ᠥᠪᠥᠷ ᠮᠣᠩᠭᠤᠯ ᠤᠨ 12 ᠠᠶᠢᠮᠠᠭ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2025/6/3
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 5 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ᠂ ᠪᠦᠬᠦ ᠣᠷᠣᠨ ᠤ 12 ᠠᠶᠢᠮᠠᠭ ᠬᠤᠲᠠ ᠶᠢᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠪᠦᠬᠦᠨ ᠢ ᠨᠡᠶᠢᠭᠡᠮ ᠳᠤ ᠢᠯᠡ ᠨᠡᠶᠢᠲᠡᠯᠡᠪᠡ᠃    ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠪᠣᠯ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠴᠢᠬᠤᠯᠠ ᠢᠯᠡᠷᠡᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠠᠶᠢᠮᠠᠭ ᠬᠤᠲᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠬᠢᠨᠠᠨ ᠬᠠᠷᠭᠤᠭᠤᠯᠵᠤ ᠨᠡᠶᠢᠲᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠨᠡᠶᠢᠲᠡᠯᠡᠬᠦ ᠠᠵᠢᠯ ᠢ ᠪᠠᠶᠢᠷᠢᠯᠠᠭᠤᠯᠬᠤ ᠪᠠ ᠵᠢᠯᠣᠭᠤᠳᠬᠤ ᠶᠢ ᠴᠢᠩᠭᠠᠳᠬᠠᠬᠤ ᠶᠢ ᠴᠢᠬᠤᠯᠠᠴᠢᠯᠠᠨ᠎ᠠ᠃ ᠨᠢᠭᠡ ᠳᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠪᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ︽ᠴᠠᠭ ᠤᠨ ᠬᠦᠰᠦᠨᠦᠭᠲᠦ︾ ᠶᠢ ᠴᠠᠭ ᠲᠤᠬᠠᠶ ᠳᠤᠨᠢ ᠰᠠᠶᠢᠲᠤᠷ ᠵᠢᠭᠰᠠᠭᠠᠵᠤ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠠᠶᠢᠮᠠᠭ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠬᠢᠨᠠᠨ ᠬᠠᠷᠭᠤᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ᠂ ᠡᠯ᠎ᠡ ᠠᠶᠢᠮᠠᠭ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠨᠡᠶᠢᠲᠡᠯᠡᠬᠦ ᠬᠡᠯᠪᠡᠷᠢ᠂ ᠴᠠᠭ᠂ ᠠᠭᠤᠯᠭ᠎ᠠ᠂ ᠪᠦᠷᠢᠳᠬᠡᠬᠦ ᠪᠠᠷᠢᠮᠵᠢᠶ᠎ᠠ᠂ ᠬᠢᠨᠠᠨ ᠵᠥᠪᠰᠢᠶᠡᠷᠡᠬᠦ ᠴᠤᠪᠤᠷᠠᠯ ᠵᠡᠷᠭᠡ ᠳᠤ ᠪᠣᠳᠠᠲᠠᠶ ᠱᠠᠭᠠᠷᠳᠠᠯᠭ᠎ᠠ ᠲᠠᠯᠪᠢᠵᠤ᠂ ᠠᠶᠢᠮᠠᠭ ᠬᠤᠲᠠ ᠶᠢᠨ ᠠᠯᠪᠠᠨ ᠮᠡᠳᠡᠭᠡ ᠶᠢ ᠲᠤᠭᠤᠷᠪᠢᠨ ᠪᠢᠴᠢᠵᠦ ᠬᠢᠨᠠᠨ ᠬᠠᠷᠭᠤᠭᠤᠯᠬᠤ ᠵᠡᠷᠭᠡ ᠠᠵᠢᠯ ᠢ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠪᠠ᠃ ᠬᠤᠶᠠᠷ ᠲᠤ᠂ ᠴᠢᠩᠭ᠎ᠠ ᠬᠢᠨᠠᠨ ᠬᠠᠷᠭᠤᠭᠤᠯᠵᠤ᠂ ᠶᠠᠰᠤ ᠴᠢᠨᠠᠷ ᠢ ᠦᠨᠡᠨ ᠬᠦ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠨᠢ ᠠᠶᠢᠮᠠᠭ ᠬᠤᠳᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢᠨ ᠠᠭᠤᠯᠭ᠎ᠠ ᠬᠢᠭᠡᠳ ᠶᠠᠰᠤ ᠴᠢᠨᠠᠷ ᠢ ᠴᠢᠩᠭ᠎ᠠ ᠡᠵᠡᠮᠳᠡᠵᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢᠨ ᠠᠭᠤᠯᠭ᠎ᠠ ᠶᠢᠨ ᠭᠦᠢᠴᠡᠳᠬᠡᠬᠦ ᠲᠤᠭ᠎ᠠ ᠶᠢ ᠬᠢᠨᠠᠨ ᠬᠠᠷᠭᠤᠭᠤᠯᠬᠤ ᠶᠢ ᠡᠯ᠎ᠡ ᠲᠤᠰᠬᠠᠢ ᠭᠠᠵᠠᠷ ᠭᠡᠷ ᠲᠤ ᠨᠠᠷᠢᠯᠢᠬᠵᠢᠭᠤᠯᠤᠨ ᠬᠤᠪᠢᠶᠠᠷᠢᠯᠠᠵᠤ᠂ ᠲᠤᠰᠬᠠᠢ ᠮᠡᠷᠭᠡᠵᠢᠯ ᠤᠨ ᠨᠡᠶᠢᠯᠡᠯ ᠬᠦᠴᠦᠨ ᠢ ᠪᠤᠢ ᠪᠣᠯᠭᠠᠨ ᠬᠠᠮᠲᠤᠷᠠᠨ ᠬᠥᠳᠡᠯᠦᠯᠴᠡᠵᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢᠨ ᠲᠤᠭ᠎ᠠ ᠪᠠᠷᠢᠮᠲᠠ ᠳᠤ ᠬᠥᠨᠳᠡᠯᠡᠨ᠂ ᠭᠤᠯᠳᠤ ᠬᠠᠷᠢᠴᠠᠭᠤᠯᠤᠯ ᠪᠠ ᠯᠣᠭᠢᠭ ᠪᠦᠲᠦᠴᠡ ᠶᠢ ᠬᠢᠨᠠᠨ ᠬᠠᠷᠭᠤᠭᠤᠯᠪᠠ᠃ ᠨᠠᠷᠢᠨ ᠬᠢᠨᠠᠮᠠᠭᠠᠢ ᠡᠮᠬᠢᠯᠡᠨ ᠲᠢᠭᠯᠡᠬᠦ ᠪᠠ ᠤᠯᠠᠨ ᠤᠳᠠᠭ᠎ᠠ ᠲᠠᠬᠢᠨ ᠬᠢᠨᠠᠬᠤ ᠪᠠᠷ ᠲᠠᠮᠵᠢᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠱᠠᠳᠤ ᠱᠠᠳᠤ ᠪᠠᠷ ᠪᠠᠬᠢᠵᠢᠭᠦᠯᠵᠦ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠷ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠪᠤᠰᠤᠳᠴᠢ ᠪᠥᠭᠡᠳ ᠣᠨᠣᠪᠴᠢᠲᠠᠢ ᠲᠤᠰᠬᠠᠬᠤ ᠪᠠᠷ ᠴᠢᠷᠮᠠᠶᠢᠪᠠ᠃ ᠭᠤᠷᠪᠠ ᠳᠤ᠂ ᠡᠭᠦᠷᠭᠡᠯᠡᠯ ᠢᠶᠠᠨ ᠴᠢᠩᠭᠠᠳᠬᠠᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠡᠯ᠎ᠡ ᠵᠦᠢᠯ ᠤᠨ ᠠᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠶ ᠬᠥᠮᠦᠨ ᠢᠶᠠᠷ ᠲᠤᠰᠬᠠᠶ ᠬᠠᠮᠢᠶᠠᠷᠤᠭᠤᠯᠵᠤ᠂ ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ ᠲᠣᠭᠲᠠᠭᠠᠯ ᠢ ᠴᠢᠩᠭ᠎ᠠ ᠰᠠᠬᠢᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠮᠡᠳᠡᠭᠡ ᠶᠢ ᠨᠡᠶᠢᠲᠡᠯᠡᠬᠦ ᠠᠴᠠ ᠡᠮᠦᠨ᠎ᠡ ᠭᠠᠳᠠᠭᠰᠢ ᠬᠡᠷᠡᠭᠯᠡᠵᠦ ᠪᠣᠯᠬᠤ ᠥᠬᠡᠶ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ᠂ ᠵᠢᠷᠤᠮᠵᠢᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠤᠬᠠᠭᠤᠯᠤᠨ ᠲᠠᠶᠢᠯᠪᠤᠷᠢᠯᠠᠬᠤ ᠶᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠣᠨᠣᠪᠴᠢᠲᠠᠶ ᠣᠶᠢᠯᠠᠭᠠᠬᠤ ᠪᠠ ᠬᠡᠷᠡᠭᠯᠡᠬᠦ ᠳᠤ ᠢᠳᠡᠪᠬᠢᠲᠡᠶ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号