︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2025/6/3
   ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠲᠣᠪᠴᠢᠶ᠎ᠠ ᠶᠢᠨ ᠺᠠᠳ᠋ᠷ ᠠᠵᠢᠯᠲᠠᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠤᠭ᠎ᠠ ᠪᠦᠷᠢᠳᠬᠡᠯ ᠤᠨ ᠶᠠᠷᠢᠶᠠᠨ ᠤ ᠲᠠᠩᠬᠢᠮ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠪᠴᠢᠶ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ ︽︿ᠪᠦᠭᠦᠳᠡᠨ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ﹀ —ᠲᠤᠭ᠎ᠠ ᠪᠦᠷᠢᠳᠭᠡᠯ ᠤᠨ ᠬᠠᠤᠯᠢ ᠴᠠᠭᠠᠵᠠ ᠶᠢᠨ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ﹀ ᠪᠠᠷ ᠭᠤᠤᠯ ᠰᠡᠳᠦᠪ ᠪᠣᠯᠭᠠᠵᠤ ᠬᠠᠪᠰᠤᠷᠤᠨ ᠵᠢᠯᠣᠭᠤᠳᠤᠯᠭ᠎ᠠ ᠬᠢᠯᠭᠡᠪᠡ᠃    ᠢᠷᠭᠡᠨ ᠤ ᠬᠠᠤᠯᠢ ᠶᠢᠨ ᠪᠢᠴᠢᠭ ᠨᠢ ︽ᠨᠡᠶᠢᠭᠡᠮ ᠤᠨ ᠠᠮᠢᠳᠤᠷᠠᠯ ᠤᠨ ᠨᠡᠪᠲᠡᠷᠬᠡᠢ ᠲᠤᠯᠢ︾ ᠪᠣᠯᠤᠭᠰᠠᠨ ᠤ ᠬᠤᠪᠢ ᠳᠤ᠂ ᠲᠤᠭ᠎ᠠ ᠪᠦᠷᠢᠳᠬᠡᠯ ᠤᠨ ᠠᠵᠢᠯ ᠲᠠᠢ ᠨᠢᠭᠲᠠ ᠬᠤᠯᠪᠣᠭ᠎ᠠ ᠲᠠᠢ᠂ ᠲᠡᠭᠦᠨ ᠳᠤ ᠠᠭᠤᠯᠤᠭᠳᠠᠵᠤ ᠪᠠᠶᠢᠭ᠎ᠠ ᠬᠠᠤᠯᠢ ᠪᠠᠷ ᠵᠠᠰᠠᠬᠤ ᠵᠣᠷᠢᠭ ᠰᠠᠨᠠᠭ᠎ᠠ ᠪᠣᠯᠤᠨ ᠵᠠᠷᠴᠢᠮ ᠨᠢ ᠲᠤᠭ᠎ᠠ ᠪᠦᠷᠢᠳᠬᠡᠯ ᠤᠨ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠪᠠᠭᠰᠢ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾  ᠢ ᠲᠣᠭᠲᠠᠭᠠᠭᠰᠠᠨ ᠠᠬᠤᠶ ᠪᠠᠶᠢᠳᠠᠯ᠂ ᠴᠢᠬᠤᠯᠠ ᠶᠡᠭᠡ ᠠᠴᠢ ᠬᠤᠯᠪᠣᠭᠳᠠᠯ᠂ ᠰᠢᠰᠲ᠋ᠧᠮ ᠤᠨ ᠪᠦᠲᠦᠴᠡ ᠶᠢᠨ ᠲᠣᠭᠤᠷᠢᠨ ᠳᠤ ᠲᠠᠶᠢᠯᠤᠮᠵᠢ ᠬᠢᠵᠦ᠂ ᠲᠤᠭ᠎ᠠ ᠪᠦᠷᠢᠳᠬᠡᠯ ᠤᠨᠠᠵᠢᠯ᠂ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠣᠳᠠᠰ ᠤᠨ ᠡᠷᠬᠡ᠂ ᠭᠡᠷ᠎ᠡ᠂ ᠨᠡᠷ᠎ᠡ ᠬᠦᠨᠳᠦ ᠶᠢᠨ ᠡᠷᠬᠡ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠵᠡᠷᠭᠡ ᠨᠠᠶᠢᠷᠠᠭᠤᠯᠭ᠎ᠠ ᠶᠢᠨ ᠠᠭᠤᠯᠭ᠎ᠠ ᠶᠢᠨ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠬᠢᠪᠠ᠃ ᠶᠡᠭᠡ ᠬᠡᠮᠵᠢᠶᠡᠨ ᠤ ᠠᠮᠢᠳᠤᠯᠢᠭ ᠪᠥᠭᠡᠳ ᠨᠠᠷᠢᠨ ᠪᠣᠳᠠᠲᠠᠢ ᠨᠡᠶᠢᠲᠡᠯᠢᠭ ᠬᠡᠷᠡᠭ ᠤᠨ ᠵᠢᠱᠢᠶ᠎ᠡ ᠶᠢ ᠲᠣᠭᠠᠴᠢᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠵᠦᠢᠯ ᠵᠤᠷᠪᠤᠰ ᠤᠨ ᠪᠣᠳᠠᠲᠠᠢ ᠠᠮᠢᠳᠤᠷᠠᠯ ᠪᠠ ᠠᠵᠢᠯ ᠳᠠᠬᠢ ᠬᠡᠷᠡᠭᠯᠡᠯᠲᠡ ᠶᠢ ᠵᠠᠳᠠᠯᠵᠤ᠂ ᠲᠤᠭ᠎ᠠ ᠪᠦᠷᠢᠳᠬᠡᠯ ᠤᠨ ᠺᠠᠳ᠋ᠷ ᠤᠨ ᠢᠷᠭᠡᠨ ᠤ ᠬᠠᠤᠯᠢ ᠶᠢᠨ ᠪᠢᠴᠢᠭ ᠤᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠤᠢᠢᠯᠠᠭᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠬᠦ᠂ ᠲᠤᠭ᠎ᠠ ᠪᠠᠷᠢᠮᠲᠠ ᠴᠤᠭᠯᠠᠭᠤᠯᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠵᠡᠷᠭᠡ ᠡᠯ᠎ᠡ ᠵᠦᠢᠯ ᠤᠨ ᠠᠵᠢᠯ ᠢ ᠥᠷᠨᠢᠭᠦᠯᠬᠦ ᠳᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠪᠠᠷ ᠪᠠᠷᠠᠬᠤ ᠦᠭᠡᠢ ᠪᠠᠰᠠ ᠪᠠᠶᠢᠴᠠᠭᠠᠭᠳᠠᠬᠤ ᠡᠲᠡᠭᠡᠳ ᠤᠨ ᠢᠷᠭᠡᠨ ᠤ ᠬᠡᠷᠡᠭ ᠤᠨ ᠡᠷᠬᠡ ᠶᠢ ᠭᠦᠢᠴᠡᠳ ᠬᠦᠨᠳᠦᠳᠬᠡᠨ ᠪᠠᠲᠤᠯᠠᠵᠤ᠂ ᠬᠠᠤᠯᠢ ᠲᠣᠭᠲᠠᠭᠠᠯ ᠶᠣᠰᠣᠭᠠᠷ ᠲᠤᠭ᠎ᠠ ᠪᠦᠷᠢᠳᠬᠡᠯ ᠤᠨ ᠠᠵᠢᠯᠯᠠᠭ᠎ᠠ ᠥᠷᠨᠢᠭᠦᠯᠬᠦ ᠶᠢ ᠢᠮᠠᠭᠲᠠ ᠪᠠᠷᠢᠮᠲᠠᠯᠠᠬᠤ ᠶᠢ ᠬᠥᠲᠥᠯᠥᠨ ᠵᠢᠯᠣᠭᠤᠳᠴᠠᠢ᠃    ᠲᠤᠰᠬᠠᠶ ᠰᠡᠳᠦᠪ ᠢᠶᠠᠷ ᠬᠢᠴᠢᠶᠡᠯᠯᠡᠬᠦ ᠪᠠᠷ ᠳᠡᠮᠵᠢᠨ᠂ ᠪᠥᠬᠦ ᠲᠣᠪᠴᠢᠶ᠎ᠠ ᠶᠢᠨ ᠺᠠᠳ᠋ᠷ ᠠᠵᠢᠯᠲᠠᠨ ᠤ ᠬᠠᠤᠯᠢ ᠪᠠᠷ ᠵᠠᠰᠠᠬᠤ ᠤᠬᠠᠮᠰᠠᠷ ᠪᠣᠯᠤᠨ ᠬᠠᠤᠯᠢ ᠪᠠᠷ ᠵᠠᠰᠠᠬᠤ ᠦᠵᠡᠯᠲᠡ ᠶᠢ ᠦᠨᠡᠨ ᠬᠦ ᠴᠢᠩᠭᠠᠳᠬᠠᠵᠤ᠂ ᠪᠥᠬᠦ ᠲᠣᠪᠴᠢᠶ᠎ᠠ ᠶᠢᠨ ᠺᠠᠳ᠋ᠷ ᠠᠵᠢᠯᠲᠠᠨ ᠢ ᠬᠥᠲᠥᠯᠥᠨ ᠵᠢᠯᠣᠭᠤᠳᠴᠤ ᠪᠠᠶᠢᠭᠠᠳ ᠬᠤᠶᠢᠰᠢᠳᠠ ᠶᠢᠨ ᠠᠵᠢᠯ ᠪᠣᠯᠤᠨ ᠠᠮᠢᠳᠤᠷᠠᠯ ᠳᠤᠮᠳᠠ᠂ ᠢᠷᠭᠡᠨ ᠤ ᠬᠠᠤᠯᠢ ᠶᠢᠨ ᠪᠢᠴᠢᠭ ᠢ ᠤᠬᠠᠮᠰᠠᠷ ᠠᠴᠠ ᠪᠠᠨ ᠰᠤᠷᠤᠯᠴᠠᠨ ᠵᠢᠷᠤᠮᠯᠠᠵᠤ᠂ ᠢᠷᠭᠡᠨ ᠤ ᠬᠠᠤᠯᠢ ᠶᠢᠨ ᠪᠢᠴᠢᠭ ᠤᠨ ᠬᠠᠮᠢᠶ᠎ᠠ ᠪᠥᠬᠦᠶ ᠲᠣᠭᠲᠠᠭᠠᠯ ᠪᠣᠯᠤᠨ ᠱᠠᠭᠠᠷᠳᠠᠯᠭ᠎ᠠ ᠶᠢ ᠲᠤᠭ᠎ᠠ ᠪᠦᠷᠢᠳᠬᠡᠯ ᠤᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠲᠤᠭ᠎ᠠ ᠪᠦᠷᠢᠳᠬᠡᠬᠦ ᠤᠬᠠᠮᠰᠠᠷᠲᠤ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢ ᠴᠢᠨᠠᠭᠰᠢᠳᠠ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠨᠠᠶᠢᠳᠠᠪᠤᠷᠢᠲᠠᠶ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃    ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢᠯᠡᠰ ᠤᠨ ᠨᠢᠭᠡᠴᠡ ᠶᠢᠨ ᠬᠠᠮᠢᠶ᠎ᠠ ᠪᠥᠬᠦᠶ ᠬᠥᠮᠦᠰ ᠲᠠᠶᠢᠯᠤᠮᠵᠢ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号