︵2024 ᠣᠨ ᠤ 9 ᠰᠠᠷ᠎ᠠ ᠶᠢᠨ 21 ᠤ ᠡᠳᠦᠷ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠪᠣᠯ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠳᠤᠮᠳᠠᠳᠤ ᠤᠯᠤᠰ ᠤᠨ | ᠣᠨᠴᠠᠯᠢᠭ ᠪᠦᠬᠦᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠨᠠᠮ ᠤᠨ ᠲᠥᠪ | ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ | ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ | ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠬᠤ ᠪᠠᠷ ᠦᠨᠳᠦᠰᠦ ᠪᠤᠯᠭᠠᠵᠤ᠂ ᠥᠮᠴᠢᠯᠡᠯ ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ | ᠲᠣᠳᠣᠷᠬᠠᠢ᠂ ᠵᠠᠰᠠᠭ ᠤᠨ ᠣᠷᠳᠣᠨ ᠠᠵᠤ ᠠᠬᠤᠶᠢᠯᠠᠯ ᠢ ᠰᠠᠯᠭᠠᠬᠤ᠂ ᠬᠠᠮᠢᠶᠠᠷᠤᠯᠲᠠ ᠰᠢᠨᠵᠢᠯᠡᠬᠦ ᠤᠬᠠᠭᠠᠨᠴᠢ | ᠪᠠᠶᠢᠬᠤ ᠪᠠᠷ ᠰᠠᠭᠤᠷᠢ ᠪᠤᠯᠭᠠᠵᠤ᠂ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠤᠯᠭᠠᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ᠂ ᠠᠵᠤ ᠠᠬᠤᠶᠢᠯᠠᠯᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠨᠡᠩ ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ | ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠠᠵᠢᠯ ᠤᠨ ᠳᠤᠮᠳᠠ ᠪᠠᠨ ᠳᠣᠣᠷᠠᠬᠢ ᠵᠦᠢᠯ ᠢ ᠪᠡᠶᠡᠯᠡᠭᠦᠯᠬᠦ ᠬᠡᠷᠡᠭᠲᠡᠢ᠄ ᠨᠠᠮ ᠤᠨ ᠪᠦᠭᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ | ᠦᠭᠡᠢ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯ ᠤᠨ ᠪᠦᠲᠦᠮᠵᠢᠲᠡᠢ ᠪᠦᠷᠬᠦᠴᠡ ᠶᠢ | ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠳᠦᠷᠢᠮ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ | ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ | ᠬᠠᠮᠲᠤ ᠪᠠᠷ ᠬᠥᠭᠵᠢᠬᠦ ᠶᠢ ᠠᠬᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠭᠡᠬᠦ | ᠬᠦᠴᠦᠨ ᠪᠠ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠳᠦᠷᠢᠮ ᠤᠨ | ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ | ᠠᠷᠢᠯᠭᠠᠵᠤ᠂ ᠺᠤᠮᠫᠠᠨᠢ ᠶᠢ ᠵᠠᠰᠠᠬᠤ ᠪᠦᠲᠦᠴᠡ ᠪᠣᠯᠣᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ | ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ | ᠠᠵᠤ ᠠᠬᠤᠶᠢᠯᠠᠯ ᠢ ᠳᠡᠮᠵᠢᠬᠦ ᠪᠠ ᠬᠥᠲᠥᠯᠥᠨ ᠵᠢᠯᠤᠭᠤᠳᠴᠤ ᠪᠠᠶᠢᠭᠠᠳ ᠡᠬᠢ ᠪᠠᠶᠠᠯᠢᠭ ᠬᠦᠴᠦᠨ ᠵᠦᠢᠯ ᠤᠨ | ᠠᠰᠢᠭᠯᠠᠯᠲᠠ ᠶᠢᠨ ᠦᠷ᠎ᠡ ᠪᠦᠲᠦᠮᠵᠢ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ | ᠬᠡᠷᠡᠭᠲᠡᠢ᠃ ᠲᠥᠷᠥᠯ ᠬᠤᠪᠢᠶᠠᠨ ᠬᠥᠲᠥᠯᠥᠨ ᠵᠢᠯᠤᠭᠤᠳᠬᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ | ᠪᠠᠷᠢᠮᠲᠠᠯᠠᠵᠤ᠂ ᠠᠵᠤ ᠠᠬᠤᠶᠢᠯᠠᠯ ᠤᠨ ᠬᠡᠪᠴᠢᠶ᠎ᠡ᠂ ᠬᠥᠭᠵᠢᠯᠲᠡ ᠶᠢᠨ ᠱᠠᠲᠤ ᠦᠶ᠎ᠡ᠂ ᠥᠮᠴᠢᠯᠡᠯ ᠤᠨ ᠳᠦᠷᠢᠮ ᠤᠨ | ᠰᠢᠨᠵᠢ ᠴᠢᠨᠠᠷ ᠵᠡᠷᠭᠡ ᠶᠢ ᠦᠨᠳᠦᠰᠦᠯᠡᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠩ | ᠠᠮᠢᠵᠢᠷᠠᠯ ᠤᠨ ᠬᠦᠴᠦᠨ ᠲᠠᠢ᠂ ᠨᠠᠩ ᠤᠶᠠᠨ ᠬᠠᠲᠠᠨ ᠴᠢᠨᠠᠷᠲᠠᠢ᠂ ᠨᠠᠩ ᠥᠷᠢᠰᠦᠯᠳᠦᠬᠦ ᠬᠦᠴᠦᠨ ᠲᠠᠢ ᠣᠲᠣ | ᠦᠶ᠎ᠡ ᠶᠢᠨ ᠠᠵᠤ ᠠᠬᠤᠶᠢᠯᠠᠯ ᠢ ᠪᠤᠶᠢᠵᠢᠭᠤᠯᠬᠤ ᠬᠡᠷᠡᠭᠲᠡᠢ᠃ | ᠭᠤᠣᠯ ᠬᠠᠷᠠᠯᠲᠠ᠄ 5 ᠵᠢᠯ ᠰᠢᠬᠠᠮ ᠤᠨ ᠬᠤᠭᠤᠴᠠᠭᠠᠨ ᠳᠤ᠂ ᠨᠥᠬᠦᠴᠡᠯ ᠪᠦᠷᠢᠯᠳᠦᠭᠦᠯᠦᠭᠰᠡᠨ ᠠᠵᠤ | ᠠᠬᠤᠶᠢᠯᠠᠯ ᠤᠨ ᠤᠯᠤᠰ ᠤᠨ ᠪᠠᠶᠢᠳᠠᠯ ᠳᠤ ᠨᠡᠶᠢᠴᠡᠭᠰᠡᠨ᠂ ᠪᠣᠳᠠᠲᠠᠢ ᠳᠤ ᠨᠡᠶᠢᠴᠡᠭᠰᠡᠨ᠂ ᠬᠥᠭᠵᠢᠯᠲᠡ ᠶᠢᠨ | ᠬᠡᠷᠡᠭᠴᠡᠭᠡ ᠶᠢ ᠬᠠᠩᠭᠠᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ | ᠳᠦᠷᠢᠮ ᠢ ᠨᠡᠶᠢᠳᠡᠮ ᠲᠣᠭᠲᠠᠭᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠪᠦᠭᠦ | ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ ᠪᠦᠲᠦᠴᠡ ᠶᠢ ᠨᠡᠩ ᠪᠦᠷᠢᠨᠰᠢᠭᠦᠯᠵᠦ᠂ ᠵᠠᠬ᠎ᠠ ᠳᠡᠯᠭᠡᠭᠦᠷᠴᠢᠯᠡᠭᠰᠡᠨ | ᠡᠵᠡᠩᠨᠡᠯᠲᠡ ᠶᠢᠨ ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠬᠢᠭᠤᠯᠵᠤ᠂ | ᠠᠵᠤ ᠦᠢᠯᠡᠰ ᠤᠨ ᠲᠡᠰ ᠳᠡᠪᠰᠢᠬᠦ ᠶᠢ ᠲᠤᠯᠭᠠᠭᠤᠷᠢᠯᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ 2035 ᠣᠨ ᠪᠤᠯᠬᠤ ᠳᠤ᠂ ᠳᠤᠮᠳᠠᠳᠤ ᠤᠯᠤᠰ ᠤᠨ ᠣᠨᠴᠠᠯᠢᠭ | ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠨᠡᠩ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ | ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ | ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠬᠤᠶᠠᠷ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ | ︵ᠨᠢᠭᠡ︶ ᠨᠠᠮ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠤᠳᠤᠷᠢᠳᠬᠤ ᠳᠦᠷᠢᠮ ᠲᠣᠭᠲᠠᠴᠠ ᠶᠢ | ᠲᠡᠭᠦᠯᠳᠡᠷᠵᠢᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠢᠬᠤᠯᠠ ᠶᠡᠭᠡ ᠵᠦᠢᠯ ᠢ | ᠶᠠᠷᠢᠯᠴᠠᠨ ᠲᠣᠭᠲᠠᠭᠠᠬᠤ ᠵᠠᠭᠠᠭ ᠬᠢᠵᠠᠭᠠᠷ ᠢ ᠲᠣᠳᠣᠷᠬᠠᠶᠢᠯᠠᠵᠤ᠂ ᠤᠷᠢᠳᠠᠴᠢ ᠰᠤᠳᠤᠯᠤᠨ ᠶᠠᠷᠢᠯᠴᠠᠬᠤ ᠴᠢᠨᠠᠷ | ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠠᠮ ᠠᠴᠠ ᠺᠠᠳ᠋ᠷ ᠢ ᠬᠠᠮᠢᠶᠠᠷᠬᠤ᠂ ᠨᠠᠮ ᠠᠴᠠ | ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ | ᠪᠠᠳᠠᠷᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠪᠦᠲᠦᠮᠵᠢᠲᠡᠢ ᠬᠡᠪ ᠵᠠᠭᠪᠤᠷ ᠢ ᠬᠠᠶᠢᠨ ᠰᠦᠪᠡᠭᠴᠢᠯᠡᠨ᠎ᠡ᠃ | ︵ᠬᠤᠶᠠᠷ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ | ᠴᠢᠩᠭᠠᠳᠬᠠᠨ ᠰᠠᠶᠢᠵᠢᠷᠠᠭᠤᠯᠤᠨ᠎ᠠ᠃ ᠠᠵᠤ ᠠᠬᠤᠶᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ | ᠰᠠᠬᠢᠬᠤ ᠶᠢ ᠬᠥᠲᠥᠯᠥᠨ ᠵᠢᠯᠤᠭᠤᠳᠬᠤ ᠪᠠ ᠬᠢᠨᠠᠯᠲᠠ ᠲᠠᠯᠪᠢᠵᠤ᠂ ᠡᠯ᠎ᠡ ᠲᠠᠯ᠎ᠠ ᠶᠢᠨ ᠬᠢᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠨ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠳᠠᠪᠬᠤᠷᠭ᠎ᠠ ᠶᠢᠨ ᠬᠠᠮᠲᠤ ᠪᠠᠷ ᠰᠤᠷᠤᠯᠴᠠᠬᠤ᠂ ᠣᠯᠣᠯᠴᠠᠨ ᠵᠥᠪᠳᠡᠯᠴᠡᠬᠦ ᠪᠠ ᠦᠨᠡᠨᠴᠢ ᠪᠠᠷ | ᠶᠠᠷᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ᠃ | ᠭᠤᠷᠪᠠ᠂ ᠺᠤᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠎ᠡ | ︵ᠭᠤᠷᠪᠠ︶ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢᠨ ᠪᠦᠲᠦᠴᠡ ᠶᠢ ᠪᠦᠷᠢᠨᠰᠢᠭᠦᠯᠦᠨ᠎ᠡ᠃ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠡᠷᠬᠡ ᠶᠢ ᠭᠦᠨᠳᠦᠳᠭᠡᠵᠦ᠂ | ᠬᠠᠷᠢᠶᠠᠯᠠᠯ ᠨᠢ ᠲᠣᠳᠣᠷᠬᠠᠢ᠂ ᠪᠦᠲᠦᠴᠡ ᠨᠢ ᠵᠦᠢ ᠵᠣᠬᠢᠰᠲᠠᠢ᠂ ᠡᠷᠭᠢᠯᠲᠡ ᠨᠢ ᠤᠷᠤᠭᠰᠢᠲᠠᠢ ᠠᠵᠤ ᠠᠬᠤᠶᠢᠯᠠᠯ ᠤᠨ | ᠥᠮᠴᠢᠯᠡᠯ ᠤᠨ ᠡᠷᠬᠡ ᠶᠢᠨ ᠳᠦᠷᠢᠮ ᠢ ᠪᠤᠢ ᠪᠣᠯᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ | ᠴᠢᠳᠠᠮᠵᠢ ᠶᠢᠨ ᠪᠠᠶᠢᠷᠢ ᠲᠣᠭᠲᠠᠭᠠᠯᠲᠠ ᠪᠠᠨ ᠦᠨᠳᠦᠰᠦᠯᠡᠨ ᠰᠲ᠋ᠣᠺ ᠤᠨ ᠡᠷᠬᠡ ᠶᠢᠨ ᠪᠦᠲᠦᠴᠡ ᠪᠠᠨ ᠠᠯᠬᠤᠮ | ᠠᠯᠬᠤᠮ ᠢᠶᠠᠷ ᠲᠣᠬᠢᠷᠠᠭᠤᠯᠤᠨ ᠰᠢᠯᠢᠳᠡᠭᠵᠢᠭᠦᠯᠵᠦ᠂ ᠰᠲ᠋ᠣᠺ ᠤᠨ ᠡᠷᠬᠡ ᠶᠢᠨ ᠪᠦᠲᠦᠴᠡ ᠨᠢ ᠤᠯᠠᠨ ᠡᠰᠢᠵᠢᠭᠰᠡᠨ᠂ | ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠨᠢ ᠵᠢᠷᠤᠮᠵᠢᠬᠰᠠᠨ᠂ ᠳᠣᠲᠣᠭᠠᠳᠤ ᠶᠢᠨ ᠬᠢᠵᠠᠭᠠᠷᠯᠠᠯ ᠨᠢ | ᠪᠦᠲᠦᠮᠵᠢᠲᠡᠢ᠂ ᠡᠷᠭᠢᠯᠲᠡ ᠨᠢ ᠥᠨᠳᠥᠷ ᠪᠦᠲᠦᠮᠵᠢᠲᠡᠢ ᠪᠥᠭᠡᠳ ᠠᠮᠢᠳᠤᠯᠢᠭ ᠪᠠᠶᠢᠬᠤ ᠡᠵᠡᠩᠨᠡᠯᠲᠡ ᠶᠢᠨ | ᠲᠣᠭᠲᠠᠴᠠ ᠶᠢ ᠪᠤᠢ ᠪᠣᠯᠭᠠᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠥᠭᠦᠮ ᠳᠥᠲᠡ᠂ | ᠲᠣᠳᠣᠷᠬᠠᠢ᠂ ᠬᠠᠷᠢᠯᠴᠠᠨ ᠨᠡᠪᠲᠡᠷᠡᠵᠦ ᠪᠤᠯᠬᠤ ᠰᠲ᠋ᠣᠺ ᠤᠨ ᠡᠷᠬᠡ ᠶᠢᠨ ᠪᠦᠲᠦᠴᠡ ᠪᠠᠶᠢᠭᠤᠯᠬᠤ ᠶᠢ | ᠵᠣᠷᠢᠭᠵᠢᠭᠤᠯᠤᠨ᠎ᠠ᠃ | ︵ᠳᠥᠷᠪᠡ︶ ᠤᠯᠤᠰ ᠤᠨ ᠥᠮᠴᠢᠯᠠᠯ ᠤᠨ ᠠᠵᠤ ᠠᠬᠤᠶᠢᠯᠠᠯ ᠤᠨ ᠺᠤᠮᠫᠠᠨᠢ ᠶᠢᠨ ᠵᠠᠰᠠᠯᠲᠠ ᠶᠢ | ᠲᠡᠭᠦᠯᠳᠡᠷᠵᠢᠭᠦᠯᠦᠨ᠎ᠡ᠃ ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠢᠯᠡ | ᠲᠣᠳᠣ ᠪᠠᠶᠢᠯᠭᠠᠬᠤ᠂ ᠵᠣᠬᠢᠴᠠᠩᠭᠤᠢ ᠪᠠᠷ ᠠᠵᠢᠯᠯᠠᠬᠤ᠂ ᠪᠦᠲᠦᠮᠵᠢᠲᠡᠢ ᠪᠠᠷ ᠬᠠᠷᠢᠯᠴᠠᠨ ᠬᠢᠵᠠᠭᠠᠷᠯᠠᠬᠤ ᠺᠤᠮᠫᠠᠨᠢ ᠶᠢ | ᠵᠠᠰᠠᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠺᠤᠮᠫᠠᠨᠢ ᠶᠢᠨ ᠵᠠᠰᠠᠯᠲᠠ ᠳᠠᠬᠢ ᠳᠦᠷᠢᠮ | ᠲᠣᠭᠲᠠᠭᠠᠯ ᠤᠨ ᠰᠠᠭᠤᠷᠢ ᠪᠤᠯᠬᠤ ᠦᠢᠯᠡᠳᠦᠯ ᠢ ᠴᠢᠩᠭᠠᠳᠬᠠᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ | ᠤᠳᠤᠷᠢᠳᠬᠤ ᠦᠢᠯᠡᠳᠦᠯ ᠢᠶᠠᠨ ᠪᠠᠳᠠᠷᠠᠭᠤᠯᠤᠨ᠎ᠠ᠃ ᠬᠤᠪᠢ ᠣᠷᠣᠭᠤᠯᠤᠭᠴᠢᠳ ᠤᠨ ᠵᠥᠪᠯᠡᠯ ᠪᠣᠯ ᠺᠤᠮᠫᠠᠨᠢ ᠶᠢᠨ | ᠡᠷᠬᠡᠲᠦ ᠪᠠᠶᠢᠭᠤᠯᠤᠮᠵᠢ ᠮᠥᠨ᠂ ᠬᠤᠪᠢ ᠣᠷᠣᠭᠤᠯᠤᠭᠴᠢ ᠪᠡᠯᠡ ᠭᠠᠷᠭᠠᠭᠰᠠᠨ ᠬᠠᠷᠢᠴᠠᠯ ᠪᠠ ᠳᠦᠷᠢᠮ ᠤᠨ ᠶᠣᠰᠣᠭᠠᠷ | ᠪᠠᠲᠤᠯᠠᠯᠲᠠ ᠬᠢᠬᠦ ᠡᠷᠬᠡ ᠪᠠᠨ ᠬᠡᠷᠡᠭᠵᠢᠭᠦᠯᠵᠦ᠂ ᠳᠦᠷᠢᠮ ᠤᠨ ᠲᠣᠭᠲᠠᠭᠠᠯ ᠠᠴᠠ ᠬᠡᠲᠦᠷᠡᠭᠦᠯᠦᠨ ᠠᠵᠤ | ᠠᠬᠤᠶᠢᠯᠠᠯ ᠤᠨ ᠡᠳᠦᠷ ᠲᠤᠳᠤᠮ ᠤᠨ ᠡᠵᠡᠩᠨᠡᠯᠲᠡ ᠳᠤ ᠭᠠᠷ ᠲᠦᠷᠦᠵᠤ ᠪᠤᠯᠬᠤ ᠦᠭᠡᠢ᠃ ᠬᠡᠷᠡᠭ ᠮᠡᠳᠡᠭᠴᠢᠳ ᠤᠨ | ᠵᠥᠪᠯᠡᠯ ᠨᠢ ᠪᠠᠶᠢᠯᠳᠤᠬᠤ ᠪᠣᠳᠣᠯᠭ᠎ᠠ ᠲᠣᠭᠲᠠᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠭᠰᠢᠭᠦᠷᠢ ᠶᠢ | ᠰᠡᠷᠭᠡᠶᠢᠯᠡᠬᠦ ᠦᠢᠯᠡᠳᠦᠯ ᠢᠶᠠᠨ ᠪᠠᠳᠠᠷᠠᠭᠤᠯᠵᠤ᠂ ᠪᠦᠯᠦᠭᠯᠡᠯ ᠤᠨ ᠶᠡᠷᠦᠩᠬᠡᠢ ᠬᠡᠯᠲᠡᠰ ᠤᠨ ᠡᠷᠬᠡ ᠣᠯᠭᠤᠬᠤ ᠡᠷᠬᠡ ᠶᠢ | ᠳᠣᠷᠣᠭᠰᠢ ᠪᠠᠭᠤᠯᠭᠠᠬᠤ ᠬᠢᠭᠡᠳ ᠬᠤᠪᠢᠶᠠᠷᠢ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ᠤᠨ ᠡᠷᠬᠡ | ᠲᠤᠰᠢᠶᠠᠯ ᠢ ᠪᠦᠯᠦᠭ ᠲᠥᠷᠥᠯ ᠬᠤᠪᠢᠶᠠᠨ ᠨᠠᠶᠢᠳᠠᠪᠤᠷᠢᠵᠢᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ | ᠬᠡᠷᠡᠭ ᠮᠡᠳᠡᠭᠴᠢᠳ ᠤᠨ ᠵᠥᠪᠯᠡᠯ ᠠᠴᠠ ᠳᠠᠭᠠᠭᠠᠮᠠᠯ ᠤᠨ ᠳᠠᠪᠬᠤᠷᠭ᠎ᠠ ᠳᠤ ᠡᠷᠬᠡ ᠣᠯᠭᠤᠬᠤ ᠳᠦᠷᠢᠮ ᠢ | ᠵᠢᠷᠤᠮᠵᠢᠭᠤᠯᠤᠨ ᠨᠠᠶᠢᠳᠠᠪᠤᠷᠢᠵᠢᠭᠤᠯᠤᠨ᠎ᠠ᠃ ᠭᠠᠳᠠᠨᠠᠬᠢ ᠬᠡᠷᠡᠭ ᠮᠡᠳᠡᠭᠴᠢ ᠶᠢ ᠦᠨᠡᠯᠡᠬᠦ ᠪᠠ ᠤᠷᠮᠠᠰᠢᠭᠤᠯᠤᠨ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠨᠠᠬᠢ ᠬᠡᠷᠡᠭ ᠮᠡᠳᠡᠭᠴᠢ ᠶᠢᠨ ᠪᠠᠶᠢᠳᠠᠯ ᠢ ᠮᠡᠳᠡᠬᠦ ᠡᠷᠬᠡ᠂ | ᠪᠠᠲᠤᠯᠠᠯᠲᠠ ᠬᠢᠬᠦ ᠡᠷᠬᠡ᠂ ᠬᠢᠨᠠᠯᠲᠠ ᠲᠠᠯᠪᠢᠬᠤ ᠡᠷᠬᠡ᠂ ᠰᠠᠨᠠᠭᠤᠯᠭ᠎ᠠ ᠳᠤᠷᠠᠳᠬᠤ ᠡᠷᠬᠡ ᠶᠢ ᠨᠠᠶᠢᠳᠠᠪᠤᠷᠢᠵᠢᠭᠤᠯᠤᠨ᠎ᠠ᠃ | ᠳᠠᠭᠠᠭᠠᠮᠠᠯ ᠤᠨ ᠳᠠᠪᠬᠤᠷᠭ᠎ᠠ ᠨᠢ ᠡᠵᠡᠩᠨᠡᠯᠲᠡ ᠬᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠠᠮᠢᠶᠠᠷᠤᠯᠲᠠ ᠪᠠᠨ | ᠴᠢᠩᠭᠠᠳᠬᠠᠬᠤ ᠦᠢᠯᠡᠳᠦᠯ ᠢᠶᠠᠨ ᠪᠠᠳᠠᠷᠠᠭᠤᠯᠵᠤ᠂ ᠲᠤᠰᠢᠶᠠᠯ ᠡᠭᠦᠷᠭᠡᠯᠡᠬᠦ ᠬᠤᠭᠤᠴᠠᠭᠠᠨ ᠤ ᠳᠦᠷᠢᠮ ᠪᠠ ᠭᠡᠷᠡᠲᠦ | ᠬᠠᠮᠢᠶᠠᠷᠤᠯᠲᠠ ᠶᠢ ᠪᠦᠭᠦ ᠲᠠᠯ᠎ᠠ ᠪᠠᠷ ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ | ᠵᠣᠷᠢᠭᠵᠢᠭᠤᠯᠵᠤ ᠪᠠᠶᠢᠭᠠᠳ ᠳᠠᠭᠠᠭᠠᠮᠠᠯ ᠤᠨ ᠳᠠᠪᠬᠤᠷᠭ᠎ᠠ ᠶᠢᠨ ᠪᠦᠷᠢᠯᠳᠦᠭᠦᠨ ᠤ ᠲᠤᠰᠢᠶᠠᠯ ᠡᠭᠦᠷᠭᠡᠯᠡᠬᠦ | ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠯᠠᠪᠯᠠᠯᠲᠠ ᠪᠤᠯᠭᠠᠵᠤ᠂ | ᠬᠠᠮᠢᠶᠠᠷᠤᠯᠲᠠ ᠶᠢᠨ ᠠᠵᠢᠯᠲᠠᠨ ᠤ ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠡᠩ ᠶᠡᠭᠡ ᠬᠡᠪᠴᠢᠶ᠎ᠡ ᠪᠠᠷ᠂ | ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠨᠠᠶᠢᠳᠠᠪᠤᠷᠢᠵᠢᠭᠤᠯᠤᠨ᠎ᠠ᠃ | ︵ᠲᠠᠪᠤ︶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠠᠴᠠ ᠵᠠᠰᠠᠬᠤ | ᠪᠦᠲᠦᠴᠡ ᠶᠢ ᠰᠢᠯᠢᠳᠡᠭᠵᠢᠭᠦᠯᠬᠦ ᠶᠢ ᠳᠡᠮᠵᠢᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ ᠬᠤᠷᠰᠢᠬᠤ ᠳᠦᠷᠢᠮ᠂ ᠺᠤᠮᠫᠠᠨᠢ ᠶᠢᠨ ᠳᠦᠷᠢᠮ ᠵᠡᠷᠭᠡ ᠤᠯᠠᠨ ᠵᠦᠢᠯ ᠤᠨ ᠵᠣᠬᠢᠶᠠᠨ | ᠪᠠᠶᠢᠭᠤᠯᠤᠯᠲᠠ ᠶᠢᠨ ᠭᠡᠯᠪᠡᠷᠢ ᠮᠠᠶ᠋ᠢᠭ ᠠᠪᠬᠤ ᠶᠢ ᠵᠣᠷᠢᠭᠵᠢᠭᠤᠯᠤᠨ᠂ ᠳᠣᠲᠣᠭᠠᠳᠤ ᠵᠠᠰᠠᠯᠲᠠ ᠶᠢᠨ ᠳᠦᠷᠢᠮ ᠢᠶᠠᠨ | ᠲᠡᠭᠦᠯᠳᠡᠷᠵᠢᠭᠦᠯᠦᠨ᠂ ᠵᠢᠷᠤᠮᠵᠢᠬᠰᠠᠨ ᠳᠦᠷᠢᠮ ᠲᠣᠭᠲᠠᠭᠠᠵᠤ᠂ ᠳᠦᠷᠢᠮ ᠬᠢᠭᠡᠳ ᠪᠡᠯᠡ ᠭᠠᠷᠭᠠᠬᠤ ᠵᠥᠪᠯᠡᠯᠴᠡᠭᠡᠷ ᠤᠨ | ᠨᠢᠭᠡᠳᠦᠯᠲᠦ ᠴᠢᠨᠠᠷ ᠢ ᠪᠠᠲᠤᠯᠠᠨ᠂ ᠬᠤᠪᠢ ᠡᠵᠡᠮᠳᠡᠬᠦ ᠬᠤᠪᠢ ᠣᠷᠣᠭᠤᠯᠤᠭᠴᠢ᠂ ᠪᠣᠳᠠᠲᠠᠢ ᠡᠵᠡᠮᠳᠡᠭᠴᠢ ᠶᠢᠨ ᠥᠢᠯᠡ | ᠠᠵᠢᠯᠯᠠᠭ᠎ᠠ ᠶᠢ ᠵᠢᠷᠤᠮᠵᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ | ᠪᠠ ᠬᠠᠮᠢᠶᠠᠷᠤᠯᠲᠠ ᠶᠢᠨ ᠳᠦᠷᠢᠮ ᠢᠶᠠᠨ ᠲᠡᠭᠦᠯᠳᠡᠷᠵᠢᠭᠦᠯᠬᠦ ᠶᠢ ᠳᠡᠮᠵᠢᠨ ᠵᠢᠯᠤᠭᠤᠳᠴᠤ᠂ ᠨᠥᠬᠦᠴᠡᠯ ᠲᠠᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠤᠪᠢ ᠣᠷᠣᠭᠤᠯᠤᠭᠴᠢᠳ ᠤᠨ ᠵᠥᠪᠯᠡᠯ᠂ ᠬᠡᠷᠡᠭ ᠮᠡᠳᠡᠭᠴᠢᠳ ᠤᠨ | ᠵᠥᠪᠯᠡᠯ᠂ ᠳᠠᠭᠠᠭᠠᠮᠠᠯ ᠤᠨ ᠳᠠᠪᠬᠤᠷᠭ᠎ᠠ ᠪᠠᠨ ᠵᠢᠷᠤᠮᠵᠢᠭᠤᠯᠤᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ᠎ᠠ᠃ | ᠲᠥᠷᠥᠯ ᠤᠭᠰᠠᠭ᠎ᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠠᠭᠪᠤᠷ᠂ ᠵᠣᠬᠢᠶᠠᠨ ᠪᠠᠶᠢᠭᠤᠯᠤᠯᠲᠠ ᠶᠢᠨ | ᠪᠦᠲᠦᠴᠡ᠂ ᠠᠵᠤ ᠠᠬᠤᠶᠢᠯᠠᠯ ᠤᠨ ᠰᠣᠶᠣᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠣᠳᠣ ᠦᠶ᠎ᠡ ᠶᠢᠨ | ᠠᠵᠤ ᠠᠬᠤᠶᠢᠯᠠᠯ ᠤᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ︵ᠵᠢᠷᠭᠤᠭ᠎ᠠ︶ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤ ᠦᠵᠡᠭᠦᠯᠭᠦ ᠬᠥᠷᠥᠩᠭᠡ ᠶᠢᠨ ᠵᠠᠬ᠎ᠠ | ᠳᠡᠯᠭᠡᠭᠦᠷ ᠤᠨ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠤᠪᠢ ᠡᠵᠡᠮᠳᠡᠬᠦ ᠬᠤᠪᠢ ᠣᠷᠣᠭᠤᠯᠤᠭᠴᠢ ᠶᠢᠨ | ᠺᠤᠮᠫᠠᠨᠢ ᠳᠠᠬᠢ ᠦᠨᠡᠨᠴᠢ ᠢᠲᠡᠭᠡᠮᠵᠢ ᠶᠢᠨ ᠡᠭᠦᠷᠭᠡ ᠶᠢ ᠴᠢᠩᠭᠠᠳᠬᠠᠵᠤ᠂ ᠰᠲ᠋ᠣᠺ ᠢᠶᠠᠨ ᠵᠠᠬ᠎ᠠ ᠳᠡᠯᠭᠡᠭᠦᠷ ᠲᠤ | ᠭᠠᠷᠭᠠᠭᠰᠠᠨ ᠺᠤᠮᠫᠠᠨᠢ ᠶᠢᠨ ᠬᠤᠪᠢ ᠡᠵᠡᠮᠳᠡᠬᠦ ᠬᠠᠷᠢᠴᠠᠯ ᠨᠢ 5% ᠠᠴᠠ ᠳᠡᠭᠡᠭᠰᠢᠬᠢ ᠪᠠᠶᠢᠭᠤᠯᠤᠮᠵᠢ ᠶᠢᠨ ᠪᠡᠯᠡ | ᠣᠷᠣᠭᠤᠯᠤᠭᠴᠢ ᠶᠢ ᠣᠷᠣᠭᠤᠯᠤᠨ ᠠᠪᠴᠢᠷᠠᠵᠤ ᠢᠳᠡᠪᠬᠢᠲᠡᠢ ᠬᠤᠪᠢ ᠣᠷᠣᠭᠤᠯᠤᠭᠴᠢ ᠪᠤᠯᠭᠠᠬᠤ ᠶᠢ ᠳᠡᠮᠵᠢᠨ᠎ᠡ᠃ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠣᠯᠠᠩᠬᠢ ᠲᠤᠭ᠎ᠠ ᠶᠢ | ᠡᠵᠡᠯᠡᠭᠰᠡᠨ ᠬᠢᠨᠠᠨ ᠪᠤᠳᠣᠬᠤ ᠵᠥᠪᠯᠡᠯ ᠪᠣᠯᠣᠨ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠶᠢᠨ ᠲᠤᠰᠬᠠᠢ ᠬᠤᠷᠠᠯ ᠤᠨ | ᠲᠣᠭᠲᠠᠴᠠ ᠶᠢ ᠪᠠᠶᠢᠭᠤᠯᠤᠨ᠎ᠠ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠵᠠᠰᠠᠯᠲᠠ ᠶᠢᠨ | ᠬᠦᠷᠢᠶ᠎ᠡ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠶᠢᠨ | ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠤᠨ᠎ᠠ᠃ | ᠳᠥᠷᠪᠡ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ | ︵ᠲᠤᠯᠤᠭ᠎ᠠ︶ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠬᠢᠭᠡᠳ | ᠣᠨ ᠤ ᠲᠥᠯᠥᠪᠯᠡᠭᠡ᠂ ᠪᠡᠯᠡ ᠣᠷᠣᠭᠤᠯᠤᠯᠲᠠ ᠶᠢᠨ ᠲᠥᠯᠥᠪᠯᠡᠭᠡ᠂ ᠡᠳ᠋ ᠤᠨ ᠶᠠᠪᠤᠳᠠᠯ ᠤᠨ ᠲᠥᠰᠥᠪ᠂ ᠲᠤᠰᠢᠶᠠᠯ | ᠡᠭᠦᠷᠭᠡᠯᠡᠬᠦ ᠬᠤᠭᠤᠴᠠᠭᠠᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ᠂ ᠣᠨ ᠤ ᠠᠵᠢᠯ ᠤᠨ ᠠᠮᠵᠢᠯᠲᠠ ᠶᠢ | ᠬᠢᠨᠠᠨ ᠰᠢᠯᠭᠠᠬᠤ ᠵᠡᠷᠭᠡ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠳᠤ ᠰᠠᠭᠤᠷᠢᠯᠠᠨ ᠭᠤᠣᠯ ᠬᠠᠷᠢᠭᠤᠴᠠᠯᠭ᠎ᠠ | ᠭᠤᠣᠯ ᠠᠵᠢᠯ ᠢ ᠡᠮᠬᠢᠯᠡᠨ ᠲᠣᠳᠣᠷᠬᠠᠶᠢᠯᠠᠵᠤ᠂ ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ ᠡᠯ᠎ᠡ | ᠲᠥᠷᠥᠯ ᠤᠨ ᠬᠦᠴᠦᠨ ᠵᠦᠢᠯ ᠢ ᠭᠤᠣᠯ ᠠᠵᠢᠯ ᠲᠡᠶᠢᠰᠢ ᠲᠥᠪᠯᠡᠷᠡᠭᠦᠯᠬᠦ ᠶᠢ ᠠᠬᠢᠭᠤᠯᠤᠨ᠂ ᠰᠣᠬᠤᠷ ᠪᠠᠯᠠᠢ ᠪᠠᠷ | ᠣᠯᠠᠨ ᠡᠰᠢᠵᠢᠭᠦᠯᠦᠨ ᠥᠷᠭᠡᠳᠬᠡᠬᠦ ᠪᠠ ᠡᠮᠬᠢ ᠵᠢᠷᠤᠮ ᠦᠭᠡᠢ ᠪᠠᠷ ᠥᠷᠭᠡᠳᠬᠡᠬᠦ ᠶᠢ ᠰᠡᠷᠭᠡᠶᠢᠯᠡᠨ ᠬᠤᠷᠢᠭᠯᠠᠨ᠎ᠠ᠃ | ︵ᠨᠠᠢᠮᠠ︶ ᠳᠣᠲᠣᠭᠠᠳᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠦᠯᠦᠭᠯᠡᠯ ᠤᠨ ᠶᠡᠷᠦᠩᠬᠡᠢ ᠬᠡᠯᠲᠡᠰ ᠤᠨ | ᠬᠠᠷᠢᠶ᠎ᠠ ᠠᠵᠤ ᠠᠬᠤᠶᠢᠯᠠᠯ ᠢᠶᠠᠨ ᠵᠢᠯᠣᠭᠤᠳᠤᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠠᠨ | ᠴᠢᠩᠭᠠᠳᠬᠠᠬᠤ ᠪᠠ ᠬᠤᠯᠪᠣᠭᠳᠠᠬᠤ ᠠᠷᠠᠯᠵᠢᠶᠠᠨ ᠤ ᠬᠠᠮᠢᠶᠠᠷᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ | ᠪᠡᠶ᠎ᠡ ᠪᠠᠨ ᠳᠠᠭᠠᠭᠠᠭᠰᠠᠨ ᠳᠣᠲᠣᠭᠠᠳᠤ ᠡᠵᠡᠮᠳᠡᠯ᠂ ᠬᠠᠤᠯᠢ ᠶᠢᠨ ᠶᠠᠪᠤᠳᠠᠯ ᠤᠨ ᠪᠠᠶᠢᠭᠤᠯᠤᠮᠵᠢ ᠪᠠᠶᠢᠭᠤᠯᠵᠤ᠂ | ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ᠃ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠣᠲᠣᠭᠠᠳᠤ ᠳᠠᠬᠢ ᠢᠯᠵᠢᠷᠡᠯ ᠢ ᠡᠰᠡᠷᠭᠦᠴᠡᠬᠦ | ᠪᠠᠶᠢᠭᠤᠯᠤᠯ ᠢ ᠨᠢ ᠲᠡᠭᠦᠯᠳᠡᠷᠵᠢᠭᠦᠯᠵᠦ᠂ ᠬᠢᠨᠠᠨ ᠪᠤᠳᠣᠵᠤ ᠬᠢᠨᠠᠯᠲᠠ ᠲᠠᠯᠪᠢᠬᠤ ᠰᠢᠰᠲ᠋ᠧᠮ ᠪᠣᠯᠣᠨ ᠡᠳ᠋ ᠤᠨ ᠶᠠᠪᠤᠳᠠᠯ | ᠨᠢᠭᠲᠠᠯᠠᠨ ᠪᠤᠳᠣᠬᠤ ᠴᠢᠩᠭ᠎ᠠ ᠪᠠᠶᠢᠭᠤᠯᠤᠯ ᠢ ᠪᠠᠶᠢᠭᠤᠯᠤᠨ᠎ᠠ᠃ | ︵ᠶᠢᠰᠦ︶ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠪᠦᠯᠦᠭᠯᠡᠯ ᠺᠤᠮᠫᠠᠨᠢ ᠨᠤᠭᠤᠳ ᠣᠯᠠᠨ ᠳᠡᠰ ᠳᠠᠪᠬᠤᠷᠭ᠎ᠠ ᠪᠦᠬᠦᠢ ᠲᠦᠭᠰᠢᠭᠦᠷᠢ ᠶᠢ ᠰᠡᠷᠡᠮᠵᠢᠯᠡᠬᠦ ᠪᠠ | ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠳᠣᠲᠣᠭᠠᠳᠤ | ᠭᠠᠳᠠᠭᠠᠳᠤ ᠶᠢᠨ ᠪᠡᠯᠡ ᠣᠷᠣᠭᠤᠯᠤᠨ ᠡᠵᠡᠩᠨᠡᠬᠦ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠳᠣᠲᠣᠭᠠᠳᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ | ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ᠂ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠡᠵᠡᠩᠨᠡᠯᠲᠡ ᠬᠠᠮᠢᠶᠠᠷᠤᠯᠲᠠ ᠶᠢᠨ ᠡᠯ᠎ᠡ | ᠭᠤᠭᠴᠤᠭ᠎ᠠ ᠳᠤ ᠣᠷᠣᠭᠤᠯᠤᠨ᠎ᠠ᠃ | ︵ᠠᠷᠪᠠ︶ ᠰᠢᠨᠵᠢᠯᠡᠬᠦ ᠤᠬᠠᠭᠠᠨᠴᠢ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠤ | ᠠᠬᠤᠶᠢᠯᠠᠯ ᠤᠨ ᠪᠦᠭᠦ ᠲᠠᠯ᠎ᠠ ᠶᠢᠨ ᠲᠥᠰᠥᠪ ᠤᠨ ᠬᠠᠮᠢᠶᠠᠷᠤᠯᠲᠠ ᠪᠠ ᠪᠦᠭᠦ ᠠᠵᠢᠯᠲᠠᠨ ᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠬᠠᠮᠢᠶᠠᠷᠤᠯᠲᠠ ᠶᠢᠨ ᠲᠠᠰ ᠱᠠᠲᠤ᠂ | ᠬᠠᠤᠯᠢ ᠶᠢᠨ ᠡᠷᠬᠡᠲᠡᠨ ᠤ ᠲᠠᠰ ᠱᠠᠲᠤ ᠶᠢ ᠵᠦᠢ ᠵᠣᠬᠢᠰᠲᠠᠢ ᠡᠵᠡᠮᠳᠡᠨ᠂ ᠲᠣᠭᠠᠴᠢᠯᠠᠭᠰᠠᠨ ᠮᠡᠷᠭᠡᠵᠢᠯ ᠬᠢᠭᠡᠳ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ | ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠠᠵᠤ ᠠᠬᠤᠶᠢᠯᠠᠯ ᠤᠨ ᠳ᠋ᠠᠶᠢᠲ᠋ᠠ ᠶᠢ ᠵᠠᠰᠠᠬᠤ ᠪᠠ | ᠳ᠋ᠠᠶᠢᠲ᠋ᠠ ᠶᠢ ᠭᠦᠢᠯᠭᠡᠭᠡᠨ ᠳᠤ ᠬᠡᠷᠡᠭᠯᠡᠬᠦ ᠴᠢᠳᠠᠪᠤᠷᠢ ᠶᠢ ᠴᠢᠩᠭᠠᠳᠬᠠᠨ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠠᠬᠢᠭᠤᠯᠤᠨ᠎ᠠ᠃ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ | ᠭᠡᠯᠪᠡᠷᠢ ᠪᠤᠯᠭᠠᠬᠰᠠᠨ ᠠᠵᠤ ᠠᠬᠤᠶᠢᠯᠠᠯ ᠤᠨ ᠠᠷᠠᠳᠴᠢᠯᠠᠭᠰᠠᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ᠂ | ᠠᠵᠢᠯᠲᠠᠨ ᠠᠵᠢᠯᠴᠢᠨ ᠤ ᠬᠡᠷᠡᠭ ᠮᠡᠳᠡᠭᠴᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠠᠵᠢᠯᠴᠢᠨ ᠤ | ᠡᠪᠯᠡᠯ ᠵᠡᠷᠭᠡ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠬᠤᠯᠠᠴᠢᠯᠠᠨ | ᠪᠠᠳᠠᠷᠠᠭᠤᠯᠵᠤ᠂ ᠴᠠᠯᠢᠩ ᠢ ᠬᠠᠮᠲᠤ ᠪᠠᠷ ᠵᠥᠪᠳᠡᠯᠴᠡᠬᠦ ᠪᠠᠶᠢᠭᠤᠯᠤᠯ ᠢ ᠢᠳᠡᠪᠬᠢᠲᠡᠢ ᠪᠠᠷ ᠬᠡᠷᠡᠭᠵᠢᠭᠦᠯᠦᠨ᠂ ᠠᠵᠤ | ᠠᠬᠤᠶᠢᠯᠠᠯ ᠤᠨ ᠪᠣᠳᠠᠲᠠᠢ ᠲᠠᠢ ᠨᠡᠶᠢᠴᠡᠭᠰᠡᠨ᠂ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠬᠠᠮᠲᠤ ᠪᠠᠷ ᠵᠥᠪᠳᠡᠯᠴᠡᠬᠦ | ᠲᠣᠭᠲᠠᠴᠠ ᠶᠢ ᠪᠠᠶᠢᠭᠤᠯᠤᠨ᠎ᠠ᠃ | ᠲᠠᠪᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠᠶᠢᠭᠤᠯᠤᠯ ᠢ ᠪᠦᠷᠢᠨᠰᠢᠭᠦᠯᠦᠨ᠎ᠡ | ︵ᠠᠷᠪᠠᠨ ᠨᠢᠭᠡ︶ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ | ᠭᠡᠯᠪᠡᠷᠢ ᠶᠢ ᠪᠤᠢ ᠪᠣᠯᠭᠠᠨ᠎ᠠ᠃ ᠠᠵᠤ ᠠᠬᠤᠶᠢᠯᠠᠯ ᠤᠨ ᠨᠢᠭᠡ ᠪᠦᠯᠦᠭ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ | ᠪᠠᠶᠢᠭᠤᠯᠤᠮᠵᠢ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠤᠶᠤ | ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠬᠡᠷᠡᠭᠵᠢᠭᠦᠯᠦᠨ᠎ᠡ᠃ | ᠲᠣᠮᠣ ᠭᠡᠯᠪᠡᠷᠢ ᠶᠢᠨ ᠠᠵᠤ ᠠᠬᠤᠶᠢᠯᠠᠯ ᠤᠨ ᠬᠤᠳᠠᠯᠳᠤᠨ ᠠᠪᠬᠤ ᠪᠠᠷᠢᠮᠵᠢᠶ᠎ᠠ ᠪᠠᠨ ᠰᠢᠯᠢᠳᠡᠭᠵᠢᠭᠦᠯᠬᠦ᠂ | ᠮᠡᠷᠭᠡᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠭᠦ ᠶᠢ ᠠᠬᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠪᠠᠨ ᠬᠠᠷᠢᠯᠴᠠᠨ | ᠨᠡᠪᠲᠡᠷᠡᠭᠦᠯᠬᠦ ᠶᠢ ᠪᠡᠶᠡᠯᠡᠭᠦᠯᠦᠨ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠰᠢᠨ᠎ᠡ ᠶᠢ ᠡᠭᠦᠳᠬᠦ ᠡᠬᠢ | ᠪᠠᠶᠠᠯᠢᠭ ᠢ ᠴᠢᠯᠦᠭᠡᠲᠡᠢ ᠨᠡᠭᠡᠭᠡᠵᠦ᠂ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠪᠠ ᠣᠨᠳᠣᠣᠰᠢᠭᠤᠯᠬᠤ ᠳᠡᠮᠵᠢᠯᠭᠡ | ᠬᠠᠩᠭᠠᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠶᠢ ᠵᠣᠷᠢᠭᠵᠢᠭᠤᠯᠵᠤ᠂ ᠠᠵᠤ | ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠰᠢᠨ᠎ᠡ ᠶᠢ ᠡᠭᠦᠳᠬᠦ ᠬᠦᠴᠦᠨ ᠵᠦᠢᠯ ᠢ ᠥᠨᠳᠥᠷ ᠪᠦᠲᠦᠮᠵᠢᠲᠡᠢ ᠲᠣᠬᠢᠷᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠡᠭᠡᠭᠡᠯᠲᠡᠲᠤ ᠭᠡᠯᠪᠡᠷᠢ ᠶᠢᠨ ᠠᠵᠤ ᠠᠬᠤᠶᠢᠯᠠᠯ ᠤᠨ ᠴᠢᠳᠠᠪᠤᠷᠢᠲᠠᠨ ᠤ | ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠤᠣᠰ | ᠴᠢᠭᠯᠡᠯ ᠢᠶᠠᠷ ᠰᠢᠯᠵᠢᠭᠦ ᠲᠣᠭᠲᠠᠴᠠ ᠶᠢ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠢ ᠣᠨᠳᠣᠣᠰᠢᠭᠤᠯᠬᠤ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ | ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠤᠬᠠᠭᠳᠠᠬᠤᠨ ᠢᠶᠠᠷ ᠰᠢᠯᠭᠠᠨ ᠪᠠᠲᠤᠯᠠᠬᠤ᠂ ᠪᠠᠭ᠎ᠠ ᠳᠤᠮᠳᠠ ᠵᠡᠷᠭᠡ ᠶᠢᠨ | ᠲᠤᠷᠰᠢᠯᠲᠠ ᠬᠢᠬᠦ᠂ ᠪᠠᠶᠢᠴᠠᠭᠠᠨ ᠭᠡᠷᠡᠴᠢᠯᠡᠬᠦ ᠵᠡᠷᠭᠡ ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠦᠷᠢᠮ ᠢ ᠬᠤᠪᠢᠷᠠᠭᠤᠯᠬᠤ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠲᠦᠷᠭᠡᠳᠬᠡᠵᠦ᠂ ᠲᠤᠰᠢᠶᠠᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠡᠷᠬᠡ ᠣᠯᠭᠤᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ | ᠲᠣᠭᠲᠠᠭᠠᠯ ᠶᠣᠰᠣᠭᠠᠷ ᠥᠷᠨᠢᠭᠦᠯᠦᠨ᠎ᠡ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠣᠨᠴᠠᠯᠢᠭᠲᠤ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠭᠡᠯᠪᠡᠷᠢ ᠶᠢᠨ ᠠᠵᠤ ᠠᠬᠤᠶᠢᠯᠠᠯ ᠤᠨ ᠬᠥᠩᠭᠡᠨ ᠬᠥᠷᠥᠩᠭᠡ ᠶᠢᠨ ᠣᠨᠴᠠᠯᠢᠭ ᠲᠤ ᠲᠣᠬᠢᠷᠠᠬᠤ ᠮᠥᠩᠭᠦᠨ ᠭᠦᠢᠯᠭᠡᠭᠡᠨ ᠤ | ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ | ︵ᠠᠷᠪᠠᠨ ᠭᠤᠷᠪᠠ︶ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠬᠰᠠᠨ ᠤᠷᠮᠠᠰᠢᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠳᠤᠮᠳᠠ ᠣᠷᠳᠣ ᠬᠤᠭᠤᠴᠠᠭᠠᠨ ᠤ ᠥᠷᠲᠡᠭ ᠤᠨ ᠡᠭᠦᠳᠦᠯᠲᠡ ᠶᠢ | ᠴᠢᠬᠤᠯᠠᠴᠢᠯᠠᠬᠤ ᠶᠢ ᠵᠣᠷᠢᠭᠵᠢᠭᠤᠯᠵᠤ᠂ ᠲᠥᠷᠥᠯ ᠵᠦᠢᠯ ᠤᠨ ᠪᠦᠯᠭᠦᠮ ᠳᠤ ᠭᠦᠢᠴᠡᠳ ᠡᠵᠡᠨ ᠮᠡᠳᠡᠬᠦ ᠡᠷᠬᠡ | ᠣᠯᠭᠤᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠨ ᠤᠷᠮᠠᠰᠢᠭᠤᠯᠬᠤ ᠶᠢ ᠴᠢᠩᠭᠠᠷᠠᠭᠤᠯᠤᠨ᠎ᠠ᠃ | ᠨᠥᠬᠦᠴᠡᠯ ᠲᠠᠢ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠪᠠᠶᠢᠭᠤᠯᠤᠮᠵᠢ | ᠪᠠᠶᠢᠭᠤᠯᠬᠤ ᠶᠢ ᠠᠬᠢᠭᠤᠯᠤᠨ᠎ᠠ᠃ | ᠵᠢᠷᠭᠤᠭ᠎ᠠ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠬᠢᠭᠡᠳ ᠠᠵᠤ ᠠᠬᠤᠶᠢᠯᠠᠯ ᠤᠨ ᠰᠣᠶᠣᠯ ᠤᠨ | ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ | ︵ᠠᠷᠪᠠᠨ ᠳᠥᠷᠪᠡ︶ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠣᠶᠢᠯᠠᠭᠠᠭᠳᠠᠬᠤᠨ ᠢ | ᠦᠢᠯᠡᠳᠪᠦᠷᠢᠯᠡᠯ ᠡᠵᠡᠩᠨᠡᠯᠲᠡ ᠶᠢᠨ ᠪᠦᠭᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ | ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ ᠵᠢᠯᠣᠭᠤᠳᠤᠨ᠎ᠠ᠃ ᠠᠵᠤ | ᠠᠬᠤᠶᠢᠯᠠᠯ ᠤᠨ ᠪᠣᠬᠢᠷᠳᠤᠯ ᠦᠭᠡᠢ ᠬᠥᠭᠵᠢᠯᠲᠡ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ᠂ ᠰᠣᠶᠣᠯ ᠤᠨ ᠤᠯᠠᠮᠵᠢᠯᠠᠯ ᠵᠡᠷᠭᠡ ᠦᠢᠯᠡᠰ ᠲᠤ | ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠲᠡᠮᠵᠢᠨ᠎ᠡ᠃ | ︵ᠠᠷᠪᠠᠨ ᠲᠠᠪᠤ︶ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ | ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠴᠠᠯᠢᠩ ᠤᠨ ᠵᠦᠢ ᠵᠣᠬᠢᠰᠲᠠᠢ ᠨᠡᠮᠡᠭᠳᠡᠯ ᠤᠨ ᠲᠣᠭᠲᠠᠴᠠ ᠶᠢ | ᠪᠦᠷᠢᠨᠰᠢᠭᠦᠯᠬᠦ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠠᠵᠤ ᠠᠬᠤᠶᠢᠯᠠᠯ ᠤᠨ ᠳᠡᠭᠡᠳᠦ ᠵᠡᠷᠭᠡ ᠶᠢᠨ | ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠦ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ | ᠬᠥᠯᠥᠰᠦ ᠶᠢᠨ ᠲᠦᠪᠰᠢᠨ ᠢ ᠵᠦᠢ ᠵᠣᠬᠢᠰᠲᠠᠢ ᠲᠣᠭᠲᠠᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠴᠠᠯᠢᠩ ᠤᠨ ᠬᠤᠪᠢᠶᠠᠷᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠥᠬᠦᠴᠡᠯ ᠳᠤ | ᠨᠡᠶᠢᠴᠡᠬᠦ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠴᠠᠯᠢᠩ ᠤᠨ ᠶᠡᠷᠦᠩᠬᠡᠢ ᠲᠥᠰᠥᠪ ᠤᠨ ᠦᠶᠡᠯᠡᠯ ᠤᠨ | ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠯ᠎ᠡ ᠱᠠᠲᠤᠨ ᠤ ᠬᠠᠷᠢᠭᠤᠴᠠᠯᠭᠠᠲᠠᠨ ᠤ ᠴᠠᠯᠢᠩ | ᠬᠥᠯᠥᠰᠦ᠂ ᠨᠡᠮᠡᠭᠦᠷᠢ ᠨᠥᠬᠦᠪᠦᠷᠢ ᠵᠡᠷᠭᠡ ᠶᠢ ᠵᠦᠢ ᠵᠣᠬᠢᠰᠲᠠᠢ ᠲᠣᠭᠲᠠᠭᠠᠬᠤ ᠶᠢᠨ ᠬᠠᠮᠲᠤ ᠴᠢᠩᠭ᠎ᠠ | ᠵᠢᠷᠤᠮᠵᠢᠭᠤᠯᠤᠨ᠎ᠠ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠳᠤᠮᠳᠠ ᠤᠷᠲᠤ | ᠬᠤᠭᠤᠴᠠᠭᠠᠨ ᠤ ᠤᠷᠮᠠᠰᠢᠭᠤᠯᠤᠯ ᠥᠷᠨᠢᠭᠦᠯᠬᠦ ᠶᠢ ᠠᠬᠢᠭᠤᠯᠵᠤ᠂ ᠲᠣᠭᠲᠠᠭᠤᠨ ᠪᠥᠭᠡᠳ ᠤᠷᠲᠤ ᠬᠤᠭᠤᠴᠠᠭᠠᠨ ᠤ | ᠪᠡᠯᠡᠨ ᠵᠣᠭᠤᠰ ᠤᠨ ᠠᠰᠢᠭ ᠬᠤᠪᠢᠶᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ | ︵ᠠᠷᠪᠠᠨ ᠵᠢᠷᠭᠤᠭ᠎ᠠ︶ ᠰᠢᠯᠢᠳᠡᠭ ᠠᠵᠤ ᠠᠬᠤᠶᠢᠯᠠᠯ ᠤᠨ ᠰᠣᠶᠣᠯ ᠢ ᠪᠤᠶᠢᠵᠢᠭᠤᠯᠤᠨ᠎ᠠ᠃ ᠠᠵᠤ | ᠠᠬᠤᠶᠢᠯᠠᠯ ᠤᠨ ᠦᠨᠡᠨᠴᠢ ᠢᠲᠡᠭᠡᠮᠵᠢᠲᠡᠢ᠂ ᠵᠢᠷᠤᠮ ᠢᠶᠠᠷ ᠠᠰᠢᠭ ᠣᠯᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠬᠦ ᠵᠡᠷᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠣᠶᠢᠯᠠᠭᠠᠭᠳᠠᠬᠤᠨ ᠢ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠦᠢᠯᠡᠳᠦᠯᠭᠡ ᠳᠤ ᠬᠡᠷᠡᠭᠯᠡᠵᠦ᠂ ᠺᠤᠮᠫᠠᠨᠢ ᠶᠢᠨ ᠵᠠᠰᠠᠯᠲᠠ ᠳᠤ ᠠᠭᠤᠰᠤᠯᠴᠠᠭᠤᠯᠬᠤ ᠶᠢ | ᠵᠣᠷᠢᠭᠵᠢᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠢᠶᠠᠨ ᠬᠠᠶᠢᠷᠠᠯᠠᠵᠤ ᠠᠵᠢᠯ | ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ ᠡᠵᠡᠩᠨᠡᠬᠦ᠂ ᠦᠢᠯᠡᠰ ᠪᠣᠰᠬᠠᠨ ᠰᠢᠨ᠎ᠡ ᠶᠢ ᠡᠭᠦᠳᠬᠦ᠂ ᠨᠡᠶᠢᠭᠡᠮ ᠳᠤ | ᠠᠴᠢ ᠬᠠᠷᠢᠭᠤᠯᠠᠬᠤ ᠬᠡᠪ ᠳᠠᠭᠤᠷᠢᠶᠠᠯ ᠪᠤᠯᠭᠠᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠤᠨ ᠰᠣᠶᠣᠯ ᠤᠨ | ᠪᠠᠶᠢᠭᠤᠯᠤᠯᠲᠠ ᠪᠠᠨ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ᠂ ᠦᠢᠯᠡᠳᠪᠦᠷᠢᠯᠡᠯ ᠡᠵᠡᠩᠨᠡᠯᠲᠡ᠂ ᠠᠵᠢᠯᠲᠠᠨ | ᠠᠵᠢᠯᠴᠢᠨ ᠤ ᠪᠣᠯᠪᠠᠰᠤᠷᠠᠯ᠂ ᠰᠢᠯᠭᠠᠨ ᠬᠢᠨᠠᠵᠤ ᠦᠨᠡᠯᠡᠬᠦ ᠵᠡᠷᠭᠡ ᠪᠦᠭᠦ ᠶᠠᠪᠤᠴᠠ ᠳᠤ ᠠᠭᠤᠰᠤᠯᠴᠠᠭᠤᠯᠬᠤ ᠶᠢ | ᠳᠡᠮᠵᠢᠨ᠎ᠡ᠃ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠢᠨ ᠤ ᠶᠡᠭᠡ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠤᠯᠪᠤᠭᠠᠯᠠᠨ ᠣᠲᠣ | ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠣᠨᠣᠯ ᠢ ᠠᠬᠢᠭᠤᠯᠤᠨ ᠲᠡᠭᠦᠯᠳᠡᠷᠵᠢᠭᠦᠯᠬᠦ ᠶᠢ ᠳᠡᠮᠵᠢᠨ᠎ᠡ᠃ | ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠦᠷᠢ ᠲᠥᠷᠬᠦ ᠶᠢ ᠱᠤᠭᠤᠵᠤ᠂ ᠦᠨᠳᠦᠰᠦᠲᠡᠨ ᠤ ᠲᠦᠷᠦᠯ | ᠲᠡᠮᠳᠡᠭ ᠢ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ᠃ | ᠳᠣᠯᠤᠭ᠎ᠠ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ | ᠰᠢᠰᠲ᠋ᠧᠮ ᠢ ᠰᠢᠯᠢᠳᠡᠭᠵᠢᠭᠦᠯᠦᠨ᠎ᠡ | ︵ᠠᠷᠪᠠᠨ ᠳᠣᠯᠤᠭ᠎ᠠ︶ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ | ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠶᠢᠨ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠢᠨᠠᠨ | ᠬᠠᠮᠢᠶᠠᠷᠬᠤ ᠶᠢ ᠴᠢᠩᠭᠠᠳᠬᠠᠵᠤ᠂ ᠬᠢᠨᠠᠨ ᠬᠠᠮᠢᠶᠠᠷᠬᠤ ᠳᠦᠷᠢᠮ ᠪᠠ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ | ᠴᠢᠨᠠᠷ᠂ ᠵᠢᠱᠢᠵᠦ ᠪᠣᠯᠬᠤᠶᠢᠴᠠ ᠴᠢᠨᠠᠷ ᠢ ᠴᠢᠩᠭᠠᠷᠠᠭᠤᠯᠤᠨ᠂ ᠬᠢᠨᠠᠨ ᠬᠠᠮᠢᠶᠠᠷᠬᠤ ᠮᠡᠳᠡᠭᠡ ᠵᠠᠩᠭᠢᠴᠢᠯᠠᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ | ᠪᠦᠷᠢᠨᠰᠢᠭᠦᠯᠵᠦ᠂ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ | ᠬᠡᠷᠡᠭᠵᠢᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ | ᠠᠵᠤ ᠦᠢᠯᠡᠰ ᠤᠨ ᠬᠥᠷᠥᠩᠭᠡ ᠪᠠ ᠮᠥᠩᠭᠦᠨ ᠭᠦᠢᠯᠭᠡᠭᠡᠨ ᠤ ᠬᠥᠷᠥᠩᠭᠡ ᠶᠢᠨ ︽ᠰᠡᠷᠭᠡᠶᠢᠯᠡᠯᠲᠡ ᠶᠢᠨ ᠬᠡᠷᠡᠮ︾ ᠢ | ᠪᠠᠶᠢᠭᠤᠯᠵᠤ᠂ ᠬᠥᠷᠥᠩᠭᠡ ᠶᠢᠨ ᠭᠦᠢᠴᠡᠳ ᠴᠢᠨᠠᠷ ᠤᠨ ᠬᠠᠮᠢᠶᠠᠷᠤᠯᠲᠠ ᠪᠠ ᠺᠤᠮᠫᠠᠨᠢ ᠶᠢᠨ ᠵᠠᠰᠠᠯᠲᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠵᠤ᠂ ᠭᠦᠢᠯᠭᠡᠭᠡᠨ ᠤ ᠴᠢᠨᠠᠷᠲᠠᠢ ᠲᠦᠭᠰᠢᠭᠦᠷᠢ ᠶᠢ ᠴᠢᠩᠭ᠎ᠠ ᠡᠵᠡᠮᠳᠡᠵᠦ᠂ ᠮᠥᠩᠭᠦᠨ | ᠭᠦᠢᠯᠭᠡᠭᠡᠨ ᠤ ᠰᠲ᠋ᠣᠺ ᠡᠵᠡᠮᠰᠢᠯ ᠤᠨ ᠺᠤᠮᠫᠠᠨᠢ ᠶᠢ ᠪᠦᠬᠦᠯᠢ ᠴᠣᠭᠴᠠ ᠪᠠᠷ ᠨᠢ ᠬᠦᠰᠦᠨᠦᠭᠲᠦ ᠨᠡᠶᠢᠯᠡᠭᠦᠯᠬᠦ | ᠬᠠᠮᠢᠶᠠᠷᠤᠯᠲᠠ ᠶᠢ ᠬᠡᠷᠡᠭᠵᠢᠭᠦᠯᠵᠦ᠂ ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ | ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠭᠤᠷᠮᠠᠭᠯᠠᠯ ᠢ ᠴᠢᠩᠭ᠎ᠠ | ᠰᠡᠷᠭᠡᠶᠢᠯᠡᠨ ᠬᠠᠮᠢᠶᠠᠷᠤᠨ᠎ᠠ᠃ | ︵ᠠᠷᠪᠠᠨ ᠨᠠᠢᠮᠠ︶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠢ ᠪᠦᠷᠢᠨᠰᠢᠭᠦᠯᠦᠨ᠎ᠡ᠃ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠨ ᠤᠯᠤᠰ ᠤᠨ ᠥᠮᠴᠢᠯᠡᠯ ᠤᠨ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠴᠢᠳᠠᠮᠵᠢ ᠶᠢ ᠵᠠᠭᠠᠭᠯᠠᠨ ᠲᠣᠭᠲᠠᠭᠠᠬᠤ ᠪᠠ ᠲᠥᠷᠥᠯ ᠬᠤᠪᠢᠶᠠᠨ ᠵᠢᠯᠤᠭᠤᠳᠬᠤ ᠶᠢ | ᠲᠡᠭᠦᠯᠳᠡᠷᠵᠢᠭᠦᠯᠵᠦ᠂ ᠲᠥᠷᠥᠯ ᠬᠤᠪᠢᠶᠠᠨ ᠡᠷᠬᠡ ᠣᠯᠭᠤᠵᠤ ᠡᠷᠬᠡ ᠶᠢ ᠳᠣᠷᠣᠭᠰᠢ ᠪᠠᠭᠤᠯᠭᠠᠬᠤ ᠶᠢ | ᠭᠦᠨᠵᠡᠭᠡᠶᠢᠷᠡᠭᠦᠯᠦᠨ᠂ ᠲᠥᠷᠥᠯ ᠬᠤᠪᠢᠶᠠᠨ ᠬᠢᠨᠠᠨ ᠬᠠᠮᠢᠶᠠᠷᠬᠤ᠂ ᠲᠥᠷᠥᠯ ᠬᠤᠪᠢᠶᠠᠨ ᠰᠢᠯᠭᠠᠨ ᠬᠢᠨᠠᠬᠤ ᠶᠢ | ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠳᠣᠲᠣᠭᠠᠳᠤ ᠥᠷᠲᠡᠭ᠂ ᠣᠷᠳᠣ ᠬᠤᠭᠤᠴᠠᠭᠠᠨ ᠤ ᠥᠷᠲᠡᠭ ᠢ ᠴᠢᠬᠤᠯᠠᠴᠢᠯᠠᠨ᠎ᠠ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠡᠵᠡᠩᠨᠡᠯᠲᠡ ᠪᠡᠯᠡ ᠣᠷᠣᠭᠤᠯᠤᠯᠲᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠣᠨ | ᠬᠠᠷᠢᠭᠤᠴᠠᠯᠭ᠎ᠠ ᠶᠢᠨ ᠬᠢᠵᠠᠭᠠᠷᠯᠠᠯ ᠢ ᠴᠢᠩᠭᠠᠷᠠᠭᠤᠯᠤᠨ᠎ᠠ᠃ | ︵ᠠᠷᠪᠠ ᠶᠢᠰᠦ︶ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ | ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠥᠭᠡᠷᠡᠴᠢᠯᠡᠯᠲᠡ ᠶᠢ ᠲᠥᠷᠥᠯ ᠬᠤᠪᠢᠶᠠᠨ | ᠠᠬᠢᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠵᠦ᠂ ᠬᠦᠴᠦᠨ | ᠦᠭᠡᠢ ᠪᠤᠯᠭᠠᠬᠤ ᠵᠡᠷᠭᠡ ᠵᠠᠬ᠎ᠠ ᠳᠡᠯᠭᠡᠭᠦᠷ ᠠᠴᠠ ᠪᠤᠴᠠᠭᠠᠵᠤ ᠭᠠᠷᠭᠠᠬᠤ ᠲᠣᠭᠲᠠᠴᠠ ᠶᠢ ᠰᠢᠯᠢᠳᠡᠭᠵᠢᠭᠦᠯᠦᠨ᠂ ᠭᠠᠵᠠᠷ | ᠣᠷᠣᠨ ᠪᠣᠯᠣᠨ ᠠᠵᠢᠯ ᠲᠥᠷᠥᠯ ᠤᠨ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ | ᠳᠦᠷᠢᠮ ᠤᠨ ᠵᠣᠬᠢᠴᠠᠩᠭᠤᠢ ᠪᠥᠭᠡᠳ ᠨᠢᠭᠡᠳᠦᠯᠲᠡᠢ ᠪᠠᠶᠢᠬᠤ ᠶᠢ ᠠᠬᠢᠭᠤᠯᠤᠨ᠎ᠠ᠃ ᠠᠵᠤ ᠠᠬᠤᠶᠢᠯᠠᠯ ᠳᠤ | ᠬᠤᠯᠪᠣᠭᠳᠠᠭᠰᠠᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠢᠭᠤᠳ ᠬᠦᠷᠭᠡᠵᠦ ᠲᠦᠷᠭᠡᠨ ᠡᠳ᠋ᠯᠡᠬᠦ᠂ ︽ | ᠭᠤᠶᠤᠴᠢᠯᠠᠬᠤ ᠠᠴᠠ ᠬᠡᠯᠲᠦᠷᠢᠭᠦᠯᠦᠨ ᠲᠡᠷᠡ ᠳᠠᠷᠤᠢ ᠳᠤᠨᠢ ᠡᠳ᠋ᠯᠡᠬᠦ︾ ᠲᠣᠭᠲᠠᠴᠠ ᠶᠢ ᠲᠡᠭᠦᠯᠳᠡᠷᠵᠢᠭᠦᠯᠦᠨ᠎ᠡ᠃ | ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠬᠥᠮᠦᠵᠢᠯ ᠪᠣᠯᠪᠠᠰᠤᠷᠠᠯ ᠤᠨ | ᠳᠦᠷᠢᠮ ᠢ ᠲᠡᠭᠦᠯᠳᠡᠷᠵᠢᠭᠦᠯᠬᠦ ᠶᠢ ᠳᠡᠮᠵᠢᠨ᠎ᠡ᠃ | ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ ᠬᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠲᠡᠭᠦᠯᠳᠡᠷᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠦᠷᠢᠮ ᠤᠨ ᠰᠢᠨ᠎ᠡ ᠶᠢ ᠡᠭᠦᠳᠬᠦ ᠪᠠᠷ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ ᠳᠤ | ᠵᠠᠰᠠᠪᠤᠷᠢ ᠣᠷᠣᠭᠤᠯᠬᠤ ᠵᠡᠷᠭᠡ ᠶᠢ ᠠᠬᠢᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ᠂ ᠬᠠᠤᠯᠢ | ᠶᠣᠰᠣᠭᠠᠷ ᠠᠵᠤ ᠠᠬᠤᠶᠢᠯᠠᠯ ᠢ ᠵᠠᠰᠠᠬᠤ ᠶᠢ ᠠᠬᠢᠭᠤᠯᠤᠨ᠎ᠠ᠃ ᠨᠢᠭᠲᠠᠯᠠᠨ ᠪᠤᠳᠣᠬᠤ᠂ ᠯᠠᠪᠯᠠᠭ᠎ᠠ ᠥᠭᠬᠦ᠂ ᠬᠠᠤᠯᠢ | ᠴᠠᠭᠠᠵᠠ᠂ ᠢᠲᠡᠭᠡᠮᠵᠢ ᠶᠢᠨ ᠳᠡᠰ ᠲᠣᠭᠲᠠᠭᠠᠬᠤ ᠵᠡᠷᠭᠡ ᠲᠤᠰᠬᠠᠢ ᠪᠠᠶᠢᠭᠤᠯᠤᠮᠵᠢ ᠶᠢᠨ ᠠᠵᠢᠯ ᠡᠷᠭᠢᠯᠡᠭᠦ ᠦᠢᠯᠡ | ᠠᠵᠢᠯᠯᠠᠭ᠎ᠠ ᠶᠢ ᠵᠢᠷᠤᠮᠵᠢᠭᠤᠯᠵᠤ᠂ ᠲᠤᠰᠬᠠᠢ ᠪᠠᠶᠢᠭᠤᠯᠤᠮᠵᠢ ᠶᠢᠨ ᠠᠵᠢᠯ ᠡᠷᠭᠢᠯᠡᠭᠦ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠵᠢᠯ ᠡᠷᠭᠢᠯᠡᠭᠦ ᠳᠠᠬᠢ ᠬᠢᠨᠠᠯᠲᠠ ᠲᠠᠯᠪᠢᠬᠤ ᠪᠠ ᠲᠤᠰᠬᠠᠢ ᠦᠢᠯᠡᠴᠢᠯᠡᠭᠡᠨ ᠤ ᠦᠢᠯᠡᠳᠦᠯ ᠢ ᠨᠢ | ᠪᠠᠳᠠᠷᠠᠭᠤᠯᠵᠤ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠢ ᠵᠢᠷᠤᠮᠵᠢᠯ ᠲᠠᠢ ᠪᠠᠶᠢᠬᠤ ᠰᠠᠶᠢᠨ | ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠤᠳᠤ ᠦᠶ᠎ᠡ ᠶᠢᠨ ᠠᠵᠤ ᠠᠬᠤᠶᠢᠯᠠᠯ ᠤᠨ | ᠪᠠᠶᠢᠭᠤᠯᠤᠯ ᠢ ᠦᠢᠯᠡᠳᠦᠯᠭᠡᠵᠢᠭᠦᠯᠦᠨ ᠰᠦᠪᠡᠭᠴᠢᠯᠡᠭᠰᠡᠨ ᠪᠠ ᠠᠮᠵᠢᠯᠲᠠ ᠲᠠᠢ ᠲᠤᠷᠰᠢᠯᠭ᠎ᠠ ᠶᠢ ᠤᠬᠠᠭᠤᠯᠬᠤ ᠪᠠᠨ | ᠴᠢᠩᠭᠠᠳᠬᠠᠵᠤ᠂ ᠨᠢᠭᠡ ᠪᠦᠯᠦᠭ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠶᠢ | ᠳ᠋ᠦᠩᠨᠡᠵᠦ᠂ ᠨᠢᠭᠡ ᠪᠦᠯᠦᠭ ᠺᠤᠮᠫᠠᠨᠢ ᠶᠢᠨ ᠵᠠᠰᠠᠯᠲᠠ ᠶᠢᠨ ᠨᠡᠶᠢᠲᠡᠯᠢᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ | ᠳᠡᠯᠭᠡᠷᠡᠭᠦᠯᠦᠨ᠎ᠡ᠃ |