ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ | ᠴᠠᠭ ᠢᠶᠠᠷ 5 ᠰᠠᠷ᠎ᠠ ᠶᠢᠨ 8 ᠤ ᠦᠳᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠷᠤᠰ ᠤᠨ | ᠶᠡᠷᠦᠩᠬᠡᠶᠢᠯᠡᠭᠴᠢ ᠫᠦᠲ᠋ᠢᠨ ᠲᠠᠢ ᠮᠣᠰᠺᠸᠠ ᠶᠢᠨ ᠺᠷᠧᠮᠯᠢ ᠣᠷᠳᠣᠨ ᠳᠤ ᠬᠡᠯᠡᠯᠴᠡᠭᠡ ᠬᠢᠭᠰᠡᠨ ᠤ ᠳᠠᠷᠠᠭ᠎ᠠ ᠬᠠᠮᠲᠤ ᠪᠠᠷ | ᠰᠤᠷᠪᠤᠯᠵᠢᠯᠠᠬᠴᠢᠳ ᠲᠠᠢ ᠠᠭᠤᠯᠵᠠᠪᠠ᠃ | ᠰᠢ ᠶᠢᠨ ᠫᠢᠩ᠂ ᠪᠢ ᠰᠠᠶ᠋ᠢᠬᠠᠨ ᠶᠡᠷᠦᠩᠬᠡᠶᠢᠯᠡᠭᠴᠢ ᠫᠦᠲ᠋ᠢᠨ ᠲᠠᠢ ᠭᠦᠨᠵᠡᠭᠡᠢ ᠨᠥᠭᠦᠷᠰᠡᠭ᠂ ᠪᠠᠶᠠᠯᠢᠭ ᠦᠷ᠎ᠡ | ᠪᠦᠲᠦᠭᠡᠯ ᠲᠠᠢ ᠬᠡᠯᠡᠯᠴᠡᠭᠡ ᠬᠢᠵᠦ᠂ ᠮᠠᠰᠢ ᠤᠯᠠᠨ ᠰᠢᠨ᠎ᠡ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠪᠢᠳᠡ | ᠬᠠᠮᠲᠤ ᠪᠠᠷ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠤᠷᠤᠰ ᠤᠨ ᠬᠤᠯᠪᠣᠭᠠᠨ ᠤ ᠳᠤᠮᠳᠠᠳᠤ | ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ᠂ ᠵᠥᠪᠯᠡᠯᠲᠦ ᠶᠢᠨ ᠠᠭᠤᠤ ᠶᠡᠭᠡ ᠤᠯᠤᠰ ᠢᠶᠠᠨ | ᠬᠠᠮᠠᠭᠠᠯᠠᠬᠤ ᠲᠠᠶᠢᠨ ᠤ ᠢᠯᠠᠯᠲᠠ ᠣᠯᠣᠭᠰᠠᠨ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠪᠠᠶᠢᠭᠤᠯᠤᠭᠳᠠᠭᠰᠠᠨ 80 ᠵᠢᠯ ᠤᠨ ᠤᠢ ᠶᠢ ᠳᠤᠷᠠᠰᠬᠠᠬᠤ ᠲᠠᠰᠢᠷᠠᠮ ᠳᠤ ᠳᠤᠮᠳᠠᠳᠤ ᠤᠷᠤᠰ ᠤᠨ ᠰᠢᠨ᠎ᠡ ᠴᠠᠭ | ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠵᠤ᠂ | ᠬᠤᠶᠠᠷ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠠᠨ ᠬᠤᠪᠢ ᠬᠠᠮᠲᠤᠷᠠᠯᠴᠠᠭᠠᠨ ᠤ ᠪᠢᠴᠢᠭ | ᠰᠣᠯᠢᠯᠴᠠᠵᠤ᠂ ᠳᠤᠮᠳᠠᠳᠤ ᠤᠷᠤᠰ ᠤᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ | ᠨᠡᠮᠡᠷᠢᠯᠡᠭᠰᠡᠨ ᠢ ᠭᠡᠷᠡᠴᠢᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠷᠤᠰ ᠪᠣᠯ ᠮᠢᠨᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ | ᠬᠤᠪᠢ ᠪᠠᠷ ᠬᠠᠮᠤᠭ ᠤᠨ ᠤᠯᠠᠨ ᠠᠶᠢᠯᠴᠢᠯᠠᠯᠲᠠ ᠬᠢᠭᠰᠡᠨ ᠤᠯᠤᠰ ᠪᠠᠶᠢᠵᠤ᠂ ᠡᠨᠡ ᠤᠳᠠᠭ᠎ᠠ ᠪᠣᠯ ᠠᠷᠪᠠᠨ ᠨᠢᠭᠡᠳᠦᠭᠡᠷ | ᠤᠳᠠᠭ᠎ᠠ ᠤᠷᠤᠰ ᠲᠤ ᠢᠷᠡᠵᠦ ᠪᠠᠶᠢᠭ᠎ᠠ ᠶᠠᠪᠤᠳᠠᠯ ᠪᠣᠯᠣᠨ᠎ᠠ᠃ ᠮᠠᠷᠭᠠᠰᠢ ᠪᠢ ᠵᠥᠪᠯᠡᠯᠲᠦ ᠶᠢᠨ ᠠᠭᠤᠤ ᠶᠡᠭᠡ | ᠤᠯᠤᠰ ᠢᠶᠠᠨ ᠬᠠᠮᠠᠭᠠᠯᠠᠬᠤ ᠲᠠᠶᠢᠨ ᠢᠯᠠᠯᠲᠠ ᠣᠯᠣᠭᠰᠠᠨ 80 ᠵᠢᠯ ᠤᠨ ᠤᠢ ᠶᠢ ᠳᠤᠷᠠᠰᠬᠠᠬᠤ ᠪᠠᠶᠠᠷ ᠤᠨ | ᠶᠣᠰᠣᠯᠠᠯ ᠳᠤ ᠣᠷᠣᠯᠴᠠᠨ᠎ᠠ᠂ ᠡᠨᠡ ᠨᠢ ᠮᠥᠨ ᠴᠦ ᠪᠢ 10 ᠵᠢᠯ ᠤᠨ ᠲᠠᠷᠠᠭ᠎ᠠ ᠡᠨᠡ ᠬᠦ ᠦᠪᠡᠳᠡᠭᠰᠢ ᠶᠡᠭᠡ | ᠳᠤᠷᠠᠰᠬᠠᠬᠤ ᠠᠵᠢᠯᠯᠠᠭ᠎ᠠ ᠳᠤ ᠳᠠᠬᠢᠨᠲᠠ ᠣᠷᠤᠯᠴᠠᠬᠤ ᠶᠠᠪᠤᠳᠠᠯ ᠪᠣᠯᠣᠨ᠎ᠠ᠃ ᠥᠩᠭᠡᠷᠡᠭᠰᠡᠨ 10 ᠵᠢᠯ ᠪᠣᠯ | ᠳᠡᠯᠡᠬᠡᠢ ᠶᠢᠨ ᠪᠠᠶᠢᠳᠠᠯ ᠳᠤ ᠶᠡᠭᠡ ᠦᠢᠮᠡᠭᠡᠨ ᠶᠡᠭᠡ ᠬᠤᠪᠢᠰᠤᠯᠲᠠ ᠭᠠᠷᠤᠭᠰᠠᠨ 10 ᠵᠢᠯ ᠮᠥᠨ᠂ ᠪᠠᠰᠠ ᠴᠤ | ᠳᠤᠮᠳᠠᠳᠤ ᠤᠷᠤᠰ ᠤᠨ ᠬᠠᠷᠢᠯᠴᠠᠭᠠᠨ ᠤ ᠶᠡᠭᠡ ᠬᠥᠭᠵᠢᠯᠲᠡ ᠶᠡᠭᠡ ᠳᠠᠪᠠᠯᠲᠠ ᠲᠠᠢ ᠪᠣᠯᠤᠭᠰᠠᠨ 10 ᠵᠢᠯ ᠮᠥᠨ᠃ | ᠪᠢᠳᠡ ᠳᠤᠮᠳᠠᠳᠤ ᠣᠷᠣᠰ ᠬᠤᠶᠠᠷ ᠤᠯᠤᠰ ᠤᠨ ᠤᠯᠤᠰ ᠲᠥᠷᠥ ᠶᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠨ | ᠭᠦᠨᠵᠡᠭᠡᠶᠢᠷᠡᠬᠦ ᠶᠢ ᠬᠠᠮᠲᠤ ᠪᠠᠷ ᠭᠡᠷᠡᠴᠢᠯᠡᠵᠦ᠂ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ︽ | ᠡᠳᠦᠷ ᠠᠴᠠ ᠡᠳᠦᠷ ᠥᠭᠡᠳᠡᠯᠡᠨ ᠳᠠᠪᠰᠢᠬᠤ︾ ᠶᠢ ᠭᠡᠷᠡᠴᠢᠯᠡᠪᠡ᠃ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ | ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢᠨ ᠡᠮᠦᠨ᠎ᠡ ᠳᠤᠮᠳᠠᠳᠤ ᠤᠷᠤᠰ ᠬᠤᠶᠠᠷ ᠤᠯᠤᠰ ᠬᠤᠶᠠᠷ ᠲᠠᠯ᠎ᠠ ᠶᠢᠨ | ᠬᠠᠷᠢᠯᠴᠠᠭᠠᠨ ᠤ ᠤᠷᠤᠭᠰᠢᠯᠠᠯᠲᠠ ᠶᠢᠨ ᠴᠢᠭᠯᠡᠯ ᠪᠣᠯᠣᠨ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ | ᠶᠡᠭᠡ ᠬᠠᠨᠳᠤᠰᠢ ᠶᠢ ᠪᠠᠲᠤ ᠡᠵᠡᠮᠳᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠦᠭᠦ ᠲᠠᠯ᠎ᠠ ᠪᠠᠷ | ᠬᠠᠮᠵᠢᠯᠴᠠᠵᠤ᠂ ᠬᠤᠶᠠᠷ ᠤᠯᠤᠰ ᠤᠨ ᠬᠥᠭᠵᠢᠯ ᠮᠠᠨᠳᠤᠯ ᠢ ᠠᠬᠢᠭᠤᠯᠬᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ | ᠶᠣᠰᠣ ᠶᠢ ᠬᠠᠮᠠᠭᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢ ᠪᠠᠷᠢᠮᠲᠠᠯᠠᠵᠤ᠂ ᠳᠠᠪᠲᠠᠭᠳᠠᠨ ᠪᠣᠯᠪᠠᠰᠤᠷᠠᠭᠰᠠᠨ ᠵᠢᠩᠬᠢᠨᠢ | ᠨᠠᠶᠢᠵᠠ ᠪᠣᠯᠣᠨ᠎ᠠ᠃ 80 ᠵᠢᠯ ᠤᠨ ᠡᠮᠦᠨ᠎ᠡ ᠴᠡᠷᠢᠭᠯᠡᠬᠦ ᠦᠵᠡᠯ ᠪᠣᠯᠣᠨ ᠨᠠᠼᠢᠰ ᠦᠵᠡᠯ ᠤᠨ ᠨᠢᠭᠦᠯᠲᠦ ᠰᠠᠪᠠᠷ ᠤᠨ | ᠡᠮᠦᠨ᠎ᠡ ᠳᠤᠮᠳᠠᠳᠤ ᠤᠷᠤᠰ ᠬᠤᠶᠠᠷ ᠤᠯᠤᠰ ᠤᠨ ᠴᠡᠷᠢᠭ ᠠᠷᠠᠳ ᠬᠠᠷᠭᠢᠰ ᠳᠠᠶᠢᠰᠤᠨ ᠢ ᠬᠠᠮᠲᠤ ᠪᠠᠷ ᠬᠤᠷᠣᠰᠤᠨ | ᠡᠰᠡᠷᠭᠦᠴᠡᠵᠦ᠂ ᠮᠥᠷᠥ ᠵᠡᠷᠭᠡᠴᠡᠨ ᠪᠠᠶᠢᠯᠳᠤᠵᠤ᠂ ᠰᠦᠷ ᠳᠠᠯᠠᠶᠢᠴᠠᠲᠠᠢ ᠮᠠᠭᠲᠠᠨ ᠳᠠᠭᠤᠯᠠᠭᠤᠰᠢᠲᠠᠢ ᠲᠡᠦᠬᠡ ᠶᠢᠨ | ᠬᠠᠭᠤᠳᠠᠰᠤ ᠶᠢ ᠪᠢᠴᠢᠭᠯᠡᠭᠰᠡᠨ ᠶᠤᠮ᠃ ᠬᠤᠶᠠᠷ ᠤᠯᠤᠰ ᠤᠨ ᠠᠷᠠᠳ ᠲᠦᠮᠡᠨ ᠤ ᠴᠢᠰᠤ ᠪᠠ ᠭᠠᠯ ᠤᠨ ᠳᠤᠮᠳᠠ | ᠳᠠᠪᠲᠠᠭᠳᠠᠨ ᠪᠦᠷᠢᠯᠳᠦᠭᠰᠡᠨ ᠠᠭᠤᠤ ᠶᠡᠭᠡ ᠨᠥᠬᠦᠷᠯᠡᠯ ᠨᠢ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠥᠨᠳᠥᠷ | ᠲᠦᠪᠰᠢᠨ ᠪᠦᠬᠦᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠳᠤᠮᠳᠠᠳᠤ ᠤᠷᠤᠰ ᠬᠤᠶᠠᠷ | ᠲᠠᠯ᠎ᠠ ᠪᠠᠷ ᠢᠶᠠᠨ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠨᠡᠩ ᠪᠣᠯᠪᠠᠰᠤᠷᠠᠩᠭᠤᠢ ᠪᠠ ᠪᠠᠲᠤ | ᠴᠢᠩᠭ᠎ᠠ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠨ᠎ᠠ᠃ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠠᠷᠢᠯᠴᠠᠨ ᠠᠮᠵᠢᠯᠲᠠ ᠣᠯᠣᠭᠰᠠᠨ | ᠰᠠᠶᠢᠨ ᠬᠠᠨᠢᠲᠠᠨ ᠪᠣᠯᠣᠨ᠎ᠠ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠬᠤᠭᠤᠴᠠᠭᠠᠨ ᠳᠤ ᠬᠦᠴᠢᠷ ᠪᠡᠷᠬᠡᠰᠢᠶᠡᠯ | ᠬᠠᠷᠰᠢ ᠰᠠᠭᠠᠳ ᠢ ᠢᠯᠠᠨ ᠳᠠᠪᠠᠵᠤ ᠬᠠᠷᠢᠯᠴᠠᠨ ᠶᠡᠭᠡ ᠬᠡᠮᠵᠢᠶᠡᠨ ᠤ ᠪᠠᠴᠢᠮ ᠬᠡᠷᠡᠭᠰᠡᠬᠦ ᠡᠳ᠋ ᠪᠣᠳᠠᠰ ᠬᠦᠷᠭᠡᠭᠰᠡᠨ ᠠᠴᠠ | ᠠᠪᠤᠭᠠᠳ ᠡᠳᠦᠭᠡ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ | ᠡᠭᠦᠳᠦᠭᠰᠡᠨ ᠭᠦᠷᠲᠡᠯ᠎ᠡ ᠳᠤᠮᠳᠠᠳᠤ ᠤᠷᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ︽ᠲᠦᠷᠭᠡᠨ ᠤ ᠭᠠᠯᠲᠤ | ᠲᠡᠷᠭᠡ︾ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠲᠦᠢᠯ ᠤᠨ ᠶᠡᠷᠦ ᠪᠤᠰᠤ ᠶᠢᠨ ᠲᠡᠦᠬᠡᠨ ᠶᠠᠪᠤᠴᠠ ᠶᠢ | ᠥᠩᠭᠡᠷᠡᠭᠦᠯᠵᠡᠢ᠃ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠡᠯ᠎ᠡ ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠮᠵᠢᠯᠴᠠᠭᠠᠨ ᠤ ᠪᠣᠳᠠᠰ ᠤᠨ ᠰᠠᠭᠤᠷᠢ ᠶᠢ ᠪᠠᠬᠢᠵᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠲᠠᠰᠤᠷᠠᠯᠲᠠ | ᠦᠭᠡᠢ ᠪᠤᠶᠠᠨ ᠦᠢᠯᠡᠳᠴᠦ᠂ ᠪᠦᠭᠦ ᠪᠥᠮᠪᠥᠷᠴᠡᠭ ᠤᠨ ᠬᠥᠭᠵᠢᠯᠲᠡ ᠳᠤ ᠨᠡᠩ ᠬᠦᠴᠦᠷᠬᠡᠭ ᠶᠡᠭᠡ ᠬᠥᠳᠡᠯᠭᠡᠬᠦ ᠡᠨᠧᠷᠭᠢ | ᠨᠡᠮᠡᠷᠢᠯᠡᠨ᠎ᠡ᠃ | ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ | ᠪᠣᠯᠣᠨ᠎ᠠ᠃ ᠳᠤᠮᠳᠠᠳᠤ ᠤᠯᠤᠰ ᠪᠣᠯᠣᠨ ᠣᠷᠣᠰ ᠬᠤᠶᠠᠳᠤᠭᠠᠷ ᠤᠳᠠᠭᠠᠨ ᠤ ᠳᠡᠯᠡᠬᠡᠢ ᠶᠢᠨ ᠶᠡᠭᠡ ᠳᠠᠶᠢᠨ ᠤ ᠠᠽᠢᠶ᠎ᠠ | ᠲᠢᠪ ᠪᠣᠯᠣᠨ ᠡᠸᠦ᠋ᠷᠦᠫᠡ ᠲᠢᠪ ᠤᠨ ᠭᠤᠣᠯ ᠳᠠᠶᠢᠨ ᠤ ᠲᠠᠯᠠᠪᠤᠷ ᠪᠣᠯᠤᠭᠰᠠᠨ ᠤ ᠬᠤᠪᠢ ᠳᠤ ᠳᠡᠯᠡᠬᠡᠢ ᠶᠢᠨ ᠹᠠᠱᠢᠰ ᠢ | ᠡᠰᠡᠷᠭᠦᠴᠡᠬᠦ ᠳᠠᠶᠢᠨ ᠤ ᠢᠯᠠᠯᠲᠠ ᠶᠢ ᠣᠯᠬᠤ ᠳᠤ ᠰᠢᠢᠳᠪᠦᠷᠢᠲᠦ ᠴᠢᠨᠠᠷᠲᠠᠢ ᠬᠤᠪᠢ ᠨᠡᠮᠡᠷᠢ ᠦᠵᠡᠭᠦᠯᠦᠭᠰᠡᠨ ᠪᠥᠭᠡᠳ | ᠳᠠᠶᠢᠨ ᠤ ᠳᠠᠷᠠᠭᠠᠬᠢ ᠣᠯᠠᠨ ᠤᠯᠤᠰ ᠤᠨ ᠡᠮᠬᠢ ᠳᠢᠭᠯᠢᠮ ᠤᠨ ᠪᠠᠶᠢᠭᠤᠯᠤᠭᠳᠠᠬᠤ ᠰᠠᠭᠤᠷᠢ ᠶᠢ ᠲᠠᠯᠪᠢᠭᠰᠠᠨ ᠪᠠᠶᠢᠨ᠎ᠠ᠃ | ᠳᠡᠯᠡᠬᠡᠢ ᠨᠡᠶᠢᠭᠡᠮ ᠤᠨ ᠲᠣᠭᠲᠠᠭᠤᠨ᠂ ᠢᠳᠡᠪᠬᠢᠲᠡᠢ᠂ ᠳᠠᠪᠰᠢᠩᠭᠤᠢ ᠬᠦᠴᠦᠨ ᠪᠣᠯᠤᠭᠰᠠᠨ ᠤ ᠬᠤᠪᠢ ᠳᠤ ᠳᠤᠮᠳᠠᠳᠤ | ᠤᠷᠤᠰ ᠬᠤᠶᠠᠷ ᠤᠯᠤᠰ ᠦᠷᠭᠦᠯᠵᠢᠯᠡᠨ ᠡᠷᠡᠰ ᠪᠠᠲᠤ ᠪᠠᠷ ᠬᠠᠮᠲᠤ ᠵᠣᠭᠰᠣᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ | ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠵᠢᠷᠤᠮ ᠲᠠᠢ | ᠳᠡᠯᠡᠬᠡᠢ ᠶᠢᠨ ᠤᠯᠠᠨ ᠲᠦᠢᠯᠵᠢᠯᠳᠡ ᠶᠢ ᠦᠷᠭᠦᠯᠵᠢᠯᠡᠨ ᠠᠬᠢᠭᠤᠯᠤᠨ᠎ᠠ᠃ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ | ᠳᠠᠭᠠᠭᠤᠯᠤᠭᠴᠢ ᠪᠣᠯᠣᠨ᠎ᠠ᠃ ᠳᠡᠯᠡᠬᠡᠢ ᠶᠢᠨ ᠢᠷᠡᠭᠡᠳᠦᠢ ᠬᠤᠪᠢ ᠵᠠᠶᠠᠭ᠎ᠠ ᠶᠢ ᠡᠯ᠎ᠡ ᠤᠯᠤᠰ ᠬᠠᠮᠲᠤ ᠪᠠᠷ ᠡᠵᠡᠮᠰᠢᠪᠡᠯ | ᠵᠣᠬᠢᠨ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠤᠯᠤᠰ ᠬᠠᠮᠲᠤ ᠪᠠᠷ ᠡᠳ᠋ᠯᠡᠪᠡᠯ | ᠵᠣᠬᠢᠨ᠎ᠠ᠃ ᠳᠤᠮᠳᠠᠳᠤ ᠤᠷᠤᠰ ᠴᠥᠮ ᠳᠡᠯᠡᠬᠡᠢ ᠶᠢᠨ ᠲᠣᠮᠣ ᠤᠯᠤᠰ ᠪᠠ ᠴᠢᠬᠤᠯᠠ ᠰᠢᠨ᠎ᠡ ᠪᠠᠷ ᠮᠠᠨᠳᠤᠭᠰᠠᠨ ᠵᠠᠬ᠎ᠠ | ᠳᠡᠯᠭᠡᠭᠦᠷ ᠤᠨ ᠤᠯᠤᠰ ᠪᠣᠯᠬᠤᠷ ᠴᠥᠮ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ | ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ | ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ | ᠲᠠᠪᠴᠠᠩ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠪᠠᠲᠤ ᠰᠠᠬᠢᠵᠤ᠂ ᠪᠦᠭᠦ | ᠪᠥᠮᠪᠥᠷᠴᠡᠭ ᠤᠨ ᠵᠠᠰᠠᠯᠲᠠ ᠶᠢ ᠵᠥᠪ ᠴᠢᠭᠯᠡᠯ ᠢᠶᠠᠷ ᠬᠥᠲᠥᠯᠥᠨ ᠳᠠᠭᠠᠭᠤᠯᠵᠤ᠂ ᠲᠦᠭᠡᠮᠡᠯ ᠬᠠᠷᠠᠭᠠᠯᠵᠠᠯᠲᠤ | ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠷᠪᠠᠭᠠᠨ ᠬᠥᠷᠪᠡᠭᠡᠨ ᠬᠤᠪᠢᠷᠠᠯᠲᠠ ᠰᠤᠯᠪᠢᠴᠠᠨ ᠣᠷᠣᠰᠢᠭᠰᠠᠨ ᠳᠡᠯᠡᠬᠡᠢ ᠶᠢᠨ ᠪᠠᠶᠢᠳᠠᠯ ᠤᠨ | ᠡᠮᠦᠨ᠎ᠡ ᠳᠤᠮᠳᠠᠳᠤ ᠤᠷᠤᠰ ᠬᠤᠶᠠᠷ ᠤᠯᠤᠰ ᠥᠨᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠵᠤ ᠬᠠᠮᠲᠤ ᠪᠠᠷ | ᠠᠰᠢᠭ ᠭᠦᠷᠳᠡᠭᠦ ᠵᠣᠷᠢᠭ ᠰᠠᠨᠠᠭ᠎ᠠ ᠶᠢ ᠡᠷᠡᠰ ᠪᠠᠷᠢᠮᠲᠠᠯᠠᠵᠤ᠂ ᠰᠠᠯᠬᠢ ᠪᠣᠷᠣᠭᠠᠨ ᠢ ᠬᠠᠮᠲᠤ ᠪᠠᠷ ᠥᠩᠭᠡᠷᠡᠭᠦᠯᠵᠦ᠂ | ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠳᠤᠮᠳᠠᠳᠤ ᠤᠷᠤᠰ ᠤᠨ ᠬᠠᠷᠢᠯᠴᠠᠭᠠᠨ ᠤ ᠥᠨᠳᠥᠷᠴᠡ᠂ | ᠥᠷᠭᠡᠴᠡ᠂ ᠤᠶᠠᠨ ᠬᠠᠳᠠᠨ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ | ᠠᠮᠤᠷ ᠲᠦᠪᠰᠢᠨ ᠳᠤ ᠨᠡᠩ ᠤᠯᠠᠨ ᠲᠣᠭᠲᠠᠭᠤᠨ ᠴᠢᠨᠠᠷ ᠨᠡᠮᠡᠷᠢᠯᠡᠵᠦ᠂ ᠪᠦᠭᠦ ᠪᠥᠮᠪᠥᠷᠴᠡᠭ ᠤᠨ ᠬᠥᠭᠵᠢᠯ | ᠴᠡᠴᠡᠭᠯᠡᠯ ᠳᠤ ᠨᠡᠩ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ ᠭᠡᠵᠦ ᠴᠢᠬᠤᠯᠠᠴᠢᠯᠠᠪᠠ᠃ | ᠼᠠᠢ ᠴᠢ᠂ ᠸᠠᠩ ᠢ ᠨᠠᠷ ᠣᠷᠣᠯᠴᠠᠵᠠᠢ᠃ |