ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
ᠪᠦᠬᠦ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠣᠭ᠎ᠠ 1.4 ᠲᠦᠮᠡ ᠵᠢ ᠳᠠᠪᠠᠪᠠ
ᠨᠡᠶ᠋ᠢᠲᠡᠯᠡᠭᠰᠡᠨ ᠴᠠᠭ᠄ 2025-03-18

    2 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ [1]14339 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 1298 ᠨᠡᠮᠡᠭᠳᠡᠵᠦ᠂ 10.0% ᠵᠶ᠋ᠠᠷ ᠨᠡᠮᠡᠭᠳᠡᠪᠡ᠃ ᠡᠭᠦᠨ᠎ᠳᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠬᠣᠨᠣᠭ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ ᠨᠢᠭᠡᠴᠡ 947 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 151 ᠨᠡᠮᠡᠭᠳᠡᠵᠦ᠂ 19.0%᠎ᠪᠠᠷ ᠨᠡᠮᠡᠭᠳᠡᠵᠦ᠂ ᠲᠦᠷᠭᠡᠨ ᠨᠡᠮᠡᠭᠳᠡᠬᠦ ᠪᠠᠶ᠋ᠢᠳᠠᠯ ᠵᠶ᠋ᠠᠨ ᠪᠠᠲᠤᠯᠠᠪᠠ; ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠢᠭᠡᠴᠡ 4064 ᠪᠣᠯᠵᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 533 ᠨᠡᠮᠡᠭᠳᠡᠵᠦ᠂ 15.1%᠎ᠪᠠᠷ ᠨᠡᠮᠡᠭᠳᠡᠨ᠂ ᠪᠥᠬᠥ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠣᠭ᠎ᠠ ᠬᠡᠮᠵᠢᠶ᠎ᠡ ᠵᠢᠨ 4.1 ᠵᠠᠭᠤᠨ᠎ᠤ ᠬᠤᠪᠢ ᠵᠢᠨ ᠴᠡᠭ ᠨᠡᠮᠡᠭᠳᠡᠬᠦ ᠵᠢ ᠳᠠᠶ᠋ᠢᠴᠢᠯᠠᠵᠤ᠂ ᠳᠠᠶ᠋ᠢᠴᠢᠯᠠᠬᠤ ᠦᠢ᠍ᠯᠡᠳᠦᠯ ᠵᠶ᠋ᠠᠷ ᠬᠠᠮᠤᠭ᠎ᠤᠨ ᠶᠡᠬᠡ

