ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
ᠰᠠᠷᠠᠩᠭᠤᠸ᠎ᠠ᠄ 2024 ᠣᠨ᠎ᠤ ᠥᠪᠥᠷ ᠮᠣᠩᠭᠣᠯ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ
ᠨᠡᠶ᠋ᠢᠲᠡᠯᠡᠭᠰᠡᠨ ᠴᠠᠭ᠄ 2025-01-23

    2024 ᠣᠨ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ᠎ᠨᠢ ᠲᠦᠷᠦᠭᠦᠦ ᠵᠢᠯ᠎ᠤᠨ᠎ᠬᠢ᠎ᠠᠴᠠ᠎ᠪᠠᠨ 4.5%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ᠎ᠪᠠᠨ 1.1 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠳᠡᠭᠡᠷ᠎ᠡ ᠬᠠᠭ᠋ᠠᠰ ᠵᠢᠯ ᠪᠠ ᠨᠢᠭᠡᠳᠦᠭᠡᠷ ᠤᠯᠠᠷᠢᠯ᠎ᠤᠨ᠎ᠬᠢ᠎ᠠᠴᠠ᠎ᠪᠠᠨ 1.7 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠪᠥᠬᠥ ᠤᠯᠤᠰ᠎ᠤᠨ᠎ᠬᠢ᠎ᠠᠴᠠ᠎ᠪᠠᠨ 1.0 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠤᠯᠤᠰ᠎ᠲᠤ 12 ᠳ᠋ᠤᠭ᠋ᠠᠷ᠎ᠲᠤ ᠵᠢᠭᠰᠠᠭ᠋ᠠᠭᠳᠠᠵᠤ᠂ 2023 ᠣᠨ᠎ᠳᠤ 4 ᠪᠠᠶ᠋ᠢᠷᠢ ᠳᠡᠭᠡᠭᠰᠢᠯᠡᠭᠰᠡᠨ ᠰᠠᠭᠤᠷᠢᠨ ᠳᠡᠭᠡᠷ᠎ᠡ ᠳᠠᠬᠢᠨ 2 ᠳ᠋ᠤᠭ᠋ᠠᠷ᠎ᠲᠤ ᠣᠷᠣᠵᠤ᠂ 2007 ᠣᠨ᠎ᠠᠴᠠ ᠨᠠᠰᠢᠬᠢ ᠬᠠᠮᠤᠭ᠎ᠤᠨ ᠰᠠᠶ᠋ᠢᠨ ᠪᠠᠶ᠋ᠢᠷᠢ ᠰᠠᠭᠤᠷᠢ ᠵᠢ ᠡᠭᠦᠳᠴᠡᠶ᠃ ᠤᠯᠠᠷᠢᠯ ᠬᠤᠪᠢᠶᠠᠵᠤ ᠦᠵᠡᠪᠡᠯ᠂ ᠨᠢᠭᠡᠳᠦᠭᠡᠷ ᠤᠯᠠᠷᠢᠯ᠂ ᠬᠣᠶᠠᠳᠤᠭ᠋ᠠᠷ ᠤᠯᠠᠷᠢᠯ᠂ ᠭᠤᠷᠪᠠᠳᠤᠭ᠋ᠠᠷ ᠤᠯᠠᠷᠢᠯ᠂ ᠳᠥᠷᠪᠡᠳᠦᠭᠡᠷ ᠤᠯᠠᠷᠢᠯ᠎ᠤᠨ ᠨᠡᠮᠡᠭᠳᠡᠯ᠎ᠤᠨ ᠬᠤᠷᠳᠤᠴᠠ᠎ᠨᠢ ᠲᠣᠰ ᠲᠣᠰ 2.8%᠂ 2.8%᠂ 4.4% ᠪᠠ 7.1% ᠪᠣᠯᠤᠨ᠎ᠠ᠃ ᠶᠡᠷᠦᠩᠬᠡᠶ᠎ᠳᠤᠨᠢ ᠠᠪᠴᠤ ᠦᠵᠡᠪᠡᠯ᠂ ᠪᠦᠬᠦ ᠵᠢᠯ᠎ᠤᠨ ᠬᠣᠷᠰᠢᠶ᠎ᠠ ᠵᠢᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ ᠵᠢᠨ ᠨᠡᠮᠡᠭᠳᠡᠯ᠎ᠤᠨ ᠬᠤᠷᠳᠤᠴᠠ ᠲᠣᠭᠲᠠᠭᠤᠨ ᠵᠶ᠋ᠠᠷ ᠳᠡᠭᠡᠭᠰᠢᠯᠡᠬᠦ᠂ ᠠᠯᠬᠤᠮ ᠠᠯᠬᠤᠮ ᠵᠶ᠋ᠠᠷ ᠲᠦᠷᠭᠡᠳᠬᠡᠬᠦ ᠪᠠᠶ᠋ᠢᠳᠠᠯ᠎ᠲᠠᠢ ᠪᠠᠶ᠋ᠢᠨ᠎ᠠ᠃
    ᠨᠢᠭᠡ᠂ ᠬᠣᠲᠠ ᠬᠥᠳᠡᠭᠡ ᠵᠢᠨ ᠵᠠᠬ᠎ᠠ ᠳᠡᠯᠭᠡᠭᠦᠷ ᠬᠠᠮᠲᠤ᠎ᠪᠠᠷ ᠪᠤᠵᠠᠭ᠋ᠠᠶ᠋ᠢᠷᠠᠵᠤ᠂ ᠢᠳᠡᠭᠡᠨ ᠤᠮᠳᠠᠭ᠋ᠠᠨ᠎ᠤ ᠬᠡᠷᠡᠭᠯᠡᠭᠡᠨ᠎ᠤ ᠲᠠᠸᠠᠷ᠎ᠤᠨ ᠵᠢᠵᠢᠭᠯᠡᠨ ᠬᠤᠳᠠᠯᠳᠤᠬᠤ ᠯᠠᠪᠳᠠᠭᠤᠨ ᠵᠶ᠋ᠠᠷ ᠨᠡᠮᠡᠭᠳᠡᠪᠡ᠃ 2024 ᠣᠨ᠎ᠳᠤ᠂ ᠪᠥᠬᠥ ᠣᠷᠣᠨ᠎ᠤ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ᠎ᠪᠠᠨ 4.4%᠎ᠪᠠᠷ ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4.8%᠎ᠪᠠᠷ ᠨᠡᠮᠡᠭᠳᠡᠪᠡ᠃ ᠢᠳᠡᠭᠡᠨ ᠤᠮᠳᠠᠭ᠋ᠠᠨ᠎ᠤ ᠣᠷᠣᠯᠭ᠎ᠠ ᠳᠡᠭᠡᠷ᠎ᠡ ᠵᠢᠯ᠎ᠤᠨ᠎ᠬᠢ᠎ᠠᠴᠠ 6.3%᠎ᠪᠠᠷ ᠨᠡᠮᠡᠭᠳᠡᠵᠦ᠂ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ 4.2% ᠵᠶ᠋ᠠᠷ ᠨᠡᠮᠡᠭᠳᠡᠪᠡ᠃
    ᠬᠣᠶᠠᠷ᠂ ᠵᠠᠪᠠᠯ ᠬᠡᠷᠡᠭᠰᠡᠬᠦ ᠬᠡᠷᠡᠭᠯᠡᠭᠡ ᠵᠢᠨ ᠲᠤᠯᠭ᠋ᠠᠭᠤᠷᠢᠯᠠᠯ ᠬᠦᠴᠦᠲᠡᠶ ᠪᠠᠶ᠋ᠢᠵᠤ᠂ ᠲᠥᠷᠥ ᠵᠢᠨ ᠪᠣᠳᠣᠯᠭ᠎ᠠ᠎ᠪᠠᠷ ᠬᠠᠮᠢᠶ᠎ᠠ ᠪᠥᠬᠥᠶ ᠲᠠᠸᠠᠷ᠎ᠤᠨ ᠪᠣᠷᠣᠯᠠᠭᠤᠯᠤᠯᠲᠠ ᠵᠢ ᠳᠠᠶ᠋ᠢᠴᠢᠯᠠᠨ ᠰᠠᠶ᠋ᠢᠵᠢᠷᠠᠬᠤ ᠬᠠᠨᠳᠤᠰᠢ᠎ᠲᠠᠢ ᠪᠣᠯᠭ᠋ᠠᠪᠠ᠃ 2024 