠯ ᠲᠡᠦᠬᠡ ᠠᠴᠠ ᠪᠦᠷᠢᠯᠳᠦᠭᠰᠡᠨ ᠶᠤᠮ᠂ ᠠᠷᠢᠭᠤᠨ ᠴᠢᠰᠤ | ᠪᠠ ᠠᠮᠢ ᠨᠠᠰᠤ ᠪᠠᠷ ᠢᠶᠠᠨ ᠰᠣᠯᠢᠵᠤ ᠠᠪᠴᠢᠷᠠᠭᠰᠠᠨ ᠶᠤᠮ᠃ ᠳᠡᠯᠡᠬᠡᠢ ᠶᠢᠨ ᠪᠠᠶᠢᠳᠠᠯ ᠬᠡᠳᠦᠢ ᠤᠷᠪᠠᠭᠠᠨ | ᠬᠥᠷᠪᠡᠭᠡᠨ ᠲᠠᠢ ᠪᠤᠯᠬᠤ ᠲᠤᠳᠤᠮ᠂ ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ | ᠤᠯᠠᠮ ᠪᠠᠷᠢᠮᠲᠠᠯᠠᠨ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ | ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠳᠤ ᠰᠠᠭᠤᠷᠢᠯᠠᠭᠰᠠᠨ ᠤᠯᠠᠨ ᠤᠯᠤᠰ ᠤᠨ ᠡᠮᠬᠢ ᠳᠢᠭᠯᠢᠮ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ | ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ᠂ ᠡᠷᠬᠡ | ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠵᠢᠯᠲᠡ ᠶᠢ ᠦᠷᠭᠦᠯᠵᠢᠯᠡᠨ ᠠᠬᠢᠭᠤᠯᠤᠶ᠎ᠠ᠃ | ᠡᠨᠡ ᠵᠢᠯ ᠪᠣᠯ ᠮᠥᠨ ᠴᠤ ᠲᠠᠶᠢᠸᠠᠨ ᠢ ᠡᠭᠡᠭᠦᠯᠦᠨ ᠠᠪᠤᠭᠰᠠᠨ 80 ᠵᠢᠯ ᠤᠨ ᠣᠶ ᠪᠣᠯᠣᠨ᠎ᠠ᠃ ᠲᠠᠶᠢᠸᠠᠨ | ᠳᠤᠮᠳᠠᠳᠤ ᠤᠯᠤᠰ ᠲᠤ ᠪᠤᠴᠠᠵᠤ ᠢᠷᠡᠭᠰᠡᠨ ᠶᠠᠪᠤᠳᠠᠯ ᠪᠣᠯ ᠳᠡᠯᠡᠬᠡᠢ ᠶᠢᠨ ᠬᠤᠶᠠᠳᠤᠭᠠᠷ ᠳᠠᠶᠢᠨ ᠤ ᠢᠯᠠᠯᠲᠠ ᠶᠢᠨ | ᠦᠷ᠎ᠡ ᠪᠦᠲᠦᠭᠡᠯ ᠪᠠ ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠤᠨ ᠴᠢᠬᠤᠯᠠ ᠪᠦᠷᠢᠯᠳᠦᠭᠦᠨ ᠬᠡᠰᠡᠭ | ᠮᠥᠨ᠃ ︽ᠺᠠᠶᠢᠷᠤ᠋ ᠶᠢᠨ ᠲᠤᠩᠬᠠᠭ︾᠂ ︽ᠫᠤᠼᠳᠠᠮ ᠤᠨ ᠠᠯᠪᠠᠨ ᠵᠠᠷᠯᠠᠯ︾ ᠵᠡᠷᠭᠡ ᠤᠯᠠᠨ ᠤᠯᠤᠰ ᠤᠨ | ᠬᠠᠤᠯᠢ ᠶᠢᠨ ᠬᠦᠴᠦᠨ ᠪᠦᠬᠦᠢ ᠠᠯᠢ ᠤᠯᠠᠨ ᠪᠢᠴᠢᠭ ᠮᠠᠲ᠋ᠧᠷᠢᠶᠠᠯ ᠳᠤ ᠴᠥᠮ ᠳᠤᠮᠳᠠᠳᠤ ᠤᠯᠤᠰ ᠤᠨ ᠲᠠᠶᠢᠸᠠᠨ ᠳᠠᠬᠢ | ᠡᠷᠬᠡ ᠮᠡᠳᠡᠯ ᠢ ᠨᠤᠲᠠᠯᠠᠪᠠ᠂ ᠲᠡᠭᠦᠨ ᠤ ᠲᠡᠦᠬᠡ ᠪᠠ ᠬᠠᠤᠯᠢ ᠶᠣᠰᠣᠨ ᠤ ᠪᠣᠳᠠᠲᠤ ᠬᠡᠷᠡᠭ ᠨᠢ ᠰᠡᠵᠢᠭᠯᠡᠭᠳᠡᠰᠢ ᠦᠭᠡᠢ | ᠶᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ 2758 ᠳ᠋ᠤᠭᠠᠷ ᠲᠣᠭᠠᠲᠤ | ᠰᠢᠢᠳᠪᠦᠷᠢ ᠶᠢᠨ ᠡᠷᠬᠡ ᠰᠦᠷᠲᠦ ᠴᠢᠨᠠᠷ ᠲᠤ ᠬᠠᠯᠳᠠᠵᠤ ᠪᠣᠯᠣᠰᠢ ᠦᠭᠡᠢ ᠶᠤᠮ᠃ ᠲᠠᠶᠢᠸᠠᠨ ᠠᠷᠠᠯ ᠤᠨ | ᠳᠣᠲᠣᠭᠠᠳᠤ ᠶᠢᠨ ᠪᠠᠶᠢᠳᠠᠯ ᠳᠤ ᠶᠠᠮᠠᠷ ᠬᠤᠪᠢᠷᠠᠯᠲᠠ ᠭᠠᠷᠤᠭᠰᠠᠨ ᠴᠤ᠂ ᠭᠠᠳᠠᠭᠠᠳᠤ ᠶᠢᠨ ᠬᠦᠴᠦᠨ ᠶᠠᠭᠠᠬᠢᠵᠤ | ᠲᠦᠢᠪᠡᠭᠡᠭᠰᠡᠨ ᠴᠦ᠂ ᠳᠤᠮᠳᠠᠳᠤ ᠤᠯᠤᠰ ᠡᠴᠦᠰ ᠲᠡᠭᠡᠨ ᠨᠢᠭᠡᠳᠦᠯ ᠢ ᠪᠡᠶᠡᠯᠡᠭᠦᠯᠬᠦ ᠪᠥᠭᠡᠳ ᠯᠠᠪᠲᠠᠢ ᠨᠢᠭᠡᠳᠦᠯ ᠢ | ᠪᠡᠶᠡᠯᠡᠭᠦᠯᠬᠦ ᠲᠡᠦᠬᠡ ᠶᠢᠨ ᠶᠡᠭᠡ ᠬᠠᠨᠳᠤᠰᠢ ᠬᠤᠷᠢᠭᠯᠠᠭᠳᠠᠰᠢ ᠦᠭᠡᠢ ᠶᠤᠮ᠃ | ᠳᠤᠮᠳᠠᠳᠤ ᠤᠷᠤᠰ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ | ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ ᠡᠷᠡᠰ ᠳᠡᠮᠵᠢᠯᠴᠡᠪᠡ᠃ ᠤᠷᠤᠰ ᠤᠨ ᠲᠠᠯ᠎ᠠ ᠶᠢᠨ ᠬᠢᠨ ᠨᠢᠭᠡ ᠯᠡ | ᠳᠤᠮᠳᠠᠳᠤ ᠤᠯᠤᠰ ᠪᠠᠶᠢᠬᠤ ᠵᠠᠷᠴᠢᠮ ᠢ ᠬᠢᠴᠢᠶᠡᠩᠭᠦ᠋ᠢᠯᠡᠨ ᠵᠢᠷᠤᠮᠯᠠᠨ᠎ᠠ᠂ ᠲᠠᠶᠢᠸᠠᠨ ᠪᠣᠯ ᠳᠤᠮᠳᠠᠳᠤ ᠤᠯᠤᠰ ᠤᠨ | ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ᠂ ᠶᠠᠮᠠᠷᠪᠠ ᠭᠡᠯᠪᠡᠷᠢ ᠶᠢᠨ ︽ᠲᠠᠶᠢᠸᠠᠨ ᠢ | ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠠ ᠳᠤᠮᠳᠠᠳᠤ | ᠤᠯᠤᠰ ᠤᠨ ᠠᠷᠠᠳ ᠲᠦᠮᠡᠨ ᠤ ᠤᠯᠤᠰ ᠭᠡᠷ ᠤᠨ ᠢᠶᠠᠨ ᠨᠢᠭᠡᠳᠦᠯ ᠢ ᠪᠡᠶᠡᠯᠡᠭᠦᠯᠬᠦ ᠶᠢᠨ ᠲᠥᠯᠥᠭᠡ ᠠᠪᠤᠭᠰᠠᠨ ᠠᠯᠢᠪᠠ | ᠠᠷᠭ᠎ᠠ ᠬᠡᠮᠵᠢᠶ᠎ᠡ ᠶᠢ ᠡᠷᠡᠰ ᠳᠡᠮᠵᠢᠨ᠎ᠡ ᠭᠡᠵᠦ ᠣᠯᠠᠨᠲᠠ ᠴᠢᠬᠤᠯᠠᠴᠢᠯᠠᠪᠠ᠃ ᠳᠤᠮᠳᠠᠳᠤ ᠤᠯᠤᠰ ᠡᠭᠦᠨ ᠢ ᠳᠡᠭᠡᠳᠦ | ᠬᠡᠮᠵᠢᠶ᠎ᠡ ᠪᠠᠷ ᠦᠨᠡᠯᠡᠵᠦ ᠪᠠᠶᠢᠨ᠎ᠠ᠃ | — ᠪᠢᠳᠠ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠶ᠎ᠠ᠃ ᠣᠳᠣᠬᠠᠨ ᠤ ᠳᠡᠯᠡᠬᠡᠢ | ᠶᠢᠷᠲᠢᠨᠴᠦ ᠳᠤ᠂ ᠡᠩᠬᠡ ᠲᠠᠶᠢᠪᠤᠩ ᠤᠨ ᠤᠯᠠᠭᠠᠨ ᠲᠤᠭ᠎ᠠ᠂ ᠬᠥᠭᠵᠢᠯᠲᠡ ᠶᠢᠨ ᠤᠯᠠᠭᠠᠨ ᠲᠤᠭ᠎ᠠ᠂ ᠠᠮᠤᠷ | ᠲᠦᠪᠰᠢᠨ ᠤ ᠤᠯᠠᠭᠠᠨ ᠲᠤᠭ᠎ᠠ᠂ ᠵᠠᠰᠠᠯᠲᠠ ᠶᠢᠨ ᠤᠯᠠᠭᠠᠨ ᠲᠤᠭ᠎ᠠ ᠨᠡᠮᠡᠭᠳᠡᠭᠰᠡᠨ ᠠᠴᠠ ᠪᠢᠰᠢ ᠬᠠᠰᠤᠭᠳᠠᠭᠰᠠᠨ | ᠦᠭᠡᠢ᠃ ᠪᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ | ᠳᠡᠭᠡᠷ᠎ᠡ ᠳᠤᠷᠠᠳᠤᠭᠰᠠᠨ ᠤᠯᠠᠭᠠᠨ ᠲᠤᠭ᠎ᠠ ᠶᠢ ᠰᠢᠢᠳᠪᠦᠷᠢᠯᠡᠵᠦ᠂ ᠲᠥᠪ ᠭᠤᠣᠯᠴᠢ ᠰᠢᠳᠤᠷᠭᠤ ᠶᠣᠰᠣ ᠪᠠᠷ | ᠣᠶᠢᠯᠠᠭᠠᠭᠳᠠᠬᠤᠨ ᠪᠤᠯᠭᠠᠵᠤ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠢᠳᠡᠪᠬᠢᠲᠡᠢ | ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠃ | ᠳᠡᠯᠡᠬᠡᠢ ᠶᠢᠷᠲᠢᠨᠴᠦ ᠲᠥᠪ ᠭᠤᠣᠯᠴᠢ ᠪᠠᠶᠢᠬᠤ ᠬᠡᠷᠡᠭᠲᠡᠢ᠂ ᠬᠠᠷᠭᠢᠰ ᠬᠡᠷᠴᠡᠭᠡᠢ ᠪᠠᠶᠢᠵᠤ ᠪᠤᠯᠬᠤ ᠦᠭᠡᠢ᠃ ᠪᠦᠭᠦ | ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠡᠷᠬᠡᠪᠰᠢ ᠬᠠᠮᠲᠤ ᠪᠠᠷ ᠵᠥᠪᠳᠡᠬᠦ ᠬᠠᠮᠲᠤ ᠪᠠᠷ | ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠪᠠᠷᠢᠮᠲᠠᠯᠠᠵᠤ᠂ ᠶᠠᠷᠢᠯᠴᠠᠭ᠎ᠠ | ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠨᠢᠲᠠᠨ ᠪᠤᠯᠬᠤ ᠠᠴᠠ ᠪᠢᠰᠢ ᠬᠤᠯᠪᠤᠭ᠎ᠠ ᠪᠠᠶᠢᠭᠤᠯᠬᠤ ᠦᠭᠡᠢ᠂ | ᠬᠠᠮᠲᠤ ᠪᠠᠷ ᠠᠰᠢᠭ ᠭᠦᠷᠳᠡᠭᠦ ᠠᠴᠠ ᠪᠢᠰᠢ ᠦᠯᠦ ᠡᠪᠰᠡᠬᠦ ᠦᠭᠡᠢ ᠪᠠᠶᠢᠬᠤ ᠶᠢ ᠪᠠᠷᠢᠮᠲᠠᠯᠠᠵᠤ᠂ ᠵᠢᠩᠬᠢᠨᠢ ᠤᠯᠠᠨ | ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠯ᠎ᠡ ᠲᠠᠯ᠎ᠠ ᠶᠢᠨ ᠬᠢᠨ ᠤ ᠵᠦᠢ ᠶᠣᠰᠣᠨ ᠤ ᠠᠩᠬᠠᠷᠴᠤ ᠪᠠᠶᠢᠭ᠎ᠠ | ᠠᠰᠠᠭᠤᠳᠠᠯ ᠢ ᠬᠠᠷᠠᠭᠠᠯᠵᠠᠵᠤ᠂ ᠤᠯᠠᠨ ᠤᠯᠤᠰ ᠤᠨ ᠳᠦᠷᠢᠮ ᠪᠠ ᠡᠮᠬᠢ ᠳᠢᠭᠯᠢᠮ ᠢ ᠬᠠᠮᠠᠭᠠᠯᠠᠬᠤ ᠶᠢ ᠪᠠᠷᠢᠮᠲᠠᠯᠠᠬᠤ | ᠬᠡᠷᠡᠭᠲᠡᠢ ᠭᠡᠳᠡᠭ ᠢ ᠲᠡᠦᠬᠡ ᠪᠠ ᠪᠣᠳᠠᠲᠤ ᠠᠬᠤᠢ ᠴᠥᠮ ᠬᠠᠷᠠᠭᠤᠯᠵᠤ ᠪᠠᠶᠢᠨ᠎ᠠ᠃ ᠳᠡᠯᠡᠬᠡᠢ ᠶᠢᠨ ᠡᠯ᠎ᠡ ᠤᠯᠤᠰ ᠤᠨ | ᠠᠷᠠᠳ ᠲᠦᠮᠡᠨ ᠪᠦᠷ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ | ᠲᠠᠯ᠎ᠠ ᠳᠤ ᠵᠣᠭᠰᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃ | ᠳᠤᠮᠳᠠᠳᠤ ᠤᠯᠤᠰ ᠪᠣᠯᠣᠨ ᠤᠷᠤᠰ ᠪᠣᠯ ᠴᠥᠮ ᠴᠢᠬᠤᠯᠠ ᠨᠥᠯᠥᠭᠡᠯᠡᠬᠦ ᠬᠦᠴᠦᠨ ᠲᠠᠢ ᠲᠣᠮᠣ ᠤᠯᠤᠰ ᠮᠥᠨ᠂ | ᠪᠦᠭᠦ ᠪᠥᠮᠪᠥᠷᠴᠡᠭ ᠤᠨ ᠪᠠᠶᠢᠯᠳᠤᠬᠤ ᠪᠣᠳᠣᠯᠭ᠎ᠠ ᠶᠢᠨ ᠲᠣᠭᠲᠠᠭᠤᠨ ᠢ ᠬᠠᠮᠠᠭᠠᠯᠠᠬᠤ᠂ ᠪᠦᠭᠦ ᠪᠥᠮᠪᠥᠷᠴᠡᠭ ᠤᠨ | ᠵᠠᠰᠠᠯᠲᠠ ᠶᠢ ᠲᠡᠭᠦᠯᠳᠡᠷᠵᠢᠭᠦᠯᠬᠦ ᠪᠦᠲᠦᠭᠡᠯᠴᠢ ᠴᠢᠨᠠᠷᠲᠠᠢ ᠬᠦᠴᠦᠨ ᠮᠥᠨ᠃ ᠳᠤᠮᠳᠠᠳᠤ ᠤᠷᠤᠰ ᠤᠨ ᠬᠠᠷᠢᠯᠴᠠᠭ᠎ᠠ | ᠲᠣᠪ ᠲᠣᠳᠣᠷᠬᠠᠢ ᠲᠡᠦᠬᠡ ᠶᠢᠨ ᠯᠣᠭᠢᠭ᠂ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ᠂ ᠭᠦᠨ ᠵᠤᠵᠠᠭᠠᠨ | ᠪᠣᠯᠪᠠᠰᠤᠨ ᠤ ᠣᠣᠷ ᠲᠤᠨᠳᠠᠰᠤ ᠲᠠᠢ ᠶᠤᠮ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠪᠥᠭᠡᠳ ᠶᠠᠮᠠᠷᠪᠠ | ᠭᠤᠷᠪᠠᠳᠤᠭᠠᠷ ᠡᠲᠡᠭᠡᠳ ᠲᠤ ᠴᠦ ᠬᠢᠵᠠᠭᠠᠷᠯᠠᠭᠳᠠᠬᠤ ᠦᠭᠡᠢ᠃ ᠬᠤᠶᠠᠷ ᠲᠠᠯ᠎ᠠ ᠪᠠᠷ ᠢᠶᠠᠨ ᠳᠤᠮᠳᠠᠳᠤ ᠤᠷᠤᠰ ᠤᠨ | ᠨᠥᠬᠦᠷᠯᠡᠯ ᠪᠣᠯᠣᠨ ᠢᠲᠡᠭᠡᠯᠴᠡᠭᠡ ᠶᠢ ᠡᠪᠳᠡᠬᠦ ᠶᠠᠮᠠᠷᠪᠠ ᠭᠤᠷᠢᠳᠠᠯᠭ᠎ᠠ ᠶᠢ ᠬᠠᠮᠲᠤ ᠪᠠᠷ ᠡᠰᠡᠷᠭᠦᠴᠡᠵᠦ᠂ ᠲᠦᠷ | ᠴᠠᠭ ᠤᠨ ᠶᠠᠪᠤᠳᠠᠯ ᠳᠤ ᠲᠥᠭᠡᠷᠢᠭᠳᠡᠬᠦ ᠦᠭᠡᠢ᠂ ᠰᠢᠷᠦᠭᠦᠨ ᠰᠠᠯᠬᠢ ᠲᠤᠬᠰᠢᠨ ᠳᠠᠪᠠᠯᠭᠠᠨ ᠳᠤ ᠨᠥᠯᠥᠭᠡᠯᠡᠭᠳᠡᠬᠦ ᠦᠭᠡᠢ | ᠪᠠᠶᠢᠵᠤ᠂ ᠳᠤᠮᠳᠠᠳᠤ ᠤᠷᠤᠰ ᠤᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠲᠣᠬᠲᠠᠭᠠᠯᠲᠤ ᠴᠢᠨᠠᠷ ᠪᠣᠯᠣᠨ | ᠤᠶᠠᠨ ᠬᠠᠳᠠᠨ ᠴᠢᠨᠠᠷ ᠢᠶᠠᠷ ᠳᠡᠯᠡᠬᠡᠢ ᠶᠢᠨ ᠤᠯᠠᠨ ᠲᠦᠢᠯᠵᠢᠯᠲᠠ ᠶᠢᠨ ᠠᠬᠢᠴᠠ ᠶᠢ ᠬᠠᠮᠲᠤ ᠪᠠᠷ ᠠᠬᠢᠭᠤᠯᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ | ᠠᠬᠢᠭᠤᠯᠤᠶ᠎ᠠ᠃ | ᠳᠤᠮᠳᠠᠳᠤ ᠤᠯᠤᠰ ᠪᠠ ᠤᠷᠤᠰ ᠪᠣᠯ ᠴᠥᠮ ᠭᠡᠷᠡᠯ ᠰᠠᠴᠤᠷᠠᠩᠭᠤᠢ ᠪᠣᠯᠪᠠᠰᠤᠨ ᠲᠠᠢ ᠠᠭᠤᠤ ᠶᠡᠭᠡ ᠤᠯᠤᠰ | ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠠ ᠤᠷᠤᠰ ᠤᠨ ᠠᠷᠠᠳ ᠲᠦᠮᠡᠨ ᠪᠣᠯ ᠴᠥᠮ ᠪᠠᠭᠠᠲᠤᠷᠯᠢᠭ | ᠤᠳᠤᠮᠰᠢᠯ ᠲᠠᠢ ᠠᠭᠤᠤ ᠶᠡᠭᠡ ᠠᠷᠠᠳ ᠲᠦᠮᠡᠨ ᠮᠥᠨ᠃ 80 ᠵᠢᠯ ᠤᠨ ᠡᠮᠦᠨ᠎ᠡ᠂ ᠪᠢᠳᠠ ᠡᠷᠡᠯᠬᠡᠭ ᠢᠶᠠᠷ | ᠡᠰᠡᠷᠭᠦᠴᠡᠨ ᠲᠡᠮᠡᠴᠡᠵᠦ ᠹᠠᠱᠢᠰ ᠢ ᠡᠰᠡᠷᠭᠦᠴᠡᠬᠦ ᠲᠠᠶᠢᠨ ᠤ ᠠᠭᠤᠤ ᠶᠡᠭᠡ ᠢᠯᠠᠯᠲᠠ ᠶᠢ ᠣᠯᠪᠠ᠃ 80 ᠵᠢᠯ ᠤᠨ | ᠳᠠᠷᠠᠭᠠᠬᠢ ᠥᠨᠥᠳᠥᠷ᠂ ᠪᠢᠳᠡ ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠠᠪᠴᠤ᠂ ᠲᠤᠰ ᠪᠡᠶ᠎ᠡ ᠶᠢᠨ ᠡᠷᠬᠡ | ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠵᠤ᠂ ᠡᠷᠡᠰ ᠪᠠᠲᠤ ᠪᠠᠷ | ᠲᠡᠦᠬᠡ ᠶᠢᠨ ᠳᠤᠷᠠᠰᠤᠮᠵᠢ ᠶᠢᠨ ᠬᠠᠮᠠᠭᠠᠯᠠᠭᠴᠢ᠂ ᠬᠥᠭᠵᠢᠯ ᠮᠠᠨᠳᠤᠯ ᠤᠨ ᠵᠠᠮ ᠳᠠᠬᠢ ᠬᠠᠮᠲᠤ ᠤᠷᠤᠭᠰᠢᠯᠠᠭᠴᠢ᠂ | ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣᠨ ᠤ ᠬᠠᠮᠠᠭᠠᠯᠠᠭᠴᠢ ᠪᠣᠯᠵᠤ᠂ ᠭᠠᠷ ᠬᠤᠯᠪᠣᠨ ᠬᠥᠮᠥᠨ | ᠲᠥᠷᠥᠯᠬᠢᠲᠡᠨ ᠤ ᠢᠷᠡᠭᠡᠳᠦᠢ ᠬᠤᠪᠢ ᠵᠠᠶᠠᠭᠠᠨ ᠤ ᠲᠥᠯᠥᠭᠡ ᠨᠡᠩ ᠭᠡᠭᠡᠨ ᠰᠠᠷᠠᠭᠤᠯ ᠢᠷᠡᠭᠡᠳᠦᠢ ᠶᠢ ᠲᠡᠮᠡᠴᠡᠨ | ᠴᠣᠭᠴᠠᠯᠠᠶ᠎ᠠ᠃ |