ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠠᠨᠠᠯ ᠬᠤᠷᠢᠶᠠᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/6/5
    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠦᠬᠦ ᠨᠠᠮ ᠤᠨ ᠳᠣᠲᠣᠷ᠎ᠠ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ  ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠢ ᠭᠦᠨᠵᠡᠭᠡᠢ ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ᠂ ︽ᠦᠨᠳᠦᠰᠦᠨ ᠱᠠᠲᠤᠨ ᠳᠤ ᠢᠯᠡᠷᠡᠵᠦ᠂ ᠦᠨᠳᠦᠰᠦ ᠨᠢ ᠳᠡᠭᠡᠷ᠎ᠡ ᠳᠡᠰ ᠲᠤ ᠪᠠᠶᠢᠬᠤ︾ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠮᠠᠨ ᠤ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠶᠢᠨ ᠲᠥᠯᠥᠭᠡ᠂ ᠤᠳᠤ ᠥᠷᠭᠡᠨ ᠤᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠬᠠᠨᠳᠤᠭᠤᠯᠤᠨ ᠢᠯᠡ ᠪᠠᠷ ᠰᠠᠨᠠᠯ ᠰᠠᠨᠠᠭᠤᠯᠭ᠎ᠠ ᠬᠤᠷᠢᠶᠠᠵᠤ ᠪᠠᠶᠢᠨ᠎ᠠ᠃    ᠨᠢᠭᠡ᠂ ᠰᠠᠨᠠᠯ ᠬᠤᠷᠢᠶᠠᠬᠤ ᠠᠭᠤᠯᠭ᠎ᠠ    1 . ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠠᠰᠠᠭᠤᠳᠠᠯ ᠤᠨ ᠲᠤᠬᠠᠢ᠂ ᠵᠢᠱᠢᠶᠡᠯᠡᠪᠡᠯ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ︽ᠲᠦᠷᠪᠡᠨ ᠮᠠᠭᠤ ᠰᠤᠷᠲᠠᠯ︾ ᠤᠨ ᠠᠰᠠᠭᠤᠳᠠᠯ ᠣᠷᠣᠰᠢᠵᠤ ᠪᠠᠶᠢᠬᠤ ᠡᠰᠡᠬᠦ᠃    2 . ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠬᠦ ᠠᠷᠭ᠎ᠠ ᠬᠡᠯᠪᠡᠷᠢ᠂ ᠠᠭᠤᠯᠭ᠎ᠠ᠂ ᠦᠷ᠎ᠡ ᠪᠦᠲᠦᠮᠵᠢ ᠵᠡᠷᠭᠡ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠬᠡᠷᠬᠢᠨ ᠲᠠᠷᠢᠬᠢ ᠲᠣᠯᠣᠭᠠᠶ ᠳᠠᠭᠠᠨ ᠬᠠᠳᠠᠩᠰᠢᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠣᠯᠣᠭᠰᠠᠨ ᠡᠰᠡᠬᠦ᠃    3. ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠷᠣᠨ ᠨᠤᠲᠤᠭ ᠲᠤ ᠦᠢᠯᠡᠴᠢᠯᠡᠬᠦ᠂ ᠨᠡᠶᠢᠭᠡᠮ ᠳᠤ ᠦᠢᠯᠡᠴᠢᠯᠡᠬᠦ᠂ ᠠᠵᠤ ᠠᠬᠤᠶᠢᠯᠠᠯ ᠳᠤ ᠦᠢᠯᠡᠴᠢᠯᠡᠬᠦ ᠶᠠᠪᠤᠴᠠ ᠳᠤ ᠬᠡᠷᠬᠢᠨ ᠠᠵᠢᠯ ᠤᠨ ᠰᠤᠷᠲᠠᠯ ᠢᠶᠠᠨ ᠤᠯᠠᠮ ᠰᠠᠶᠢᠵᠢᠷᠠᠭᠤᠯᠬᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂  ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠤᠬᠠᠶ ᠰᠠᠨᠠᠯ ᠰᠠᠨᠠᠭᠤᠯᠭ᠎ᠠ᠃    4 . ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠯᠤᠭ᠎ᠠ ᠬᠤᠯᠪᠣᠭᠳᠠᠬᠤ ᠪᠤᠰᠤᠳ ᠰᠠᠨᠠᠯ ᠪᠠ ᠰᠠᠨᠠᠭᠤᠯᠭ᠎ᠠ᠃    ᠬᠤᠶᠠᠷ᠂ ᠰᠠᠨᠠᠯ ᠬᠤᠷᠢᠶᠠᠬᠤ ᠠᠷᠭ᠎ᠠ ᠮᠠᠶ᠋ᠢᠭ    1 . ᠤᠲᠠᠰᠤ ᠪᠠᠷ ᠬᠠᠷᠢᠭᠤ ᠲᠤᠰᠬᠠᠬᠤ᠄ 1559824399᠂  ᠠᠵᠢᠯᠯᠠᠬᠤ ᠡᠳᠦᠷ ᠪᠦᠲᠦᠨ ᠴᠠᠭ ᠢᠶᠠᠷ ᠵᠠᠯᠭᠠᠨ ᠰᠣᠨᠣᠰᠤᠨ᠎ᠠ᠃    2 . ᠢᠮᠧᠯ᠄ ᠢᠮᠧᠯ ᠢᠯᠡᠭᠡᠬᠦ ᠳᠤ nmgtjjjgdw@163.com᠂ ᠢᠮᠧᠯ ᠤᠨ ᠭᠤᠤᠯ ᠰᠡᠳᠦᠪ  ᠲᠡᠭᠡᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠤᠨ ᠰᠠᠨᠠᠯ ᠬᠤᠷᠢᠶᠠᠬᠤ︾ ᠶᠢ ᠲᠣᠳᠣᠷᠬᠠᠶᠢᠯᠠᠭᠠᠷᠠᠶ᠃    ᠭᠤᠷᠪᠠ᠂ ᠴᠠᠭ ᠤᠨ ᠲᠤᠬᠢᠷᠠᠭᠤᠯᠤᠯᠳᠠ    ᠲᠣᠰ ᠵᠠᠬᠢᠳᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2025 ᠣᠨ ᠤ 7 ᠰᠠᠷ᠎ᠠ ᠶᠢᠨ 31 ᠤ ᠡᠳᠦᠷ ᠪᠣᠯᠲᠠᠯ᠎ᠠ᠃    ᠪᠢᠳᠡ ᠬᠦᠯᠢᠶᠡᠨ ᠠᠪᠤᠭᠰᠠᠨ ᠰᠠᠨᠠᠯ ᠪᠠ ᠰᠠᠨᠠᠭᠤᠯᠭ᠎ᠠ ᠪᠠᠨ ᠬᠢᠨᠠᠮᠠᠭᠠᠢ ᠡᠮᠬᠢᠯᠡᠨ ᠲᠢᠭᠯᠡᠵᠦ᠂ ᠵᠠᠳᠠᠯᠤᠨ ᠰᠤᠳᠤᠯᠬᠤ ᠶᠢᠨ ᠬᠠᠮᠲᠤ ᠲᠡᠭᠦᠨ ᠢᠶᠠᠷ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠡᠭᠦᠨ ᠤ ᠬᠠᠮᠲᠤ᠂ ᠪᠢᠳᠡ ᠬᠠᠷᠢᠭᠤ ᠲᠤᠰᠬᠠᠭᠰᠠᠨ ᠬᠥᠮᠦᠨ ᠤ ᠬᠤᠪᠢ ᠬᠥᠮᠦᠨ ᠤ ᠮᠡᠳᠡᠭᠡ ᠵᠠᠩᠭᠢ ᠪᠠ ᠨᠢᠭᠤᠴᠠ ᠶᠢ ᠴᠢᠩᠭ᠎ᠠ ᠬᠠᠮᠠᠭᠠᠯᠠᠨ᠎ᠠ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠪᠠᠶᠢᠭᠤᠯᠭ᠎ᠠ ᠶᠢᠨ ᠬᠤᠷᠢᠶ᠎ᠠ               2025 ᠣᠨ ᠤ 5 ᠳ᠋ᠤᠭᠠᠷ ᠰᠠᠷ᠎ᠠ ᠶᠢᠨ 15 ᠤ ᠡᠳᠦᠷ  
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号