ᠣᠨ᠎ᠳᠤ᠂ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠠᠮᠤ ᠲᠣᠰᠣ ᠢᠳᠡᠭᠡᠨ᠎ᠤ ᠲᠥᠷᠥᠯ᠂ ᠤᠮᠳᠠᠭ᠋ᠠᠨ᠎ᠤ ᠲᠥᠷᠥᠯ᠂ ᠠᠷᠢᠬᠢ ᠲᠠᠮᠠᠬᠢ ᠵᠢᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠣᠰ ᠲᠣᠰ ᠲᠦᠷᠦᠭᠦᠦ ᠵᠢᠯ᠎ᠤᠨ᠎ᠬᠢ᠎ᠠᠴᠠ 14.0%᠂ 21.9% ᠪᠠ 6.5%᠎ᠪᠠᠷ ᠨᠡᠮᠡᠭᠳᠡᠪᠡ᠃ ᠠᠮᠢᠳᠤᠷᠠᠯ᠎ᠤᠨ ᠬᠡᠷᠡᠭᠯᠡᠭᠡ ᠵᠢᠨ ᠬᠠᠲᠠᠭᠤ ᠬᠡᠷᠡᠭᠴᠡᠭᠡ ᠱᠠᠭ᠋ᠠᠷᠳᠠᠯᠭ᠎ᠠ᠎ᠨᠢ ᠪᠥᠬᠥ ᠣᠷᠣᠨ᠎ᠤ ᠬᠡᠷᠡᠭᠯᠡᠭᠡ ᠵᠢᠨ ᠵᠠᠬ᠎ᠠ ᠳᠡᠯᠭᠡᠭᠦᠷ᠎ᠤᠨ ᠴᠢᠬᠤᠯᠠ ᠲᠤᠯᠭ᠋ᠠᠭᠤᠷᠢᠯᠠᠯ ᠪᠣᠯᠵᠣ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠬᠡᠷᠡᠭᠯᠡᠭᠡ ᠵᠢᠨ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠵᠢ ᠳᠠᠶ᠋ᠢᠴᠢᠯᠠᠨ 1.8 ᠵᠠᠭᠤᠨ᠎ᠤ ᠬᠤᠪᠢ ᠵᠢᠨ ᠴᠡᠭ ᠨᠡᠮᠡᠭᠳᠡᠭᠦᠯᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ᠎ᠨᠢ 34.6%᠎ᠳᠤ ᠬᠥᠷᠪᠡ᠃
    ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢᠨ ᠳᠠᠶ᠋ᠢᠴᠢᠯᠠᠯᠲᠠ᠎ᠪᠠᠷ᠂ ᠮᠠᠰᠢᠨ ᠲᠡᠷᠭᠡᠨ᠎ᠤ ᠲᠥᠷᠥᠯ᠂ ᠭᠡᠷ᠎ᠤᠨ ᠴᠠᠬᠢᠯᠭ᠋ᠠᠨ ᠬᠡᠷᠡᠭᠰᠡᠯ᠎ᠤᠨ ᠲᠥᠷᠥᠯ ᠪᠠ ᠭᠡᠷ᠎ᠤᠨ ᠬᠡᠷᠡᠭᠰᠡᠯ᠎ᠤᠨ ᠲᠥᠷᠥᠯ᠎ᠤᠨ ᠲᠠᠸᠠᠷ᠎ᠤᠨ ᠪᠣᠷᠣᠯᠠᠭᠤᠯᠭ᠎ᠠ ᠰᠠᠶ᠋ᠢᠵᠢᠷᠠᠪᠠ᠃ 2024 ᠣᠨ᠎ᠳᠤ᠂ ᠪᠥᠬᠥ ᠣᠷᠣᠨ᠎ᠤ ᠬᠢᠵᠠᠭ᠋ᠠᠷᠯᠠᠭᠰᠠᠨ ᠮᠠᠰᠢᠨ ᠲᠡᠷᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ 14.8%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ 9.8 ᠵᠠᠭᠤᠨ᠎ᠤ ᠬᠤᠪᠢ ᠵᠢᠨ ᠴᠡᠭ ᠲᠦᠷᠭᠡᠳᠪᠡ᠃ ᠡᠭᠦᠨ᠎ᠳᠤ᠂ ᠰᠢᠨ᠎ᠡ ᠡᠨᠧᠷᠭᠢ ᠵᠢᠨ ᠮᠠᠰᠢᠨ ᠲᠡᠷᠭᠡ 94.7%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ 15.4 ᠵᠠᠭᠤᠨ᠎ᠤ ᠬᠤᠪᠢ ᠵᠢᠨ ᠴᠡᠭ ᠲᠦᠷᠭᠡᠳᠪᠡ᠃ ᠪᠥᠬᠥ ᠣᠷᠣᠨ᠎ᠤ ᠬᠢᠵᠠᠭ᠋ᠠᠷᠯᠠᠭᠰᠠᠨ᠎ᠠᠴᠠ ᠳᠡᠭᠡᠭᠰᠢᠬᠢ ᠨᠢᠭᠡᠴᠡ ᠵᠢᠨ ᠬᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠥᠷᠥᠯ᠂ ᠬᠡᠷ᠎ᠤᠨ ᠬᠡᠷᠡᠭᠰᠡᠯ᠎ᠤᠨ ᠲᠥᠷᠥᠯ ᠪᠠ ᠪᠠᠷᠢᠯᠭ᠎ᠠ ᠵᠢᠴᠢ ᠴᠢᠮᠡᠭᠯᠡᠯ᠎ᠤᠨ ᠮᠠᠲ᠋ᠧᠷᠢᠶᠠᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ ᠲᠣᠰ ᠲᠣᠰ 13.8᠂ 9.7 ᠪᠠ 25.7 ᠵᠠᠭᠤᠨ᠎ᠤ ᠬᠤᠪᠢ ᠵᠢᠨ ᠴᠡᠭ ᠲᠦᠷᠭᠡᠳᠪᠡ᠃
    ᠭᠤᠷᠪᠠ᠂ ᠰᠦᠯᠵᠢᠶᠡᠨ ᠳᠡᠭᠡᠷᠡᠬᠢ ᠬᠡᠷᠡᠭᠯᠡᠭᠡ ᠦᠷᠭᠦᠯᠵᠢᠯᠡᠨ ᠬᠥᠭᠵᠢᠶᠡᠨ᠎ᠲᠠᠢ ᠪᠠᠶ᠋ᠢᠵᠤ᠂ ᠪᠣᠳᠠᠲᠤ ᠴᠣᠭᠴᠠ ᠵᠢᠨ ᠵᠢᠵᠢᠭᠯᠡᠨ ᠬᠤᠳᠠᠯᠳᠤᠬᠤ ᠡᠵᠡᠩᠨᠡᠯᠲᠡ ᠰᠠᠶ᠋ᠢᠵᠢᠷᠠᠬᠤ ᠬᠠᠨᠳᠤᠰᠢ᠎ᠲᠠᠢ ᠪᠣᠯᠪᠠ᠃ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠳᠠᠭ᠋ᠠᠭᠤᠯᠬᠤ᠂ ᠳᠠᠷᠤᠶ᠋ᠢᠬᠠᠨ ᠵᠢᠵᠢᠭᠯᠡᠨ ᠬᠤᠳᠠᠯᠳᠤᠬᠤ ᠵᠡᠷᠭᠡ ᠡᠯᠧᠺᠲᠷᠣᠨ ᠬᠤᠳᠠᠯᠳᠤᠭ᠋ᠠᠨ᠎ᠤ ᠰᠢᠨ᠎ᠡ ᠵᠠᠭᠪᠤᠷ ᠲᠦᠷᠭᠡᠨ ᠬᠥᠭᠵᠢᠵᠦ᠂ ᠰᠦᠯᠵᠢᠶᠡᠨ ᠳᠡᠭᠡᠷᠡᠬᠢ ᠬᠡᠷᠡᠭᠯᠡᠭᠡ ᠵᠢᠨ ᠨᠡᠮᠡᠭᠳᠡᠯ᠎ᠢ ᠳᠠᠶ᠋ᠢᠴᠢᠯᠠᠬᠤ ᠦᠢ᠍ᠯᠡᠳᠦᠯ ᠢᠯᠡᠷᠬᠡᠶ ᠪᠣᠯᠪᠠ᠃ 2024 ᠣᠨ᠎ᠳᠤ᠂ ᠪᠥᠬᠥ ᠣᠷᠣᠨ᠎ᠤ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ ᠳᠡᠭᠡᠷ᠎ᠡ ᠵᠢᠯ᠎ᠤᠨ᠎ᠬᠢ᠎ᠠᠴᠠ 9.4%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠬᠣᠷᠰᠢᠶ᠎ᠠ ᠵᠢᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ᠎ᠠᠴᠠ 4.9 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃ ᠡᠭᠦᠨ᠎ᠳᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠵᠢᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ 39.1%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ 8.5 ᠵᠠᠭᠤᠨ᠎ᠤ ᠬᠤᠪᠢ ᠵᠢᠨ ᠴᠡᠭ ᠲᠦᠷᠭᠡᠳᠪᠡ᠃
    ᠠᠷᠠᠯᠵᠢᠶ᠎ᠠ ᠬᠤᠳᠠᠯᠳᠤᠭ᠋ᠠᠨ᠎ᠤ ᠪᠣᠳᠠᠲᠤ ᠴᠣᠭᠴᠠ ᠵᠢᠨ ᠳᠡᠯᠭᠡᠭᠦᠷ ᠬᠡᠷᠡᠭᠯᠡᠭᠡᠨ᠎ᠤ ᠣᠷᠴᠢᠨ ᠲᠣᠭᠣᠷᠢᠨ᠎ᠢ ᠰᠠᠶ᠋ᠢᠵᠢᠷᠠᠭᠤᠯᠬᠤ᠂ ᠬᠡᠷᠡᠭᠯᠡᠭᠡᠨ᠎ᠤ ᠪᠡᠶᠡᠴᠢ ᠣᠶ᠋ᠢᠯᠠᠭ᠋ᠠᠯᠲᠠ ᠵᠢ ᠳᠡᠭᠡᠭᠰᠢᠯᠡᠭᠦᠯᠬᠦ ᠲᠠᠯ᠎ᠠ᠎ᠪᠠᠷ ᠦᠷᠭᠦᠯᠵᠢᠯᠡᠨ

ᠬᠦᠴᠦᠯᠡᠵᠦ᠂ ᠣᠯᠠᠩᠬᠢ ᠡᠵᠡᠩᠨᠡᠯᠲᠡ ᠵᠢᠨ ᠬᠡᠯᠪᠡᠷᠢ ᠵᠢᠨ ᠡᠵᠡᠩᠨᠡᠯᠲᠡ ᠲᠣᠭᠲᠠᠭᠤᠨ ᠵᠶ᠋ᠠᠷ ᠨᠡᠮᠡᠭᠳᠡᠪᠡ᠃ 2024 ᠣᠨ᠎ᠳᠤ᠂ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠳᠡᠯᠭᠡᠭᠦᠷ᠎ᠤᠳ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠨᠢ ᠳᠡᠭᠡᠷ᠎ᠡ ᠵᠢᠯ᠎ᠤᠨ᠎ᠬᠢ᠎ᠠᠴᠠ 10.7%᠎ᠪᠠᠷ ᠨᠡᠮᠡᠭᠳᠡᠪᠡ᠂ ᠡᠭᠦᠨ᠎ᠳᠤ᠂ ᠲᠥᠬᠥᠮ ᠳᠡᠯᠭᠡᠭᠦᠷ᠂ ᠲᠤᠰᠬᠠᠶ ᠳᠡᠯᠭᠡᠭᠦᠷ ᠪᠠ ᠨᠠᠷᠠᠲᠤ ᠲᠥᠷᠥᠯ ᠲᠡᠮᠳᠡᠭᠲᠦ ᠵᠢᠨ ᠲᠤᠰᠬᠠᠶ ᠬᠤᠳᠠᠯᠳᠤᠬᠤ ᠳᠡᠯᠭᠡᠭᠦᠷ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠨᠢ ᠳᠡᠭᠡᠷ᠎ᠡ ᠵᠢᠯ᠎ᠤᠨ᠎ᠬᠢ᠎ᠠᠴᠠ ᠲᠣᠰ ᠲᠣᠰ 11.1%᠂ 13.3% ᠪᠠ 10.2% ᠵᠶ᠋ᠠᠷ ᠨᠡᠮᠡᠭᠳᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠯᠢ ᡁᠢ ᠫᠧᠩ᠄ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠲᠣᠭᠲᠠᠭᠤᠨ ᠵᠶ᠋ᠠᠷ ᠨᠡᠮᠡᠭᠳᠡᠪᠡ
ᠯᠢ ᠨᠠᠨ᠄ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ 13.6% ᠬᠦᠷᠴᠦ ᠪᠥᠬᠥ ᠤᠯᠤᠰ᠎ᠤᠨ ᠬᠣᠶᠠᠳᠤᠭ᠋ᠠᠷ᠎ᠲᠤ ᠣᠷᠣᠪᠠ
ᠳ᠋ᠢᠩ ᠾᠦᠢ᠄ 2024 ᠣᠨ᠎ᠤ ᠪᠥᠬᠥ ᠣᠷᠣᠨ᠎ᠤ ᠡᠨᠧᠷᠭᠢ ᠵᠢᠨ ᠬᠠᠩᠭ᠋ᠠᠯᠭ᠎ᠠ ᠵᠢᠨ ᠪᠠᠲᠤᠯᠠᠭ᠎ᠠ ᠲᠣᠭᠲᠠᠭᠤᠨ ᠪᠥᠭᠡᠳ ᠡᠷᠴᠢᠮᠲᠡᠢ
ᠪᠦᠬᠦ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠣᠭ᠎ᠠ 1.4 ᠲᠦᠮᠡ ᠵᠢ ᠳᠠᠪᠠᠪᠠ
ᠪᠥᠬᠥ ᠣᠷᠣᠨ᠎ᠤ ᠠᠷᠪᠠᠨ ᠬᠣᠶᠠᠳᠤᠭ᠋ᠠᠷ ᠠᠶ᠋ᠢᠮᠠᠭ ᠬᠣᠲᠠ ᠵᠢᠨ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠣᠭ᠎ᠠ ᠬᠡᠮᠵᠢᠶ᠎ᠡ᠎ᠨᠢ ᠴᠥᠮ ᠨᠡᠮᠡᠭᠳᠡᠬᠦ ᠪᠠᠶ᠋ᠢᠳᠠᠯ᠎ᠲᠠᠢ ᠪᠠᠶ᠋ᠢᠨ᠎ᠠ
 
            