ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 7 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 5 ᠰᠠᠷ᠎ᠠ ᠶᠢᠨ 7 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ᠂ ᠤᠷᠤᠰ ᠤᠨ | ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ | ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ | ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ ᠮᠣᠰᠺᠸᠠ ᠳᠤ ᠭᠦᠷᠪᠠ᠃ | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 7 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠤᠷᠤᠰ ᠤᠨ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠶᠢᠨ ᠬᠠᠮᠲᠤ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 | ᠵᠢᠯ ᠤᠨ ᠤᠢ ᠶᠢ ᠳᠤᠷᠠᠰᠬᠠᠬᠤ ᠪᠠᠶᠠᠷ ᠤᠨ ᠶᠣᠰᠣᠯᠠᠯ ᠳᠤ ᠣᠷᠤᠯᠴᠠᠬᠤ ᠪᠠᠷ ᠲᠤᠰᠬᠠᠢ ᠨᠢᠰᠬᠡᠯ ᠢᠶᠠᠷ ᠮᠣᠰᠺᠸᠠ ᠳᠤ | ᠭᠦᠷᠪᠠ᠃ ᠤᠷᠤᠰ ᠤᠨ ᠲᠠᠯ᠎ᠠ ᠶᠢᠨ ᠬᠢᠨ ᠨᠢᠰᠬᠡᠯ ᠤᠨ ᠪᠠᠭᠤᠳᠠᠯ ᠳᠤ ᠦᠪᠡᠳᠡᠭᠰᠢ ᠶᠡᠭᠡ ᠤᠭᠲᠤᠬᠤ ᠶᠣᠰᠣᠯᠠᠯ | ᠶᠠᠪᠤᠭᠤᠯᠪᠠ᠃ ᠵᠢᠷᠤᠭ ᠪᠣᠯ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠤᠷᠤᠰ ᠤᠨ ᠬᠠᠷᠢᠶ᠎ᠠ ᠣᠭᠲᠠᠷᠭᠤᠢ ᠳᠤ ᠣᠷᠣᠭᠰᠠᠨ ᠤ | ᠳᠠᠷᠠᠭ᠎ᠠ᠂ ᠤᠷᠤᠰ ᠤᠨ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠠᠭᠠᠷ ᠤᠨ ᠠᠶᠠᠯᠠᠯ ᠢ ᠬᠠᠮᠠᠭᠠᠯᠠᠪᠠ᠃ | ᠰᠢ ᠶᠢᠨ ᠫᠢᠩ ᠮᠣᠰᠺᠸᠠ ᠶᠢᠨ ᠹᠦᠨᠦ᠋ᠺᠧᠸᠧ ᠲᠤᠰᠬᠠᠢ ᠨᠢᠰᠬᠡᠯ ᠤᠨ ᠪᠠᠭᠤᠳᠠᠯ ᠳᠤ ᠬᠦᠷᠬᠦ ᠦᠶ᠎ᠡ ᠳᠤ᠂ | ᠤᠷᠤᠰ ᠤᠨ ᠳᠡᠳ᠋ ᠶᠡᠷᠦᠩᠬᠡᠢ ᠰᠠᠶᠢᠳ ᠭᠧᠯᠢᠺᠸᠧᠠ ᠵᠡᠷᠭᠡ ᠵᠠᠰᠠᠭ ᠤᠨ ᠣᠷᠳᠣᠨ ᠤ ᠳᠡᠭᠡᠳᠦ ᠲᠡᠰ ᠤᠨ ᠠᠯᠪᠠᠨ | ᠲᠤᠰᠢᠶᠠᠯᠲᠠᠨ ᠬᠠᠯᠠᠭᠤᠨ ᠢᠶᠠᠷ ᠤᠭᠲᠤᠨ ᠠᠪᠤᠪᠠ᠃ | ᠤᠷᠤᠰ ᠤᠨ ᠲᠠᠯ᠎ᠠ ᠶᠢᠨ ᠬᠢᠨ ᠨᠢᠰᠬᠡᠯ ᠤᠨ ᠪᠠᠭᠤᠳᠠᠯ ᠳᠤ ᠦᠪᠡᠳᠡᠭᠰᠢ ᠶᠡᠭᠡ ᠤᠭᠲᠤᠬᠤ ᠶᠣᠰᠣᠯᠠᠯ | ᠶᠠᠪᠤᠭᠤᠯᠪᠠ᠃ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠰᠦᠯᠳᠡ | ᠳᠠᠭᠤᠤ ᠶᠢ ᠬᠥᠭᠵᠢᠮᠳᠡᠪᠡ᠃ ᠰᠢ ᠶᠢᠨ ᠫᠢᠩ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ | ᠰᠣᠨᠢᠷᠬᠠᠪᠠ᠃ | ᠰᠢ ᠶᠢᠨ ᠫᠢᠩ ᠪᠢᠴᠢᠭ ᠤᠨ ᠭᠡᠯᠪᠡᠷᠢ ᠪᠠᠷ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠵᠠᠰᠠᠭ ᠤᠨ ᠣᠷᠳᠣᠨ | ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠤᠷᠤᠰ ᠤᠨ ᠵᠠᠰᠠᠭ ᠤᠨ ᠣᠷᠳᠣᠨ ᠪᠣᠯᠣᠨ | ᠤᠷᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ | ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠤᠷᠤᠰ ᠪᠣᠯ ᠰᠢᠯᠵᠢᠰᠢ ᠦᠭᠡᠢ ᠰᠠᠶᠢᠨ ᠬᠥᠷᠰᠢ᠂ ᠵᠣᠪᠠᠭᠤᠷᠢ | ᠵᠦᠳᠡᠭᠦᠷᠢ ᠪᠠᠨ ᠬᠠᠮᠲᠤᠳᠬᠠᠭᠰᠠᠨ ᠵᠢᠩᠬᠢᠨᠢ ᠨᠠᠶᠢᠵᠠ᠂ ᠬᠠᠷᠢᠯᠴᠠᠨ ᠠᠮᠵᠢᠯᠲᠠ ᠣᠯᠬᠤ ᠶᠢ ᠠᠬᠢᠭᠤᠯᠤᠭᠰᠠᠨ ᠰᠠᠶᠢᠨ | ᠬᠠᠨᠢᠲᠠᠨ ᠶᠤᠮ᠃ ᠬᠤᠶᠠᠷ ᠲᠠᠯ᠎ᠠ ᠪᠠᠷ ᠢᠶᠠᠨ ᠬᠥᠷᠰᠢ ᠵᠡᠷᠭᠡᠯᠡᠳᠡᠭᠡ ᠲᠣᠮᠣ ᠤᠯᠤᠰ ᠤᠨ ᠵᠥᠪ ᠣᠨᠣᠪᠴᠢᠲᠠᠢ | ᠬᠠᠷᠢᠯᠴᠠᠬᠤ ᠵᠠᠮ ᠢ ᠨᠢᠭᠡᠨᠲᠡ ᠰᠦᠪᠡᠭᠴᠢᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠵᠣᠷᠢᠭ ᠰᠠᠨᠠᠭ᠎ᠠ ᠶᠢ ᠴᠣᠭᠴᠠᠯᠠᠪᠠ᠃ ᠪᠡᠶ᠎ᠡ ᠪᠠᠨ ᠳᠠᠭᠠᠭᠠᠵᠤ ᠡᠵᠡᠨ ᠮᠡᠳᠡᠬᠦ᠂ | ᠪᠣᠯᠪᠠᠰᠤᠷᠠᠩᠭᠤᠢ ᠪᠥᠭᠡᠳ ᠳᠠᠭᠠᠭᠠᠮᠠᠭᠠᠢ ᠳᠤᠮᠳᠠᠳᠤ ᠣᠷᠣᠰ ᠤᠨ ᠬᠠᠷᠢᠯᠴᠠᠭ᠎ᠠ ᠨᠢ ᠬᠤᠶᠠᠷ ᠤᠯᠤᠰ ᠤᠨ ᠠᠷᠠᠳ | ᠲᠦᠮᠡᠨ ᠳᠤ ᠯᠤᠲᠤ ᠶᠡᠭᠡ ᠠᠵᠠ ᠵᠢᠷᠭᠠᠯ ᠣᠯᠭᠤᠭᠰᠠᠨ ᠪᠥᠭᠡᠳ ᠪᠠᠰᠠ ᠪᠦᠭᠦ ᠪᠥᠮᠪᠥᠷᠴᠡᠭ ᠤᠨ ᠪᠠᠶᠢᠯᠳᠤᠬᠤ | ᠪᠣᠳᠣᠯᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ | ᠲᠦᠢᠯᠵᠢᠯᠳᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠡᠨᠡ ᠵᠢᠯ ᠪᠣᠯ ᠳᠡᠯᠡᠬᠡᠢ ᠶᠢᠨ ᠹᠠᠱᠢᠰ ᠢ | ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ᠃ ᠳᠤᠮᠳᠠᠳᠤ ᠤᠷᠤᠰ ᠳᠡᠯᠡᠬᠡᠢ ᠶᠢᠨ ᠭᠤᠣᠯ ᠪᠤᠯᠬᠤ ᠲᠣᠮᠣ | ᠤᠯᠤᠰ ᠪᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ | ᠬᠡᠷᠡᠭ ᠡᠷᠭᠢᠯᠡᠭᠴᠢ ᠤᠯᠤᠰ ᠪᠣᠯᠤᠭᠰᠠᠨ ᠤ ᠬᠤᠪᠢ ᠳᠤ᠂ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ | ᠦᠷ᠎ᠡ ᠪᠦᠲᠦᠭᠡᠯ ᠢ ᠭᠠᠷ ᠬᠤᠯᠪᠣᠨ ᠬᠠᠮᠠᠭᠠᠯᠠᠵᠤ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ | ᠡᠷᠡᠰ ᠡᠰᠡᠷᠭᠦᠴᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠨᠡᠩ ᠲᠥᠪ ᠭᠤᠣᠯᠴᠢ ᠵᠦᠢ | ᠵᠣᠬᠢᠰᠲᠠᠢ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠪᠢ | ᠶᠡᠷᠦᠩᠬᠡᠶᠢᠯᠡᠭᠴᠢ ᠫᠦᠲ᠋ᠢᠨ ᠯᠦᠭᠡ ᠬᠤᠶᠠᠷ ᠲᠠᠯ᠎ᠠ ᠶᠢᠨ ᠬᠠᠷᠢᠯᠴᠠᠭ᠎ᠠ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ | ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠭᠦᠨᠵᠡᠭᠡᠢ | ᠣᠯᠣᠯᠴᠠᠵᠤ᠂ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ︔ ᠣᠯᠠᠨ ᠤᠯᠤᠰ ᠤᠨ ᠤᠳᠤᠷᠢᠳᠬᠤ ᠬᠥᠮᠥᠰ ᠪᠣᠯᠣᠨ ᠣᠷᠣᠰ ᠤᠨ | ᠠᠷᠠᠳ ᠲᠦᠮᠡᠨ ᠲᠠᠢ ᠬᠠᠮᠲᠤ ᠪᠠᠷ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠶᠢᠨ ᠲᠥᠯᠥᠭᠡ ᠡᠷᠡᠯᠬᠡᠭ | ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠢ ᠭᠦᠨ ᠮᠥᠷᠥᠭᠡᠳᠦᠨ ᠰᠠᠨᠠᠭᠠᠯᠵᠠᠵᠤ᠂ ᠣᠯᠠᠨ ᠤᠯᠤᠰ ᠤᠨ | ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠴᠠᠭ ᠦᠶ᠎ᠡ ᠶᠢᠨ ᠬᠦᠴᠦᠷᠬᠡᠭ ᠳᠠᠭᠤᠨ ᠢ ᠬᠠᠮᠲᠤ ᠪᠠᠷ | ᠴᠤᠤᠷᠢᠶᠠᠲᠤᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠼᠠᠢ ᠴᠢ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ᠃ | ᠤᠷᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠠᠩ ᠬᠠᠨ ᠬᠤᠢ ᠪᠠᠰᠠ ᠨᠢᠰᠬᠡᠯ ᠤᠨ | ᠪᠠᠭᠤᠳᠠᠯ ᠳᠤ ᠬᠦᠷᠴᠦ ᠤᠭᠲᠤᠵᠠᠢ᠃ | ᠰᠢ ᠶᠢᠨ ᠫᠢᠩ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯᠯᠠᠬᠤ ᠵᠣᠴᠢᠳ ᠤᠨ | ᠪᠠᠭᠤᠳᠠᠯ ᠳᠠᠭᠠᠨ ᠬᠦᠷᠬᠦ ᠵᠠᠮ ᠵᠠᠭᠤᠷ᠎ᠠ᠂ ᠲᠤᠬᠠᠢ ᠶᠢᠨ ᠭᠠᠵᠠᠷ ᠤᠨ ᠠᠷᠠᠳ ᠤᠯᠠᠨ ᠵᠢᠴᠢ ᠳᠤᠮᠳᠠᠳᠤ ᠶᠢᠨ ᠪᠡᠯᠡ | ᠣᠷᠣᠭᠤᠯᠤᠭᠰᠠᠨ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠤ ᠪᠠᠶᠢᠭ᠎ᠠ ᠰᠤᠷᠤᠬᠴᠢᠳ ᠤᠨ | ᠲᠥᠯᠥᠭᠡᠯᠡᠭᠴᠢ ᠵᠠᠮ ᠤᠨ ᠬᠤᠶᠠᠷ ᠲᠠᠯ᠎ᠠ ᠳᠤ ᠴᠤᠭᠯᠠᠷᠠᠵᠤ᠂ ︽ᠲᠡᠷᠢᠭᠦᠯᠡᠭᠴᠢ ᠰᠢ ᠶᠢᠨ ᠫᠢᠩ ᠤᠨ ᠤᠷᠤᠰ ᠲᠤ | ᠠᠶᠢᠯᠴᠢᠯᠠᠷ᠎ᠠ ᠢᠷᠡᠭᠰᠡᠨ ᠢ ᠪᠠᠶᠠᠷᠯᠠᠨ ᠤᠭᠲᠤᠶ᠎ᠠ︾ ᠭᠡᠬᠦ ᠮᠡᠲᠦ ᠶᠢᠨ ᠤᠯᠠᠭᠠᠨ ᠥᠩᠭᠡ ᠶᠢᠨ ᠬᠥᠨᠳᠡᠯᠡᠨ ᠪᠢᠴᠢᠭᠡᠰᠦ | ᠡᠷᠭᠦᠵᠦ᠂ ᠳᠤᠮᠳᠠᠳᠤ ᠤᠷᠤᠰ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ ᠰᠢ ᠶᠢᠨ ᠫᠢᠩ ᠤᠨ | ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ᠃ |