2024 ᠣᠨ᠎ᠳᠤ᠂ ᠪᠦᠬᠦ ᠣᠷᠣᠨ ᠳᠠᠶᠠᠭ᠋ᠠᠷ ᠥᠪᠥᠷ ᠮᠣᠩᠭᠣᠯ᠎ᠤᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠬᠤ ᠵᠢ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠵᠤ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠦᠯᠦᠭᠵᠢᠯ᠂ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠬᠤ᠎ᠪᠠᠷ ᠭᠠᠷᠳᠠᠴᠠ ᠪᠣᠯᠭ᠋ᠠᠵᠤ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠦᠷᠭᠦᠯᠵᠢᠯᠡᠬᠦ ᠬᠥᠭᠵᠢᠯᠲᠡ ᠵᠢᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠬᠦᠴᠦᠯᠡᠨ ᠪᠠᠶ᠋ᠢᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠲᠣᠭᠲᠠᠭᠤᠨ ᠨᠡᠮᠡᠭᠳᠡᠯ᠎ᠢ ᠪᠠᠲᠤᠯᠠᠪᠠ᠃ ᠪᠣᠳᠠᠲᠠᠢ᠎ᠪᠠᠷ ᠦᠵᠡᠪᠡᠯ᠂ ᠪᠦᠬᠦ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠬᠥᠳᠡᠯᠭᠡᠬᠦ ᠡᠨᠧᠷᠭᠢ᠎ᠨᠢ ᠳᠣᠣᠷᠠᠬᠢ ᠮᠡᠲᠦ ᠬᠡᠳᠦᠨ ᠲᠠᠯ᠎ᠠ ᠪᠤᠢ᠃
ᠨᠢᠭᠡ᠎ᠳᠤ᠂ ᠡᠨᠧᠷᠭᠢ ᠵᠢᠨ ᠠᠵᠤ ᠦᠢ᠍ᠯᠡᠳᠪᠦᠷᠢ ᠵᠢᠨ 《ᠰᠠᠭᠤᠷᠢ ᠴᠢᠯᠠᠭᠤ》 ᠵᠢᠨ ᠦᠢ᠍ᠯᠡᠳᠦᠯ ᠲᠣᠪᠣᠶ᠋ᠢᠮ᠎ᠠ ᠪᠠᠶ᠋ᠢᠨ᠎ᠠ᠃ 2024 ᠣᠨ᠎ᠳᠤ᠂ ᠪᠥᠬᠥ ᠣᠷᠣᠨ ᠳᠠᠶᠠᠭ᠋ᠠᠷ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠎ᠲᠠᠢ ᠨᠢᠭᠲᠠ ᠤᠶᠠᠯᠳᠤᠭᠤᠯᠤᠨ᠂ ᠨᠡᠭᠦᠷᠡᠰᠦ ᠴᠠᠬᠢᠯᠭ᠋ᠠᠨ ᠲᠣᠰᠣ ᠬᠡᠶ ᠰᠠᠯᠬᠢ ᠬᠡᠷᠡᠯ᠎ᠢ ᠵᠡᠷᠭᠡ᠎ᠪᠠᠷ ᠬᠥᠭᠵᠢᠭᠦᠯᠬᠦ᠂ ᠰᠢᠨ᠎ᠡ ᠬᠠᠭᠤᠴᠢᠨ ᠡᠨᠧᠷᠭᠢ ᠬᠠᠮᠵᠢᠯᠴᠠᠨ ᠬᠠᠷᠢᠯᠴᠠᠨ ᠨᠥᠬᠥᠪᠥᠷᠢᠯᠡᠬᠦ ᠵᠢ ᠪᠠᠷᠢᠮᠲᠠᠯᠠᠵᠤ᠂ ᠣᠯᠠᠨ ᠡᠨᠧᠷᠭᠢ ᠵᠢ ᠬᠠᠷᠢᠯᠴᠠᠨ ᠨᠥᠬᠥᠪᠥᠷᠢᠯᠡᠬᠦ᠂ ᠣᠯᠠᠨ ᠦᠢ᠍ᠯᠡᠰ᠎ᠢ ᠵᠡᠷᠭᠡ᠎ᠪᠠᠷ ᠬᠥᠭᠵᠢᠭᠦᠯᠬᠦ᠂ ᠣᠯᠠᠨ ᠡᠰᠢᠵᠢᠵᠦ ᠬᠥᠭᠵᠢᠬᠦ ᠡᠨᠧᠷᠭᠢ ᠵᠢᠨ ᠠᠵᠤ ᠦᠢ᠍ᠯᠡᠰ᠎ᠤᠨ ᠪᠠᠶ᠋ᠢᠷᠢᠰᠢᠯ᠎ᠢ ᠬᠦᠴᠦᠯᠡᠨ ᠪᠠᠶ᠋ᠢᠭᠤᠯᠪᠠ᠃ 2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠡᠨᠧᠷᠭᠢ ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 5.1%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠪᠥᠬᠥ ᠠᠵᠤ ᠦᠢ᠍ᠯᠡᠳᠪᠦᠷᠢ ᠵᠢᠨ 56.7% ᠵᠢ ᠡᠵᠡᠯᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 51.8%᠎ᠳᠤ ᠬᠦᠷᠴᠡᠶ᠃ ᠡᠭᠦᠨ᠎ᠤ ᠬᠠᠮᠲᠤ᠂ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠨᠡᠭᠦᠷᠡᠰᠦ ᠮᠠᠯᠲᠠᠬᠤ ᠪᠠ ᠤᠬᠢᠶᠠᠵᠤ ᠰᠣᠩᠭᠣᠬᠤ ᠦᠢ᠍ᠯᠡᠰ 2024 ᠣᠨ᠎ᠤ 7 ᠰᠠᠷ᠎ᠠ᠎ᠠᠴᠠ ᠨᠠᠭ᠋ᠠᠰᠢ ᠵᠠᠯᠭ᠋ᠠᠭ᠎ᠠ᠎ᠪᠠᠷ 6 ᠰᠠᠷ᠎ᠠ 5%᠎ᠠᠴᠠ ᠳᠡᠭᠡᠭᠰᠢᠬᠢ ᠨᠡᠮᠡᠭᠳᠡᠯ᠎ᠤᠨ ᠬᠤᠷᠳᠤᠴᠠ ᠵᠢ ᠪᠠᠲᠤᠯᠠᠵᠤ᠂ ᠪᠥᠬᠥ ᠵᠢᠯ᠎ᠳᠤ 5.1%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠲᠦᠭᠦᠬᠡᠶ ᠨᠡᠭᠦᠷᠡᠰᠦᠨ᠎ᠤ ᠭᠠᠷᠤᠯᠲᠠ ᠨᠢᠳᠤᠨᠤᠨ᠎ᠤ ᠥᠨᠳᠥᠷ ᠰᠠᠭᠤᠷᠢ ᠲᠣᠭ᠎ᠠ ᠵᠢᠨ ᠲᠠᠯ᠎ᠠ᠎ᠪᠠᠷ 5.4%᠎ᠪᠠᠷ ᠨᠡᠮᠡᠭᠳᠡᠪᠡ᠃ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 8.2% ᠵᠶ᠋ᠠᠷ ᠨᠡᠮᠡᠭᠳᠡᠵᠦ᠂ ᠭᠤᠤᠯᠳᠠᠭᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠴᠠᠬᠢᠯᠭ᠋ᠠᠨ ᠭᠠᠷᠭ᠋ᠠᠬᠤ ᠬᠡᠮᠵᠢᠶ᠎ᠡ 9%᠎ᠠᠴᠠ ᠳᠡᠭᠡᠭᠰᠢ ᠨᠡᠯᠢᠶᠡᠳ ᠲᠦᠷᠭᠡᠨ ᠨᠡᠮᠡᠭᠳᠡᠵᠦ᠂ ᠢᠯᠠᠩᠭᠤᠶ᠎ᠠ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ ᠬᠣᠶᠠᠷ ᠣᠷᠣᠨᠲᠤ ᠲᠣᠭ᠎ᠠ᠎ᠠᠴᠠ ᠳᠡᠭᠡᠭᠰᠢᠬᠢ ᠨᠡᠮᠡᠭᠳᠡᠯ᠎ᠢ ᠪᠠᠲᠤᠯᠠᠭᠰᠠᠨ᠎ᠠᠴᠠ ᠪᠣᠯᠵᠠᠶ᠃
ᠬᠣᠶᠠᠷ᠎ᠲᠤ᠂ ᠦᠢ᠍ᠯᠡᠳᠬᠦ ᠦᠢ᠍ᠯᠡᠰ᠎ᠤᠨ ᠲᠤᠯᠭ᠋ᠠᠭᠤᠷᠢᠯᠠᠬᠤ ᠦᠢ᠍ᠯᠡᠳᠦᠯ ᠲᠣᠪᠣᠶ᠋ᠢᠮ᠎ᠠ ᠪᠠᠶ᠋ᠢᠨ᠎ᠠ᠃ ᠦᠢ᠍ᠯᠡᠳᠬᠦ ᠦᠢ᠍ᠯᠡᠰ ᠪᠣᠯ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠭᠣᠣᠯ ᠲᠠᠢ᠍ᠢ᠍ᠨ᠎ᠤ ᠲᠠᠯᠠᠪᠤᠷ ᠪᠣᠯᠬᠤ ᠪᠥᠭᠡᠳ ᠪᠠᠰᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠠᠮᠤᠭ᠎ᠤᠨ ᠡᠮᠦᠨ᠎ᠡ ᠹᠷᠣᠨᠲ ᠪᠣᠯᠤᠨ᠎ᠠ᠃ 2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 6.8% ᠵᠢᠨ ᠨᠡᠮᠡᠭᠳᠡᠯ᠎ᠤᠨ ᠬᠤᠷᠳᠤᠴᠠ ᠵᠢ ᠪᠠᠲᠤᠯᠠᠵᠤ ᠴᠢᠳᠠᠭᠰᠠᠨ᠎ᠨᠢ ᠦᠢ᠍ᠯᠡᠳᠬᠦ ᠦᠢ᠍ᠯᠡᠰ᠎ᠤᠨ ᠭᠠᠪᠢᠶ᠎ᠠ ᠵᠢᠳᠬᠦᠯ᠎ᠠᠴᠠ ᠰᠠᠯᠵᠤ ᠪᠣᠯᠤᠰᠢ ᠥᠬᠡᠶ ᠶᠤᠮ᠃ 2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 9.3%᠎ᠪᠠᠷ ᠨᠡᠮᠡᠭᠳᠡᠵᠦ᠂ ᠡᠨᠡ ᠵᠢᠯ᠎ᠠᠴᠠ ᠨᠠᠭ᠋ᠠᠰᠢ ᠪᠦᠬᠦᠶ᠋ᠢᠯᠡ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ ᠦᠷᠭᠦᠯᠵᠢᠯᠡᠨ ᠲᠦᠷᠭᠡᠨ ᠪᠣᠯᠵᠣ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠢ 3.3 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠡᠭᠦᠨ᠎ᠳᠤ᠂ ᠲᠦᠭᠦᠬᠡᠶ ᠮᠠᠲ᠋ᠧᠷᠢᠶᠠᠯ ᠦᠢ᠍ᠯᠡᠳᠬᠦ ᠦᠢ᠍ᠯᠡᠰ ᠲᠦᠷᠦᠭᠦᠦ ᠵᠢᠯ᠎ᠤᠨ᠎ᠬᠢ᠎ᠠᠴᠠ 8.4%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ᠎ᠲᠠᠬᠢ ᠡᠵᠡᠯᠡᠬᠦ ᠬᠤᠪᠢ ᠵᠢᠨ ᠵᠢᠩ 70.3%᠎ᠳᠤ ᠬᠦᠷᠴᠦ᠂ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 67.9%᠎ᠳᠤ ᠬᠦᠷᠴᠡᠶ᠃
ᠭᠤᠷᠪᠠ᠎ᠳᠤ᠂ 《ᠰᠢᠯᠢᠳᠡᠭ》 ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠲᠠᠰ ᠳᠡᠪᠰᠢᠭᠦᠯᠪᠡ᠃ 2024 ᠣᠨ᠎ᠳᠤ᠂ ᠪᠥᠬᠥ ᠣᠷᠣᠨ ᠳᠠᠶᠠᠭ᠋ᠠᠷ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠣᠶ ᠪᠣᠯᠭ᠋ᠠᠬᠤ ᠶᠡᠷᠦᠩᠬᠡᠶ ᠬᠠᠷᠠᠯᠲᠠ ᠵᠢᠨ ᠲᠣᠭᠣᠷᠢᠨ
ᠳᠤ᠂ ᠠᠵᠤ ᠠᠬᠤᠶ᠋ᠢᠯᠠᠯ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ ᠪᠠ ᠬᠦᠷᠲᠡᠮᠵᠢ ᠵᠢᠨ ᠲᠥᠷᠥᠭᠳᠡᠯ ᠵᠶ᠋ᠠᠷ ᠤᠳᠤᠷᠢᠳᠤᠮᠵᠢ ᠪᠣᠯᠭ᠋ᠠᠵᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠵᠢ ᠠᠬᠢᠭᠤᠯᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠪᠡᠶᠡᠴᠢ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ 2024 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠲᠣᠭ᠎ᠠ 4 ᠮᠢᠩᠭ᠋ᠠᠨ ᠡᠷᠦᠬᠡ ᠵᠢ ᠳᠠᠪᠠᠵᠤ᠂ 4098 ᠡᠷᠦᠬᠡ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 529 ᠡᠷᠦᠬᠡ ᠰᠢᠨ᠎ᠡ᠎ᠪᠠᠷ ᠨᠡᠮᠡᠭᠳᠡᠪᠡ᠃ ᠢᠯᠠᠩᠭᠤᠶ᠎ᠠ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠠᠯᠢ ᠣᠯᠠᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠳᠤᠤᠷ᠎ᠠ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠠᠮᠢᠵᠢᠷᠠᠯ᠎ᠤᠨ ᠬᠦᠴᠦᠨ ᠦᠷᠭᠦᠯᠵᠢᠯᠡᠨ ᠪᠠᠳᠠᠷᠠᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠷᠠᠳ᠎ᠠᠴᠠ ᠡᠵᠡᠩᠨᠡᠭᠰᠡᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 7.7%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠪᠦᠬᠦᠯᠢ ᠴᠣᠭᠴᠠ ᠵᠢᠨ ᠬᠢᠷᠢ ᠲᠦᠪᠰᠢᠨ᠎ᠠᠴᠠ 0.9 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠢ 3.7 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