ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠳᠤᠮᠳᠠᠳᠤ | ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ | ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠤᠨ ᠬᠠᠷᠢᠯᠴᠠᠭ᠎ᠠ ᠪᠣᠯᠣᠨ ᠳᠡᠯᠡᠬᠡᠢ ᠶᠢᠨ ᠪᠠ ᠭᠠᠵᠠᠷ | ᠣᠷᠣᠨ ᠤ ᠴᠢᠬᠤᠯᠠ ᠶᠡᠭᠡ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠪᠠᠨ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠳᠤᠮᠳᠠᠳᠤ ᠤᠷᠤᠰ ᠤᠨ | ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠥᠨᠳᠥᠷ ᠲᠦᠪᠰᠢᠨ ᠪᠦᠬᠦᠢ ᠬᠥᠭᠵᠢᠯᠲᠡ ᠶᠢ ᠠᠭᠢᠭᠤᠯᠤᠨ᠎ᠠ︔ | ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠬᠠᠮᠲᠤ ᠪᠠᠷ ᠪᠠᠳᠠᠷᠠᠭᠤᠯᠵᠤ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠠᠭᠠᠯᠠᠨ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ ᠭᠡᠵᠦ ᠰᠠᠨᠠᠯ ᠨᠢᠭᠡᠲᠡᠢ ᠵᠥᠪᠰᠢᠶᠡᠷᠡᠪᠡ᠃ | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠣᠷᠣᠰ ᠤᠨ ᠶᠡᠷᠦᠩᠬᠡᠶᠢᠯᠡᠭᠴᠢ | ᠫᠦᠲ᠋ᠢᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ | ᠣᠷᠳᠣᠨ ᠳᠤ ᠬᠡᠯᠡᠯᠴᠡᠭᠡ ᠬᠢᠪᠡ᠃ ᠵᠢᠷᠤᠭ ᠪᠣᠯ ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ ᠤᠭᠲᠤᠬᠤ | ᠦᠪᠡᠳᠡᠭᠰᠢ ᠶᠣᠰᠣᠯᠠᠯ ᠶᠠᠪᠤᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | 5 ᠰᠠᠷ᠎ᠠ ᠶᠢᠨ ᠮᠣᠰᠺᠸᠠ ᠶᠢᠨ ᠲᠡᠭᠷᠢ ᠨᠢ ᠴᠡᠯᠮᠡᠭ ᠠᠭᠠᠷ ᠨᠢ ᠲᠤᠩᠭᠠᠯᠠᠭ᠃ ᠰᠢ ᠶᠢᠨ ᠫᠢᠩ ᠲᠡᠷᠭᠡ ᠪᠠᠷ ᠬᠦᠷᠬᠦ | ᠦᠶ᠎ᠡ ᠳᠤ ᠺᠷᠧᠮᠯᠢ ᠣᠷᠳᠣᠨ ᠤ ᠺᠣᠮᠠᠨᠳ᠋ᠯᠠᠭᠴᠢ ᠲᠡᠷᠭᠡᠨ ᠠᠴᠠ ᠪᠠᠭᠤᠬᠤ ᠭᠠᠵᠠᠷ ᠲᠤ ᠤᠭᠲᠤᠨ ᠠᠪᠤᠪᠠ᠃ | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠣᠷᠣᠰ ᠤᠨ ᠶᠡᠷᠦᠩᠬᠡᠶᠢᠯᠡᠭᠴᠢ | ᠫᠦᠲ᠋ᠢᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ | ᠣᠷᠳᠣᠨ ᠳᠤ ᠬᠡᠯᠡᠯᠴᠡᠭᠡ ᠬᠢᠪᠡ᠃ ᠬᠡᠯᠡᠯᠴᠡᠭᠡ ᠳᠠᠭᠤᠰᠤᠭᠰᠠᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ︽ | ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠤᠭ᠎ᠠ ᠶᠢᠨ ᠳᠤᠮᠳᠠᠳᠤ ᠤᠯᠤᠰ ᠤᠨ | ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ | ᠲᠠᠶᠢᠨ ᠤ ᠢᠯᠠᠯᠲᠠ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ | ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ | ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠫᠦᠲ᠋ᠢᠨ ᠵᠤᠷᠵ ᠶᠡᠭᠡ ᠲᠢᠩᠬᠢᠮ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ ᠲᠥᠪ | ᠶᠡᠬᠡᠮᠰᠦᠭ ᠵᠣᠴᠢᠨ ᠤᠭᠲᠤᠬᠤ ᠬᠥᠭᠵᠢᠮ ᠤᠨ ᠠᠶᠠᠰ ᠳᠤᠮᠳᠠ ᠰᠢ ᠶᠢᠨ ᠫᠢᠩ ᠪᠣᠯᠣᠨ ᠫᠦᠲ᠋ᠢᠨ ᠲᠣᠰ ᠲᠤᠰ ᠵᠤᠷᠵ | ᠶᠡᠭᠡ ᠲᠢᠩᠬᠢᠮ ᠤᠨ ᠬᠤᠶᠠᠷ ᠲᠠᠯ᠎ᠠ ᠪᠠᠷ ᠤᠯᠠᠭᠠᠨ ᠬᠡᠪᠢᠰ ᠤᠨ ᠳᠡᠭᠡᠭᠦᠷ ᠢᠳᠡᠷᠡᠭᠦᠨ ᠠᠯᠬᠤᠭ᠎ᠠ ᠪᠠᠷ ᠠᠯᠬᠤᠯᠠᠨ ᠶᠡᠭᠡ | ᠲᠢᠩᠬᠢᠮ ᠤᠨ ᠭᠤᠣᠯ ᠳᠤ ᠬᠦᠷᠴᠦ᠂ ᠳᠣᠲᠣᠨᠣ ᠪᠠᠷ ᠭᠠᠷ ᠠᠳᠬᠤᠨ ᠬᠠᠮᠲᠤ ᠭᠡᠷᠡᠯ ᠵᠢᠷᠤᠭ ᠲᠠᠲᠠᠭᠤᠯᠪᠠ᠃ | ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠤᠷᠤᠰ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ | | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠡᠮᠦᠨ᠎ᠡ᠂ ᠣᠷᠣᠰ ᠤᠨ ᠶᠡᠷᠦᠩᠬᠡᠶᠢᠯᠡᠭᠴᠢ | ᠫᠦᠲ᠋ᠢᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠢ ᠮᠣᠰᠺᠸᠠ ᠶᠢᠨ ᠺᠷᠧᠮᠯᠢ | ᠣᠷᠳᠣᠨ ᠳᠤ ᠬᠡᠯᠡᠯᠴᠡᠭᠡ ᠬᠢᠪᠡ᠃ ᠵᠢᠷᠤᠭ ᠪᠣᠯ ᠬᠤᠶᠠᠷ ᠤᠯᠤᠰ ᠤᠨ ᠲᠡᠷᠢᠭᠦᠨ ᠪᠠᠭ᠎ᠠ ᠬᠡᠪᠴᠢᠶᠡᠨ ᠤ ᠬᠡᠯᠡᠯᠴᠡᠭᠡ | ᠬᠢᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠬᠤᠶᠠᠷ ᠤᠯᠤᠰ ᠤᠨ ᠲᠡᠷᠢᠭᠦᠨ ᠤᠷᠢᠳ ᠬᠤᠵᠢᠳ ᠪᠠᠭ᠎ᠠ ᠬᠡᠪᠴᠢᠶᠡᠨ ᠤ ᠬᠡᠯᠡᠯᠴᠡᠭᠡ᠂ ᠶᠡᠭᠡ ᠬᠡᠪᠴᠢᠶᠡᠨ ᠤ | ᠬᠡᠯᠡᠯᠴᠡᠭᠡ ᠬᠢᠪᠡ᠃ | | | | ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠭᠰᠡᠨ ᠤ | ᠳᠠᠷᠠᠭ᠎ᠠ ᠬᠠᠮᠲᠤ ᠪᠠᠷ ᠰᠣᠷᠪᠤᠯᠵᠢᠯᠠᠬᠴᠢᠳ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠠᠢ ᠵᠢᠶᠠᠨ ᠯᠠᠨ ᠰᠡᠭᠦᠳᠡᠷᠯᠡᠪᠡ | ᠰᠢ ᠶᠢᠨ ᠫᠢᠩ᠂ ᠣᠶᠢᠷ᠎ᠠ ᠶᠢᠨ ᠵᠢᠯ ᠠᠴᠠ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠤᠮᠳᠠᠳᠤ | ᠤᠷᠤᠰ ᠤᠨ ᠬᠠᠷᠢᠯᠴᠠᠭ᠎ᠠ ᠲᠣᠭᠲᠠᠭᠤᠨ᠂ ᠡᠷᠡᠭᠦᠯ᠂ ᠥᠨᠳᠥᠷ ᠲᠦᠪᠰᠢᠨ ᠪᠦᠬᠦᠢ ᠬᠥᠭᠵᠢᠯᠲᠡ ᠶᠢᠨ ᠪᠠᠶᠢᠳᠠᠯ ᠢᠶᠠᠨ | ᠪᠠᠲᠤᠯᠠᠵᠤ᠂ ᠤᠷᠳᠤ ᠬᠤᠭᠤᠴᠠᠭ᠎ᠠ ᠪᠠᠷ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ ᠪᠠᠲᠤᠯᠠᠬᠤ᠂ | ᠬᠠᠷᠢᠯᠴᠠᠨ ᠠᠰᠢᠭᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠨᠢ ᠬᠤᠶᠠᠷ ᠤᠯᠤᠰ ᠤᠨ | ᠬᠠᠷᠢᠯᠴᠠᠭ᠎ᠠ ᠶᠢᠨ ᠢᠯᠡ ᠲᠣᠳᠣ ᠣᠨᠴᠠᠯᠢᠭ ᠪᠣᠯᠵᠠᠢ᠃ ᠬᠤᠶᠠᠷ ᠤᠯᠤᠰ ᠤᠨ ᠤᠯᠤᠰ ᠲᠥᠷᠥ ᠶᠢᠨ | ᠢᠲᠡᠭᠡᠯᠴᠡᠭᠡ ᠶᠢᠨ ᠰᠠᠭᠤᠷᠢ ᠶᠠᠪᠤᠬᠤ ᠲᠤᠲᠤᠮ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ | ᠬᠤᠯᠪᠣᠭᠠᠰᠤ ᠶᠠᠪᠤᠬᠤ ᠲᠤᠲᠤᠮ ᠪᠠᠬᠢᠵᠢᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠣᠷᠣᠨ ᠨᠤᠲᠤᠭ ᠤᠨ | ᠶᠠᠪᠤᠯᠴᠠᠭ᠎ᠠ ᠶᠠᠪᠤᠬᠤ ᠲᠤᠲᠤᠮ ᠰᠠᠶᠢᠵᠢᠷᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠣᠷᠣᠰ ᠤᠨ ᠬᠠᠷᠢᠯᠴᠠᠭ᠎ᠠ ᠨᠠᠩ | ᠢᠲᠡᠭᠡᠯ ᠲᠠᠢ ᠪᠥᠭᠡᠳ ᠯᠠᠪᠳᠠᠭᠤᠨ ᠲᠣᠭᠲᠠᠭᠤᠨ ᠪᠠᠲᠤ ᠪᠠᠬᠢ ᠪᠣᠯᠪᠠ᠃ ᠦᠷᠭᠦᠯᠵᠢᠯᠡᠨ ᠳᠤᠮᠳᠠᠳᠤ ᠤᠷᠤᠰ ᠤᠨ | ᠬᠠᠷᠢᠯᠴᠠᠭ᠎ᠠ ᠶᠢ ᠬᠥᠭᠵᠢᠭᠦᠯᠬᠦ ᠪᠠ ᠭᠦᠨᠵᠡᠭᠡᠶᠢᠷᠡᠭᠦᠯᠬᠦ ᠪᠣᠯ ᠬᠤᠶᠠᠷ ᠤᠯᠤᠰ ᠤᠨ ᠠᠷᠠᠳ ᠲᠦᠮᠡᠨ ᠤ ᠦᠶ᠎ᠡ ᠶᠢᠨ | ᠦᠶ᠎ᠡ ᠳᠡᠭᠡᠨ ᠨᠥᠭᠦᠷᠰᠡᠭ ᠪᠠᠶᠢᠬᠤ ᠶᠢ ᠵᠠᠯᠭᠠᠮᠵᠢᠯᠠᠬᠤ ᠳᠤ ᠪᠠᠶᠢᠪᠠᠰᠤ ᠵᠣᠬᠢᠬᠤ ᠤᠳᠬ᠎ᠠ ᠠᠭᠤᠯᠭ᠎ᠠ ᠮᠥᠨ᠂ ᠬᠤᠶᠠᠷ | ᠲᠠᠯ᠎ᠠ ᠪᠠᠷ ᠢᠶᠠᠨ ᠬᠠᠷᠢᠯᠴᠠᠨ ᠠᠮᠵᠢᠯᠲᠠ ᠣᠯᠬᠤ ᠶᠢ ᠠᠬᠢᠭᠤᠯᠬᠤ᠂ ᠲᠤᠰ ᠲᠤᠰ ᠤᠨ ᠬᠥᠭᠵᠢᠯ ᠮᠠᠨᠳᠤᠯ ᠢᠶᠠᠨ | ᠠᠬᠢᠭᠤᠯᠬᠤ ᠵᠠᠶᠢᠯᠠᠰᠢ ᠦᠭᠡᠢ ᠰᠣᠩᠭᠤᠯᠲᠠ ᠮᠥᠨ᠂ ᠪᠠᠰᠠ ᠴᠤ ᠳᠡᠯᠡᠬᠡᠢ ᠶᠢᠨ ᠲᠥᠪ ᠭᠤᠣᠯᠴᠢ ᠰᠢᠳᠤᠷᠭᠤ | ᠶᠣᠰᠣ ᠶᠢ ᠬᠠᠮᠠᠭᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠠᠬᠢᠭᠤᠯᠬᠤ | ᠴᠠᠭ ᠦᠶ᠎ᠡ ᠶᠢᠨ ᠤᠷᠢᠶᠠᠯᠠᠭ᠎ᠠ ᠮᠥᠨ ᠭᠡᠳᠡᠭ ᠢ ᠲᠡᠦᠬᠡ ᠪᠠ ᠪᠣᠳᠠᠲᠤ ᠠᠬᠤᠢ ᠭᠦᠢᠴᠡᠳ ᠭᠡᠷᠡᠴᠢᠯᠡᠪᠡ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ | ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠣᠯᠣᠨ᠎ᠠ᠃ 