ᠪᠣᠯᠪᠠ; ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠨᠢᠭᠡᠴᠡ 2117 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 232 ᠨᠡᠮᠡᠭᠳᠡᠵᠦ᠂ 12.3%᠎ᠪᠠᠷ ᠨᠡᠮᠡᠭᠳᠡᠪᠡ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠢᠭᠡᠴᠡ 4158 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 285 ᠨᠡᠮᠡᠭᠳᠡᠵᠦ᠂ 7.4%᠎ᠪᠠᠷ ᠨᠡᠮᠡᠭᠳᠡᠪᠡ; ᠬᠢᠷᠢ ᠬᠡᠮ᠎ᠲᠠᠢ ᠪᠠᠷᠢᠯᠭ᠎ᠠ ᠵᠢᠨ  ᠦᠢ᠍ᠯᠡᠰ᠎ᠤᠨ ᠨᠢᠭᠡᠴᠡ 1462 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 151 ᠨᠡᠮᠡᠭᠳᠡᠵᠦ᠂ 11.5%᠎ᠪᠠᠷ ᠨᠡᠮᠡᠭᠳᠡᠪᠡ; ᠨᠡᠭᠡᠭᠡᠨ ᠬᠥᠭᠵᠢᠭᠦᠯᠬᠦ ᠡᠵᠡᠩᠨᠡᠯᠲᠡ ᠵᠢᠨ ᠠᠵᠢᠯᠯᠠᠭ᠎ᠠ᠎ᠲᠠᠢ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠬᠦ ᠡᠵᠡᠩᠨᠡᠯᠲᠡ ᠵᠢᠨ ᠨᠢᠭᠡᠴᠡ 1591 ᠪᠣᠯᠵᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 54 ᠬᠠᠰᠤᠭᠳᠠᠵᠤ᠂ 3.3%᠎ᠪᠠᠷ ᠪᠠᠭᠤᠷᠠᠪᠠ᠃
    ᠲᠠᠶ᠋ᠢᠯᠪᠤᠷᠢ᠄[1] 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠭᠡᠳᠡᠭ᠎ᠨᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠂ ᠬᠢᠷᠢ ᠬᠡᠮ᠎ᠲᠠᠢ ᠪᠠᠷᠢᠯᠭ᠎ᠠ ᠵᠢᠨ ᠦᠢ᠍ᠯᠡᠰ᠂ ᠬᠢᠵᠠᠭ᠋ᠠᠷᠯᠠᠭᠰᠠᠨ ᠲᠣᠭ᠋ᠠᠨ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠬᠢᠵᠠᠭ᠋ᠠᠷᠯᠠᠭᠰᠠᠨ ᠲᠣᠭ᠋ᠠᠨ᠎ᠠᠴᠠ ᠳᠡᠭᠡᠭᠰᠢᠬᠢ ᠬᠣᠨᠣᠭ ᠪᠠ ᠢᠳᠡᠭᠡᠨ ᠤᠮᠳᠠᠭ᠋ᠠᠨ᠎ᠤ ᠦᠢ᠍ᠯᠡᠰ᠂ ᠨᠡᠭᠡᠭᠡᠨ ᠬᠥᠭᠵᠢᠭᠦᠯᠵᠦ ᠡᠵᠡᠩᠨᠡᠬᠦ ᠠᠵᠢᠯᠯᠠᠭ᠎ᠠ᠎ᠲᠠᠢ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠡᠵᠡᠩᠨᠡᠯᠲᠡ ᠵᠢᠨ ᠦᠢ᠍ᠯᠡᠰ᠂ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢ ᠵᠢᠭ᠋ᠠᠵᠤ ᠪᠠᠶ᠋ᠢᠨ᠎ᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠥᠬᠥ ᠣᠷᠣᠨ᠎ᠤ ᠠᠷᠪᠠᠨ ᠬᠣᠶᠠᠳᠤᠭ᠋ᠠᠷ ᠠᠶ᠋ᠢᠮᠠᠭ ᠬᠣᠲᠠ ᠵᠢᠨ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠣᠭ᠎ᠠ ᠬᠡᠮᠵᠢᠶ᠎ᠡ᠎ᠨᠢ ᠴᠥᠮ ᠨᠡᠮᠡᠭᠳᠡᠬᠦ ᠪᠠᠶ᠋ᠢᠳᠠᠯ᠎ᠲᠠᠢ ᠪᠠᠶ᠋ᠢᠨ᠎ᠠ
ᠯᠢ ᠯᠢᠶᠠᠩ᠄ 1-2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠲᠦᠷᠭᠡᠨ ᠨᠡᠮᠡᠭᠳᠡᠪᠡ
ᠯᠢ ᡁᠢ ᠫᠸᠩ᠄ 1 - 2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠣᠯᠪᠠ
ᠳ᠋ᠢᠩ ᠡᠾᠦ᠋ᠢ᠄ 1-2 ᠰᠠᠷ᠎ᠠ᠎ᠳᠤ ᠡᠨᠧᠷᠭᠢ ᠵᠢᠨ ᠬᠠᠩᠭ᠋ᠠᠯᠭ᠎ᠠ ᠵᠢᠨ ᠪᠠᠶ᠋ᠢᠳᠠᠯ ᠲᠣᠭᠲᠠᠭᠤᠨ ᠪᠣᠯᠪᠠ
ᠪᠥᠬᠦ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠤᠭ᠎ᠠ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 9.8%᠎ᠪᠠᠷ ᠨᠡᠮᠡᠭᠳᠡᠪᠡ
 
            