ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠪᠰᠢᠨ ᠢ | ᠤᠯᠠᠮ ᠳᠡᠭᠡᠭᠰᠢᠯᠡᠭᠦᠯᠵᠦ᠂ ᠪᠥᠬᠦ ᠲᠣᠪᠴᠢᠶ᠎ᠠ ᠶᠢᠨ ᠺᠠᠳ᠋ᠷ ᠠᠵᠢᠯᠲᠠᠨ ᠤ ᠡᠳ᠋ ᠤᠨ ᠵᠠᠰᠠᠭ ᠠᠵᠤ ᠠᠬᠤᠶ ᠶᠢᠨ ᠬᠠᠤᠯᠢ | ᠲᠣᠭᠲᠠᠭᠠᠯ ᠢ ᠵᠢᠷᠤᠮᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠡᠳ᠋ ᠤᠨ | ᠵᠠᠰᠠᠭ ᠠᠵᠤ ᠠᠬᠤᠶ ᠶᠢᠨ ᠲᠦᠷᠢᠮ ᠳᠤ ᠰᠢᠷᠢᠰ ᠲᠠᠶᠢᠯᠤᠮᠵᠢ ᠬᠢᠪᠠ᠃ | ᠨᠢᠭᠡ᠂ ᠨᠠᠢᠮᠠᠨ ᠲᠣᠭᠲᠠᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠠᠵᠤ ᠠᠬᠤᠢ ᠶᠢᠨ | ᠬᠠᠮᠢᠶᠠᠷᠤᠯᠲᠠ ᠶᠢᠨ ᠦᠨᠳᠦᠰᠦ ᠰᠠᠭᠤᠷᠢ ᠶᠢ ᠪᠠᠲᠤᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠡᠳ᠋ ᠤᠨ ᠵᠠᠰᠠᠭ ᠠᠵᠤ | ᠠᠬᠤᠶ ᠶᠢᠨ ᠲᠦᠷᠢᠮ ᠵᠢᠴᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠪᠣᠳᠠᠲᠠᠶ ᠲᠠᠢ ᠤᠶᠠᠯᠳᠤᠭᠤᠯᠤᠨ᠂ | ᠰᠠᠷ᠎ᠠ ᠪᠠᠷ ᠴᠠᠭ ᠤᠨ ᠲᠡᠩᠭᠡᠯᠢᠭ ᠪᠣᠯᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠲᠠᠶᠢᠯᠤᠮᠵᠢ ᠬᠢᠪᠠ᠃ | ᠲᠠᠶᠢᠯᠤᠮᠵᠢ ᠶᠢᠨ ᠠᠭᠤᠯᠭ᠎ᠠ ᠳᠤ ᠡᠯ᠎ᠡ ᠵᠦᠢᠯ ᠤᠨ ᠵᠠᠷᠤᠳᠠᠯ ᠤᠨ ᠵᠠᠷᠤᠯᠭ᠎ᠠ ᠶᠢ ᠬᠢᠨᠠᠨ ᠵᠥᠪᠰᠢᠶᠡᠷᠡᠬᠦ ᠶᠠᠪᠤᠴᠠ᠂ | ᠲᠠᠩᠰᠠ ᠲᠠᠶᠢᠯᠬᠤ ᠪᠠᠷᠢᠮᠵᠢᠶ᠎ᠠ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠬᠤᠯᠠᠴᠢᠯᠠᠨ ᠴᠢᠬᠤᠯᠠᠴᠢᠯᠠᠵᠤ᠂ | ᠡᠳ᠋ ᠤᠨ ᠵᠠᠰᠠᠭ ᠠᠵᠤ ᠠᠬᠤᠶ ᠶᠢᠨ ᠲᠦᠷᠢᠮ ᠤᠨ ᠲᠥᠪ ᠴᠢᠩᠭ᠎ᠠ ᠴᠢᠨᠠᠷ᠂ ᠵᠠᠷᠤᠳᠠᠯ ᠤᠨ ᠬᠠᠮᠢᠶᠠᠷᠤᠯᠲᠠ ᠶᠢᠨ | ᠬᠠᠤᠯᠢ ᠲᠣᠭᠲᠠᠭᠠᠯ ᠤᠨ ᠴᠢᠨᠠᠷ ᠢ ᠲᠣᠳᠣᠷᠬᠠᠶᠢᠯᠠᠨ᠂ ᠠᠵᠢᠯᠴᠢ ᠠᠷᠪᠢᠴᠢ ᠪᠠᠷ ᠠᠵᠢᠯᠯᠠᠬᠤ ᠵᠠᠷᠴᠢᠮ ᠢ ᠢᠮᠠᠭᠲᠠ | ᠵᠢᠷᠤᠮᠯᠠᠵᠤ᠂ ︽ᠠᠷᠪᠢᠴᠢ ᠭᠠᠮᠲᠠᠶ ᠠᠮᠢᠳᠤᠷᠠᠬᠤ︾ ᠦᠵᠡᠯ ᠰᠠᠨᠠᠭ᠎ᠠ ᠶᠢ ᠠᠵᠢᠯ ᠤᠨ ᠪᠥᠬᠦ ᠶᠠᠪᠤᠴᠠ ᠳᠤ ᠭᠦᠨᠵᠡᠭᠡᠶ | ᠠᠭᠤᠰᠬᠠᠨ ᠣᠷᠣᠭᠤᠯᠪᠠ᠃ ᠡᠳ᠋ ᠤᠨ ᠶᠠᠪᠤᠳᠠᠯ ᠤᠨ ᠭᠠᠵᠠᠷ ᠣᠶᠢᠷ᠎ᠠ ᠶᠢᠨ ᠵᠢᠯ ᠤᠨ ᠨᠡᠶᠢᠲᠡᠯᠢᠭ ᠵᠢᠱᠢᠶ᠎ᠡ ᠶᠢ ᠡᠮᠬᠢᠯᠡᠨ | ᠳᠢᠭᠯᠡᠵᠦ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠷᠥᠯ ᠬᠤᠪᠢᠶᠠᠨ ᠵᠠᠳᠠᠯᠵᠤ᠂ ᠡᠳ᠋ ᠤᠨ | ᠵᠠᠰᠠᠭ ᠠᠵᠤ ᠠᠬᠤᠶ ᠶᠢᠨ ᠲᠦᠷᠢᠮ ᠢ ᠬᠡᠷᠡᠭᠯᠡᠨ ᠵᠠᠷᠤᠳᠠᠯ ᠢ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ | ᠪᠥᠬᠦ ᠲᠣᠪᠴᠢᠶ᠎ᠠ ᠶᠢᠨ ᠺᠠᠳ᠋ᠷ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢ ᠦᠨᠡᠨ ᠬᠦ | ᠴᠢᠩᠭᠠᠳᠬᠠᠪᠠ᠃ | ᠬᠤᠶᠠᠷ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠳᠬᠠᠵᠤ᠂ ᠡᠳ᠋ ᠤᠨ ᠶᠠᠪᠤᠳᠠᠯ ᠤᠨ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠠᠢᠮᠠ ᠲᠣᠭᠲᠠᠭᠠᠯ ᠤᠨ ᠵᠣᠷᠢᠭ | ᠰᠠᠨᠠᠭ᠎ᠠ ᠶᠢᠨ ᠰᠤᠷᠤᠯᠴᠠᠯᠭ᠎ᠠ ᠬᠥᠮᠥᠵᠢᠯ ᠤᠨ ︽ᠰᠣᠷᠣᠯᠴᠠᠬᠤ ᠪᠠᠶᠢᠴᠠᠭᠠᠬᠤ ᠴᠡᠭᠴᠡᠯᠡᠬᠦ︾ ᠶᠢ ᠨᠢᠭᠡ | ᠴᠤᠭᠴᠠᠵᠢᠭᠤᠯᠤᠨ ᠠᠬᠢᠭᠤᠯᠬᠤ ᠠᠵᠢᠯ ᠢ ᠢᠮᠠᠭᠲᠠ ᠲᠤᠭᠤᠰᠢᠯᠠᠭᠤᠯᠪᠠ᠃ ᠲᠠᠶᠢᠯᠤᠮᠵᠢ ᠬᠢᠬᠦ ᠶᠠᠪᠤᠴᠠ ᠳᠤ᠂ | ᠡᠳ᠋ ᠤᠨ ᠶᠠᠪᠤᠳᠠᠯ ᠤᠨ ᠠᠵᠢᠯᠲᠠᠳ ᠲᠠᠩᠰᠠ ᠲᠠᠶᠢᠯᠬᠤ ᠶᠠᠪᠤᠴᠠ ᠶᠢ ᠲᠠᠰᠤᠷᠠᠯᠲᠠ ᠥᠬᠡᠶ ᠰᠤᠳᠤᠯᠤᠨ | ᠰᠢᠯᠢᠳᠡᠭᠵᠢᠭᠦᠯᠵᠦ᠂ ᠶᠠᠷᠰᠢᠭ ᠲᠦᠪᠡᠭᠲᠡᠶ ᠭᠤᠭᠴᠤᠭ᠎ᠠ ᠶᠢ ᠪᠠᠭᠠᠰᠬᠠᠪᠠ︔ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨ᠎ᠠ ᠭᠡᠰᠡᠨ ᠥᠬᠡᠶ ᠲᠣᠪᠴᠢᠶᠠᠨ ᠤ ᠺᠠᠳ᠋ᠷ ᠠᠵᠢᠯᠲᠠᠨ ᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠠᠪᠬᠤ ᠳᠤ | ᠲᠦᠷᠭᠡᠨ ᠬᠠᠷᠢᠭᠤ ᠥᠭᠬᠦ ᠬᠡᠷᠡᠭᠲᠡᠶ︔ ᠵᠠᠰᠠᠭ ᠤᠨ ᠣᠷᠳᠣᠨ ᠤ ᠬᠤᠳᠠᠯᠳᠤᠨ ᠠᠪᠬᠤ᠂ ᠲᠥᠰᠦᠪ ᠨᠠᠶᠢᠷᠠᠭᠤᠯᠤᠨ | ᠵᠣᠬᠢᠶᠠᠬᠤ ᠵᠡᠷᠭᠡ ᠠᠳᠠᠯᠢ ᠪᠤᠰᠤ ᠬᠦᠷᠢᠶ᠎ᠡ ᠶᠢᠨ ︽ᠡᠳ᠋ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ | ᠶᠢᠨ ᠠᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ︔ ᠡᠳ᠋ ᠤᠨ ᠶᠠᠪᠤᠳᠠᠯ ᠤᠨ ᠳᠠᠩᠰᠠ ᠲᠠᠶᠢᠯᠬᠤ ᠵᠡᠷᠭᠡ ᠲᠠᠯ᠎ᠠ ᠶᠢᠨ | ᠠᠰᠠᠭᠤᠯᠲᠠ ᠶᠢ ᠴᠠᠭ ᠲᠤᠬᠠᠶ ᠳᠤᠨᠢ ᠬᠠᠷᠢᠭᠤᠯᠬᠤ ᠬᠡᠷᠡᠭᠲᠡᠶ᠃ ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠪᠥᠬᠦ ᠲᠣᠪᠴᠢᠶ᠎ᠠ ᠶᠢᠨ ᠺᠠᠳ᠋ᠷ ᠠᠵᠢᠯᠲᠠᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠡᠳ᠋ ᠤᠨ | ᠶᠠᠪᠤᠳᠠᠯ ᠤᠨ ᠦᠢᠯᠡᠴᠢᠯᠡᠭᠡ ᠬᠠᠩᠭᠠᠵᠤ᠂ ᠡᠳ᠋ ᠤᠨ ᠶᠠᠪᠤᠳᠠᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ᠭᠤᠷᠪᠠ᠂ ᠬᠠᠷᠢᠯᠴᠠᠨ ᠰᠣᠯᠢᠯᠴᠠᠨ ᠳᠡᠭᠡᠭᠰᠢᠯᠡᠯᠲᠡ ᠶᠢ ᠠᠬᠢᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ | ᠬᠥᠭᠵᠢᠯᠲᠡ ᠶᠢ ᠰᠦᠪᠡᠭᠴᠢᠯᠡᠪᠡ᠃ | ᠲᠠᠶᠢᠯᠤᠮᠵᠢ ᠶᠢᠨ ᠠᠵᠢᠯᠯᠠᠭ᠎ᠠ ᠶᠢᠨ ᠠᠯᠬᠤᠮ ᠠᠯᠬᠤᠮ ᠢᠶᠠᠷ ᠭᠦᠨᠵᠡᠭᠡᠶᠢᠷᠡᠬᠦ ᠶᠢ ᠳᠠᠭᠠᠯᠳᠤᠨ᠂ ᠬᠡᠰᠡᠭ ᠺᠠᠳ᠋ᠷ | ᠠᠵᠢᠯᠲᠠᠨ ᠡᠳᠦᠷ ᠲᠤᠲᠤᠮ ᠤᠨ ᠠᠵᠢᠯ ᠤᠨ ᠳᠤᠮᠳᠠ ᠲᠣᠬᠢᠶᠠᠯᠳᠤᠭᠰᠠᠨ ᠡᠳ᠋ ᠤᠨ ᠶᠠᠪᠤᠳᠠᠯ ᠤᠨ ᠠᠰᠠᠭᠤᠳᠠᠯ ᠤᠨ | ᠲᠤᠬᠠᠶ ᠡᠳ᠋ ᠤᠨ ᠶᠠᠪᠤᠳᠠᠯ ᠤᠨ ᠠᠵᠢᠯᠲᠠᠨ ᠲᠠᠢ ᠰᠤᠳᠤᠯᠤᠨ ᠶᠠᠷᠢᠯᠴᠠᠪᠠ᠃ ᠵᠠᠷᠤᠳᠠᠯ ᠤᠨ ᠲᠠᠩᠰᠠ ᠲᠠᠶᠢᠯᠬᠤ | ᠪᠤᠳᠤᠯᠢᠶᠠᠨᠲᠠᠶ ᠪᠠᠶᠢᠳᠠᠯ ᠢ ᠰᠢᠢᠳᠪᠦᠷᠢᠯᠡᠬᠦ ᠠᠴᠠ ᠲᠥᠷᠥᠯ ᠵᠦᠢᠯ ᠤᠨ ᠪᠠᠯᠠ ᠮᠥᠩᠭᠦ ᠶᠢ ᠬᠡᠷᠡᠭᠯᠡᠬᠦ ᠲᠥᠯᠥᠪᠵᠢᠭᠦᠯᠭᠡ | ᠬᠦᠷᠲᠡᠯ᠎ᠡ᠂ ᠵᠠᠷᠤᠳᠠᠯ ᠤᠨ ᠬᠠᠮᠢᠶᠠᠷᠤᠯᠲᠠ ᠶᠢᠨ ᠡᠯ᠎ᠡ ᠲᠠᠯ᠎ᠠ ᠶᠢ ᠬᠠᠮᠤᠷᠴᠠᠶ᠃ ᠲᠠᠶᠢᠯᠤᠮᠵᠢ ᠬᠢᠬᠦ ᠶᠠᠪᠤᠴᠠ ᠳᠤ᠂ | ᠡᠳ᠋ ᠤᠨ ᠶᠠᠪᠤᠳᠠᠯ ᠤᠨ ᠠᠵᠢᠯᠲᠠᠨ ᠦᠨᠡᠨ ᠰᠡᠳᠬᠢᠯ ᠠᠴᠠ ᠪᠠᠨ ᠦᠢᠯᠡᠴᠢᠯᠡᠬᠦ᠂ ᠨᠠᠷᠢᠨ ᠣᠨᠣᠪᠴᠢᠲᠠᠶ ᠪᠠᠷ | ᠲᠠᠶᠢᠯᠪᠤᠷᠢᠯᠠᠬᠤ ᠪᠠᠷ ᠳᠠᠮᠵᠢᠭᠤᠯᠤᠨ᠂ ᠺᠠᠳ᠋ᠷ ᠠᠵᠢᠯᠲᠠᠨ ᠲᠠᠢ ᠰᠠᠨᠠᠯ ᠢᠶᠠᠨ ᠰᠣᠯᠢᠯᠴᠠᠵᠤ᠂ ︽ᠠᠵᠢᠯ ᠦᠢᠯᠡᠰ ᠪᠠ | ᠡᠳ᠋ ᠤᠨ ᠵᠠᠰᠠᠭ ᠤᠨ ᠠᠭᠤᠰᠤᠯᠴᠠᠯ ᠪᠠ ᠬᠠᠷᠢᠯᠴᠠᠨ ᠠᠭᠤᠰᠤᠯᠴᠠᠵᠤ ᠬᠠᠷᠢᠯᠴᠠᠨ ᠠᠬᠢᠭᠤᠯᠬᠤ︾ ᠠᠵᠢᠯ ᠤᠨ | ᠵᠠᠭᠪᠤᠷ ᠢ ᠪᠡᠶᠡᠯᠡᠭᠦᠯᠬᠦ ᠶᠢ ᠠᠬᠢᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠤ ᠡᠳ᠋ ᠤᠨ ᠶᠠᠪᠤᠳᠠᠯ ᠤᠨ ᠲᠠᠩᠰᠠ | ᠲᠠᠶᠢᠯᠬᠤ ᠠᠵᠢᠯ ᠳᠤᠮᠳᠠᠬᠢ ᠪᠣᠳᠠᠲᠠᠶ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠡᠳ᠋ ᠤᠨ | ᠶᠠᠪᠤᠳᠠᠯ ᠤᠨ ᠰᠠᠯᠠᠭ᠎ᠠ ᠮᠥᠴᠢᠷ ᠬᠢᠭᠡᠳ ᠪᠤᠰᠤᠳ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠪᠠ | ᠣᠶᠢᠯᠠᠭᠠᠯᠲᠠ ᠶᠢ ᠨᠡᠮᠡᠭᠳᠡᠭᠦᠯᠵᠦ᠂ ᠡᠳ᠋ ᠤᠨ ᠵᠠᠰᠠᠭ ᠠᠵᠤ ᠠᠬᠤᠶ ᠶᠢᠨ ᠲᠦᠷᠢᠮ ᠢ ᠬᠠᠮᠲᠤ ᠪᠠᠷ ᠵᠢᠷᠤᠮᠯᠠᠬᠤ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ | ᠲᠣᠰ ᠤᠳᠠᠭᠠᠨ ᠤ ᠡᠳ᠋ ᠤᠨ ᠵᠠᠰᠠᠭ ᠠᠵᠤ ᠠᠬᠤᠶ ᠶᠢᠨ ᠲᠦᠷᠢᠮ ᠤᠨ ᠲᠠᠶᠢᠯᠤᠮᠵᠢ ᠶᠢᠨ ᠠᠵᠢᠯᠯᠠᠭ᠎ᠠ ᠪᠣᠯ ᠨᠢᠭᠡ | ᠤᠳᠠᠭᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠰᠦᠪᠡᠭᠴᠢᠯᠡᠯ ᠪᠠ ᠦᠢᠯᠡᠳᠦᠯᠭᠡ | ᠪᠣᠯᠤᠨ᠎ᠠ᠃ ᠲᠥᠪ ᠤᠨ ᠨᠠᠢᠮᠠ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ ᠠᠩᠬᠠᠷᠤᠯ ᠢᠶᠠᠨ | ᠲᠦᠪᠯᠡᠷᠡᠬᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠬᠠᠷᠢᠯᠴᠠᠨ ᠦᠢᠯᠡᠳᠦᠯᠴᠡᠨ ᠰᠣᠯᠢᠯᠴᠠᠬᠤ ᠶᠢ | ᠴᠢᠩᠭᠠᠳᠬᠠᠬᠤ ᠪᠠᠷ ᠳᠠᠮᠵᠢᠨ᠂ ᠡᠳ᠋ ᠤᠨ ᠶᠠᠪᠤᠳᠠᠯ ᠤ᠊ ᠦᠢᠯᠡᠴᠢᠯᠡᠭᠡᠨ ᠤ ᠠᠯᠬᠤᠮ ᠳᠠᠷᠠᠭ᠎ᠠ ᠶᠢ ᠤᠯᠠᠮ | ᠰᠢᠯᠢᠳᠡᠭᠵᠢᠭᠦᠯᠦᠨ᠂ ᠡᠳ᠋ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ | ᠲᠤᠭ᠎ᠠ ᠪᠦᠷᠢᠳᠬᠡᠯ ᠤᠨ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠳᠤ | ᠬᠦᠴᠦᠨ ᠴᠢᠳᠠᠯ ᠣᠯᠭᠤᠵᠤ ᠦᠷ᠎ᠡ ᠠᠰᠢᠭ ᠢ ᠨᠡᠮᠡᠭᠳᠡᠭᠦᠯᠪᠡ᠃ | |