80 ᠵᠢᠯ ᠤᠨ ᠡᠮᠦᠨ᠎ᠡ᠂ ᠳᠤᠮᠳᠠᠳᠤ ᠤᠷᠤᠰ ᠬᠤᠶᠠᠷ | ᠤᠯᠤᠰ ᠤᠨ ᠠᠷᠠᠳ ᠲᠦᠮᠡᠨ ᠯᠤᠲᠤ ᠶᠡᠭᠡ ᠦᠷᠡᠭᠳᠡᠯ ᠭᠠᠷᠭᠠᠵᠤ᠂ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ | ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ ᠬᠠᠮᠠᠭᠠᠯᠠᠬᠤ ᠳᠤ | ᠲᠡᠦᠬᠡᠨ ᠬᠠᠭᠤᠳᠠᠰᠤᠨ ᠳᠤ ᠲᠡᠮᠳᠡᠭᠯᠡᠭᠳᠡᠬᠦ ᠲᠡᠦᠬᠡᠲᠦ ᠬᠤᠪᠢ ᠨᠡᠮᠡᠷᠢ ᠦᠵᠡᠭᠦᠯᠪᠡ᠃ ᠣᠳᠣᠬᠠᠨ ᠤ ᠳᠡᠯᠡᠬᠡᠢ | ᠳᠡᠭᠡᠷᠡᠬᠢ ᠭᠠᠭᠴᠠ ᠲᠠᠯᠠᠲᠤ ᠦᠵᠡᠯ ᠤᠨ ᠰᠥᠷᠭᠡᠦ ᠤᠷᠤᠰᠬᠠᠯ ᠪᠣᠯᠣᠨ ᠬᠦᠴᠦᠷᠬᠡᠭᠯᠡᠯ ᠡᠵᠡᠷᠬᠡᠭ ᠠᠵᠢᠯᠯᠠᠭ᠎ᠠ ᠶᠢᠨ | ᠡᠮᠦᠨ᠎ᠡ ᠳᠤᠮᠳᠠᠳᠤ ᠤᠯᠤᠰ ᠤᠷᠤᠰ ᠤᠨ ᠬᠢᠨ ᠯᠤᠭ᠎ᠠ ᠬᠠᠮᠲᠤ ᠪᠠᠷ ᠳᠡᠯᠡᠬᠡᠢ ᠶᠢᠨ ᠲᠣᠮᠣ ᠤᠯᠤᠰ ᠪᠣᠯᠣᠨ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠭᠢᠯᠡᠭᠴᠢ | ᠤᠯᠤᠰ ᠪᠤᠯᠬᠤ ᠣᠨᠴᠠᠭᠠᠢ ᠬᠠᠷᠢᠭᠤᠴᠠᠯᠭ᠎ᠠ ᠶᠢ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠲᠤᠬᠠᠢ ᠵᠥᠪ ᠲᠡᠦᠬᠡ ᠶᠢᠨ ᠦᠵᠡᠯᠲᠡ ᠶᠢ ᠬᠠᠮᠲᠤ ᠪᠠᠷ ᠪᠠᠳᠠᠷᠠᠭᠤᠯᠵᠤ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠣᠯᠣᠨ ᠪᠠᠶᠢᠷᠢ ᠰᠠᠭᠤᠷᠢ ᠶᠢ ᠬᠠᠮᠠᠭᠠᠯᠠᠵᠤ᠂ | ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠡᠷᠡᠰ ᠬᠠᠮᠠᠭᠠᠯᠠᠵᠤ᠂ ᠳᠤᠮᠳᠠᠳᠤ | ᠤᠷᠤᠰ ᠬᠤᠶᠠᠷ ᠤᠯᠤᠰ ᠵᠢᠴᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠡᠷᠬᠡ ᠠᠰᠢᠭ ᠢ ᠡᠷᠡᠰ | ᠬᠠᠮᠠᠭᠠᠯᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠭᠠᠷ ᠬᠤᠯᠪᠣᠨ ᠠᠬᠢᠭᠤᠯᠤᠨ᠎ᠠ ᠭᠡᠵᠦ ᠴᠢᠬᠤᠯᠠᠴᠢᠯᠠᠪᠠ᠃ | ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠤ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠰᠢ ᠶᠢᠨ ᠫᠢᠩ᠂ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠶᠡᠭᠡ ᠴᠢᠭᠯᠡᠯ ᠢ | ᠪᠠᠷᠢᠮᠲᠠᠯᠠᠵᠤ᠂ ᠭᠠᠳᠠᠭᠠᠳᠤ ᠣᠷᠴᠢᠨ ᠤ ᠬᠠᠷᠰᠢᠯᠠᠯ ᠢ ᠠᠷᠢᠯᠭᠠᠵᠤ᠂ ᠬᠠᠮᠲᠤᠷᠠᠯᠴᠠᠭᠠᠨ ᠤ ︽ᠲᠣᠭᠲᠠᠭᠤᠨ︾ ᠤ | ᠰᠠᠭᠤᠷᠢ ᠶᠢ ᠨᠡᠩ ᠪᠠᠬᠢᠵᠢᠭᠦᠯᠵᠦ᠂ ︽ᠤᠷᠤᠭᠰᠢᠯᠠᠬᠤ︾ ᠬᠥᠳᠡᠯᠭᠡᠬᠦ ᠡᠨᠧᠷᠭᠢ ᠶᠢ ᠨᠡᠩ ᠭᠦᠢᠴᠡᠳ ᠪᠣᠯᠭᠠᠶ᠎ᠠ᠃ | ᠬᠤᠶᠠᠷ ᠤᠯᠤᠰ ᠤᠨ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠢᠰᠲ᠋ᠧᠮ ᠤᠨ ᠬᠠᠷᠢᠯᠴᠠᠨ | ᠨᠥᠬᠦᠪᠦᠷᠢᠯᠡᠬᠦ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠠᠬᠤᠢ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ᠂ | ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠴᠢᠨᠠᠷ ᠰᠠᠶᠢᠲᠠᠢ | ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠭᠡᠶ᠎ᠡ︔ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠪᠠ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢ ᠵᠣᠯᠭᠠᠭᠤᠯᠬᠤ ᠪᠠᠷ | ᠲᠠᠪᠴᠠᠩ ᠪᠤᠯᠭᠠᠵᠤ᠂ ᠥᠨᠳᠥᠷ ᠪᠠᠷᠢᠮᠵᠢᠶᠠᠲᠤ ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ ᠪᠠᠶᠢᠭᠤᠯᠤᠶ᠎ᠠ︔ ︽ | ᠳᠤᠮᠳᠠᠳᠤ ᠣᠷᠣᠰ ᠤᠨ ᠰᠣᠶᠣᠯ ᠤᠨ ᠣᠨ︾ ᠤ ᠳᠠᠯᠳᠠ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠰᠤᠷᠭᠠᠨ | ᠬᠥᠮᠦᠵᠢᠯ᠂ ᠺᠢᠨᠣ᠋᠂ ᠵᠢᠭᠤᠯᠴᠢᠯᠠᠯ᠂ ᠪᠡᠶ᠎ᠡ ᠶᠢᠨ ᠲᠠᠮᠢᠷ᠂ ᠣᠷᠣᠨ ᠨᠤᠲᠤᠭ ᠵᠡᠷᠭᠡ ᠶᠢᠨ ᠬᠠᠮᠲᠤᠷᠠᠯᠴᠠᠭ᠎ᠠ ᠶᠢ | ᠴᠢᠩᠭᠠᠳᠬᠠᠵᠤ᠂ ᠭᠦᠨ ᠳᠠᠪᠬᠤᠷᠭ᠎ᠠ ᠶᠢᠨ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠭᠢᠭᠤᠯᠤᠶ᠎ᠠ︔ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ | ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ | ᠨᠢᠭᠲᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠯᠤᠭ᠎ᠠ ᠪᠦᠯᠬᠦᠮᠳᠡᠵᠦ᠂ ᠵᠢᠩᠬᠢᠨᠢ | ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠵᠥᠪ | ᠴᠢᠭᠯᠡᠯ ᠢᠶᠠᠷ ᠬᠥᠲᠥᠯᠥᠨ ᠳᠠᠭᠠᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ | ᠢᠯᠠᠨ ᠳᠠᠪᠠᠭ᠋ᠤ ᠢᠲᠡᠭᠡᠯ ᠵᠣᠷᠢᠭ ᠪᠢᠳᠡᠨ ᠳᠤ ᠪᠤᠢ᠃ ᠭᠠᠳᠠᠭᠠᠳᠤ ᠣᠷᠴᠢᠨ ᠶᠠᠭᠠᠬᠢᠵᠤ ᠬᠤᠪᠢᠷᠠᠭᠰᠠᠨ ᠴᠤ ᠳᠤᠮᠳᠠᠳᠤ | ᠤᠯᠤᠰ ᠴᠥᠮ ᠥᠪᠡᠷ ᠤᠨ ᠶᠠᠪᠤᠳᠠᠯ ᠢᠶᠠᠨ ᠡᠷᠡᠰ ᠪᠠᠲᠤ ᠰᠠᠶᠢᠲᠤᠷ ᠬᠢᠨ᠎ᠡ᠃ ᠳᠤᠮᠳᠠᠳᠤ ᠤᠯᠤᠰ ᠳᠤᠷᠠᠲᠠᠶ᠎ᠠ | ᠣᠷᠣᠰ ᠤᠨ ᠬᠢᠨ ᠲᠠᠢ ᠬᠠᠮᠲᠤ ᠪᠠᠷ ᠴᠠᠭ ᠦᠶ᠎ᠡ ᠠᠴᠠ ᠣᠯᠭᠤᠭᠰᠠᠨ ᠣᠨᠴᠠᠭᠠᠶ ᠬᠠᠷᠢᠭᠤᠴᠠᠯᠭ᠎ᠠ ᠶᠢ ᠡᠭᠦᠷᠭᠡᠯᠡᠵᠦ᠂ | ᠪᠦᠭᠦ ᠪᠥᠮᠪᠥᠷᠴᠡᠭ ᠤᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠬᠤᠶᠠᠷ | ᠤᠯᠤᠰ ᠤᠨ ᠬᠥᠭᠵᠢᠯ ᠮᠠᠨᠳᠤᠯ ᠢ ᠠᠬᠢᠭᠤᠯᠬᠤ᠂ ᠳᠡᠯᠡᠬᠡᠢ ᠶᠢᠨ ᠲᠥᠪ ᠭᠤᠤᠯᠴᠢ ᠰᠢᠳᠤᠷᠭᠤ ᠶᠣᠰᠣ ᠶᠢ | ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃ | ᠫᠦᠲ᠋ᠢᠨ᠂ ᠲᠡᠷᠢᠭᠦᠯᠡᠭᠴᠢ ᠰᠢ ᠶᠢᠨ ᠫᠢᠩ ᠤᠨ ᠤᠷᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ | ᠬᠠᠮᠲᠤ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ | ᠠᠵᠢᠯᠯᠠᠭ᠎ᠠ ᠳᠤ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠡᠨᠡ ᠤᠳᠠᠭ᠎ᠠ ᠶᠢᠨ ᠠᠶᠢᠯᠴᠢᠯᠠᠯᠲᠠ ᠴᠢᠬᠤᠯᠠ | ᠶᠡᠭᠡ ᠠᠴᠢ ᠬᠤᠯᠪᠣᠭᠳᠠᠯ ᠲᠠᠢ᠂ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ | ᠪᠦᠲᠦᠭᠡᠯ ᠢ ᠬᠠᠮᠲᠤ ᠪᠠᠷ ᠬᠠᠮᠠᠭᠠᠯᠠᠬᠤ ᠪᠣᠯᠣᠨ᠎ᠠ ᠭᠡᠵᠦ ᠢᠯᠡᠳᠬᠡᠪᠡ᠃ | ᠫᠦᠲ᠋ᠢᠨ᠂ ᠤᠷᠤᠰ ᠳᠤᠮᠳᠠᠳᠤ ᠶᠢᠨ ᠬᠠᠷᠢᠯᠴᠠᠭ᠎ᠠ ᠬᠠᠷᠢᠯᠴᠠᠨ ᠡᠷᠬᠡ ᠲᠡᠭᠰᠢ᠂ ᠬᠠᠷᠢᠯᠴᠠᠨ ᠬᠦᠨᠳᠦᠳᠬᠡᠬᠦ | ᠰᠠᠭᠤᠷᠢᠨ ᠳᠡᠭᠡᠷ᠎ᠡ ᠪᠠᠶᠢᠭᠤᠯᠤᠭᠳᠠᠵᠤ᠂ ᠭᠤᠷᠪᠠᠳᠠᠭᠴᠢ ᠡᠲᠡᠭᠡᠳ ᠲᠤ ᠴᠢᠭᠯᠡᠭᠦᠯᠬᠦ ᠦᠭᠡᠢ᠂ ᠨᠢᠭᠡᠨ ᠴᠠᠭ ᠨᠢᠭᠡᠨ | ᠬᠡᠷᠡᠭ ᠶᠠᠪᠤᠳᠠᠯ ᠳᠤ ᠨᠥᠯᠥᠭᠡᠯᠡᠭᠳᠡᠬᠦ ᠦᠭᠡᠢ᠃ ᠤᠷᠤᠰ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠡᠷᠡᠰ | ᠭᠤᠶᠢᠪᠢᠰᠢ ᠦᠭᠡᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠬᠦ ᠪᠣᠯ ᠤᠷᠤᠰ ᠤᠨ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠃ ᠤᠷᠤᠰ ᠤᠨ ᠬᠢᠨ ᠨᠢᠭᠡ ᠳᠤᠮᠳᠠᠳᠤ ᠤᠯᠤᠰ | ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠲᠠᠶᠢᠸᠠᠨ ᠤ ᠠᠰᠠᠭᠤᠳᠠᠯ ᠳᠡᠭᠡᠷ᠎ᠡ ᠢᠮᠠᠭᠲᠠ ᠳᠤᠮᠳᠠᠳᠤ ᠶᠢᠨ ᠲᠠᠯ᠎ᠠ ᠶᠢᠨ | ᠵᠣᠭᠰᠣᠯᠲᠠ ᠶᠢ ᠳᠡᠮᠵᠢᠨ᠎ᠠ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ | ᠨᠢᠭᠲᠠ ᠶᠠᠪᠤᠯᠴᠠᠭ᠎ᠠ ᠪᠠᠨ ᠪᠠᠲᠤᠯᠠᠵᠤ᠂ ᠠᠷᠠᠯᠵᠢᠶ᠎ᠠ᠂ ᠪᠡᠯᠡ ᠣᠷᠣᠭᠤᠯᠤᠯᠲᠠ᠂ ᠡᠨᠧᠷᠭᠢ᠂ ᠬᠥᠳᠡᠭᠡ ᠠᠵᠤ ᠠᠬᠤᠢ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠠᠯᠠᠭᠤᠴᠤᠳ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠠᠯᠤᠰ ᠳᠣᠷᠣᠨᠠᠲᠤ ᠶᠢᠨ ᠭᠠᠵᠠᠷ ᠣᠷᠣᠨ ᠤ ᠬᠠᠮᠲᠤᠷᠠᠯᠴᠠᠭᠠᠨ ᠤ | ᠠᠭᠤᠯᠬᠤᠨ ᠢ ᠥᠷᠭᠡᠳᠬᠡᠨ᠎ᠡ᠃ ᠥᠨᠳᠥᠷ ᠪᠣᠭᠤᠮᠲᠠ ᠶᠢᠨ ᠭᠠᠶᠢᠯᠢ ᠶᠢ ᠨᠡᠮᠡᠵᠦ ᠲᠠᠲᠠᠪᠤᠷᠢᠯᠠᠬᠤ ᠨᠢ ᠬᠡᠪ ᠤᠨ ᠵᠦᠢ | ᠶᠣᠰᠣ ᠠᠴᠠ ᠵᠥᠷᠢᠴᠡᠭᠰᠡᠨ ᠪᠥᠭᠡᠳ ᠬᠠᠤᠯᠢ ᠳᠤ ᠨᠡᠶᠢᠴᠡᠬᠦ ᠦᠭᠡᠢ᠂ ᠭᠡᠳᠡᠷᠭᠦ ᠳᠡᠭᠡᠨ ᠥᠪᠡᠷ ᠢ ᠪᠠᠨ ᠬᠤᠬᠢᠷᠠᠭᠤᠯᠬᠤ | ᠶᠠᠪᠤᠳᠠᠯ ᠪᠣᠯᠣᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠪᠣᠷᠣ | ᠲᠥᠯᠥᠪ ᠤᠨ ᠳᠣᠲᠣᠷᠠᠬᠢ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠤᠯᠠᠨ | ᠲᠦᠢᠯᠵᠢᠯᠲᠠ ᠶᠢᠨ ᠠᠬᠢᠴᠠ ᠶᠢ ᠳᠡᠮᠵᠢᠵᠦ᠂ ᠭᠠᠭᠴᠠ ᠲᠠᠯᠠᠲᠤ ᠦᠵᠡᠯ ᠢ ᠬᠠᠮᠲᠤ ᠪᠠᠷ ᠡᠰᠡᠷᠭᠦᠴᠡᠵᠦ᠂ | ᠳᠤᠷ᠎ᠠ ᠪᠠᠷ ᠢᠶᠠᠨ ᠵᠠᠯᠬᠠᠭᠠᠯ ᠶᠠᠪᠤᠭᠤᠯᠬᠤ ᠶᠢ ᠡᠰᠡᠷᠭᠦᠴᠡᠵᠦ᠂ ᠪᠦᠯᠦᠭᠯᠡᠯ ᠤᠨ ᠡᠰᠡᠷᠭᠦᠴᠡᠯᠳᠦᠯ ᠢ ᠡᠰᠡᠷᠭᠦᠴᠡᠵᠦ᠂ | ᠳᠡᠯᠡᠬᠡᠢ ᠨᠡᠶᠢᠲᠡ ᠶᠢᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ ᠭᠡᠵᠦ ᠢᠯᠡᠳᠬᠡᠪᠡ᠃ | ᠫᠦᠲ᠋ᠢᠨ᠂ ᠤᠷᠤᠰ ᠳᠤᠮᠳᠠᠳᠤ ᠬᠤᠶᠠᠷ ᠤᠯᠤᠰ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠳᠤᠮᠳᠠ ᠴᠥᠮ | ᠯᠤᠲᠤ ᠶᠡᠭᠡ ᠦᠷᠡᠭᠳᠡᠯ ᠭᠠᠷᠭᠠᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠶᠠᠫᠤᠨ ᠢ ᠡᠰᠡᠷᠭᠦᠴᠡᠬᠦ | ᠲᠠᠶᠢᠨ ᠤ ᠠᠭᠤᠤ ᠶᠡᠭᠡ ᠢᠯᠠᠯᠲᠠ ᠶᠢ ᠣᠯᠵᠤ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢ ᠣᠯᠬᠤ ᠳᠤ | ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠤᠷᠤᠰ ᠳᠤᠮᠳᠠᠳᠤ ᠬᠤᠶᠠᠷ ᠤᠯᠤᠰ ᠳᠠᠶᠢᠨ ᠤ ᠭᠠᠯ ᠳᠦᠷᠡᠯᠵᠡᠭᠰᠡᠨ | ᠪᠡᠷᠬᠡ ᠬᠠᠲᠠᠭᠤᠵᠢᠯᠲᠠᠢ ᠣᠨ ᠰᠠᠷ᠎ᠠ ᠳᠤ ᠬᠠᠷᠢᠯᠴᠠᠨ ᠳᠡᠮᠵᠢᠵᠦ᠂ ᠭᠦᠨ ᠵᠤᠵᠠᠭᠠᠨ ᠨᠥᠬᠦᠷᠯᠡᠯ ᠢ ᠪᠠᠶᠢᠭᠤᠯᠵᠤ᠂ | ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠬᠤᠶᠠᠷ | ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠣᠯᠣᠨ ᠤᠯᠠᠨ ᠤᠯᠤᠰ ᠤᠨ ᠬᠠᠤᠯᠢ ᠶᠢᠨ ᠡᠷᠬᠡ | ᠰᠦᠷ ᠢ ᠬᠠᠮᠠᠭᠠᠯᠠᠵᠤ᠂ ᠳᠡᠯᠡᠬᠡᠢ ᠶᠢᠨ ᠬᠤᠶᠠᠳᠤᠭᠠᠷ ᠲᠠᠶᠢᠨ ᠤ ᠲᠤᠬᠠᠢ ᠵᠥᠪ ᠲᠡᠦᠬᠡ ᠶᠢᠨ ᠲᠣᠭᠠᠴᠢᠯᠲᠠ ᠶᠢ | ᠬᠠᠮᠠᠭᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠤᠶᠠᠷ ᠤᠯᠤᠰ ᠪᠣᠯᠣᠨ | ᠳᠡᠯᠡᠬᠡᠢ ᠶᠢᠨ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠪᠣᠯᠣᠨ ᠤᠷᠤᠰ ᠤᠨ ᠬᠤᠯᠪᠣᠭᠠᠨ ᠤ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ | ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ | ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ | ᠲᠠᠰᠢᠷᠠᠮ ᠳᠤ ᠳᠤᠮᠳᠠᠳᠤ ᠤᠷᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ | ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠪᠠ᠃ | ᠬᠤᠶᠠᠷ ᠤᠯᠤᠰ ᠤᠨ ᠲᠡᠷᠢᠭᠦᠨ ᠳᠤᠮᠳᠠᠳᠤ ᠤᠷᠤᠰ ᠬᠤᠶᠠᠷ ᠲᠠᠯ᠎ᠠ ᠶᠢᠨ 20 ᠭᠠᠷᠤᠢ ᠬᠤᠪᠢ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠪᠢᠴᠢᠭ ᠰᠣᠯᠢᠯᠴᠠᠬᠤ ᠶᠢ ᠬᠠᠮᠲᠤ ᠪᠠᠷ ᠭᠡᠷᠡᠴᠢᠯᠡᠵᠦ᠂ ᠪᠦᠭᠦ ᠪᠥᠮᠪᠥᠷᠴᠡᠭ ᠤᠨ ᠪᠠᠶᠢᠯᠳᠤᠬᠤ | ᠪᠣᠳᠣᠯᠭ᠎ᠠ ᠶᠢᠨ ᠲᠣᠭᠲᠠᠭᠤᠨ᠂ ᠤᠯᠠᠨ ᠤᠯᠤᠰ ᠤᠨ ᠬᠠᠤᠯᠢ ᠶᠢᠨ ᠡᠷᠬᠡ ᠰᠦᠷ ᠢ ᠬᠠᠮᠠᠭᠠᠯᠠᠬᠤ᠂ ᠠᠮᠢᠳᠤ ᠪᠣᠳᠠᠰ ᠤᠨ | ᠠᠮᠤᠷ ᠲᠦᠪᠰᠢᠨ᠂ ᠪᠡᠯᠡ ᠣᠷᠣᠭᠤᠯᠤᠯᠲᠠ ᠶᠢᠨ ᠬᠠᠮᠠᠭᠠᠯᠠᠯᠲᠠ᠂ ᠲᠣᠭᠠᠴᠢᠯᠠᠭᠰᠠᠨ ᠠᠵᠤ ᠠᠬᠤᠢ᠂ ᠬᠢᠵᠢᠭ ᠢ | ᠰᠢᠯᠭᠠᠨ ᠪᠠᠶᠢᠴᠠᠭᠠᠬᠤ᠂ ᠺᠢᠨᠣ᠋ ᠶᠢᠨ ᠦᠢᠯᠡᠰ ᠤᠨ ᠬᠠᠮᠲᠤᠷᠠᠯᠴᠠᠭ᠎ᠠ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ | ᠬᠤᠶᠠᠷ ᠲᠠᠯ᠎ᠠ ᠪᠠᠷ ᠢᠶᠠᠨ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠣᠰᠣᠭᠠᠷ ᠣᠯᠣᠯᠴᠠᠭ᠎ᠠ ᠵᠣᠯᠭᠠᠯᠴᠠᠭ᠎ᠠ ᠪᠠᠨ | ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠨᠡᠩ ᠤᠯᠠᠨ ᠪᠣᠳᠠᠲᠤ ᠦᠷ᠎ᠡ | ᠪᠦᠲᠦᠮᠵᠢ ᠣᠯᠬᠤ ᠶᠢ ᠳᠠᠭᠠᠭᠠᠯᠭᠠᠪᠠ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠰᠤᠷᠪᠤᠯᠵᠢᠯᠠᠬᠴᠢᠳ ᠲᠠᠢ ᠠᠭᠤᠯᠵᠠᠪᠠ᠃ | ᠲᠤᠰ ᠡᠳᠦᠷ ᠤᠨ ᠦᠳᠡ ᠳᠤ ᠫᠦᠲ᠋ᠢᠨ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ |