ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
ᠥᠪᠥᠷ ᠮᠣᠩᠭᠣᠯ᠎ᠤᠨ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠶᠡᠷᠦᠩᠬᠡᠶ ᠬᠡᠮᠵᠢᠶ᠎ᠡ ᠳᠠᠬᠢᠨ ᠰᠢᠨ᠎ᠡ ᠳᠡᠭᠲᠡᠷ᠎ᠲᠤ ᠭᠠᠷᠪᠠ
ᠨᠡᠶ᠋ᠢᠲᠡᠯᠡᠭᠰᠡᠨ ᠴᠠᠭ᠄ 2025-03-28

     ᠥᠪᠥᠷ ᠮᠣᠩᠭᠣᠯ᠎ᠤᠨ ᠬᠤᠳᠠᠯᠳᠤᠭ᠋ᠠᠨ᠎ᠤ ᠶᠠᠪᠤᠳᠠᠯ᠎ᠤᠨ ᠲᠦᠷᠢᠮ᠎ᠤᠨ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠶ᠋ᠢᠷᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ ᠦᠷᠭᠦᠯᠵᠢᠯᠡᠨ ᠰᠠᠶ᠋ᠢᠵᠢᠷᠠᠬᠤ ᠵᠢ ᠳᠠᠭ᠋ᠠᠯᠳᠤᠨ᠂ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ ᠲᠠᠰᠤᠷᠠᠯᠲᠠ ᠥᠬᠡᠶ ᠨᠡᠮᠡᠭᠳᠡᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠤᠯᠠᠮ ᠪᠠᠳᠠᠷᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ (ᠳᠣᠷᠣᠭᠰᠢ ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠭᠡᠵᠦ ᠲᠣᠪᠴᠢᠯᠠᠨ᠎ᠠ) ᠵᠢᠨ ᠦᠷ᠎ᠡ ᠳ᠋ᠦᠩ᠎ᠳᠤ ᠢᠯᠡᠷᠡᠭᠦᠯᠦᠭᠰᠡᠨ ᠵᠶ᠋ᠠᠷ᠂ 2019-2023 ᠣᠨ᠎ᠳᠤ᠂ ᠪᠥᠬᠥ ᠣᠷᠣᠨ᠎ᠳᠤ ᠰᠢᠨ᠎ᠡ᠎ᠪᠠᠷ ᠪᠠᠶ᠋ᠢᠭᠤᠯᠤᠭᠳᠠᠭᠰᠠᠨ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠡᠷᠭᠢᠯᠡᠵᠦ ᠪᠠᠶ᠋ᠢᠭ᠎ᠠ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ 19.9 ᠲᠦᠮᠡ ᠪᠠᠶ᠋ᠢᠵᠤ᠂ ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ 58.1% ᠵᠢ ᠡᠵᠡᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ (ᠳᠣᠷᠣᠭᠰᠢ ᠳᠥᠷᠪᠡᠳᠦᠭᠡᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠭᠡᠵᠦ ᠲᠣᠪᠴᠢᠯᠠᠨ᠎ᠠ)᠎ᠠᠴᠠ 3.9 ᠲᠦᠮᠡ ᠨᠡᠮᠡᠭᠳᠡᠨ᠂ ᠡᠳᠦᠷ ᠪᠦᠷᠢ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ ᠪᠠᠷᠤᠭ 109 ᠡᠷᠦᠬᠡ ᠪᠠᠶ᠋ᠢᠵᠤ᠂ ᠪᠥᠬᠥ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠲᠠᠰᠤᠷᠠᠯᠲᠠ ᠥᠬᠡᠶ ᠠᠮᠢᠵᠢᠷᠠᠯ᠎ᠤᠨ ᠬᠦᠴᠦᠨ ᠣᠯᠭᠣᠪᠠ᠃ ᠰᠢᠨ᠎ᠡ᠎ᠪᠠᠷ ᠪᠠᠶ᠋ᠢᠭᠤᠯᠤᠭᠳᠠᠭᠰᠠᠨ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠡᠷᠬᠢᠯᠡᠵᠦ ᠪᠠᠶ᠋ᠢᠭ᠎ᠠ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ ᠭᠣᠣᠯᠳᠠᠭᠤ ᠳᠣᠣᠷᠠᠬᠢ ᠳᠥᠷᠪᠡᠨ ᠶᠡᠬᠡ ᠣᠨᠴᠠᠯᠢᠭ᠎ᠲᠠᠢ᠄
    ᠨᠢᠭᠡ᠂ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ ᠵᠢᠯ ᠳᠠᠷᠠᠭ᠋ᠠᠯᠠᠨ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠬᠥᠮᠦᠨ᠎ᠤ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶ᠋ᠢᠨ᠎ᠠ᠃ ᠳᠥᠷᠪᠡᠳᠦᠭᠡᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠠᠴᠠ ᠨᠠᠰᠢ᠂ ᠪᠥᠬᠥ ᠣᠷᠣᠨ᠎ᠤ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠶᠡᠷᠦᠩᠬᠡᠶ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠪᠡ᠃ 2019 - 2023 ᠣᠨ᠎ᠳᠤ᠂ ᠪᠥᠬᠥ ᠣᠷᠣᠨ᠎ᠤ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ ᠲᠣᠰ ᠲᠣᠰ 3.0 ᠲᠦᠮᠡᠨ ᠡᠷᠦᠬᠡ᠂ 3.5 ᠲᠦᠮᠡᠨ ᠡᠷᠦᠬᠡ᠂ 4.1 ᠲᠦᠮᠡᠨ ᠡᠷᠦᠬᠡ᠂ 4.4 ᠲᠦᠮᠡᠨ ᠡᠷᠦᠬᠡ᠂ 4.9 ᠲᠦᠮᠡᠨ ᠡᠷᠦᠬᠡ ᠪᠠᠶ᠋ᠢᠵᠤ᠂ ᠵᠢᠯ ᠪᠦᠷᠢ ᠳᠤᠮᠳᠠᠴᠢ᠎ᠪᠠᠷ 14.3% ᠨᠡᠮᠡᠭᠳᠡᠪᠡ᠃
     ᠭᠤᠷᠪᠠᠨ ᠠᠵᠤ ᠦᠢ᠍ᠯᠡᠰ᠎ᠠᠴᠠ ᠦᠵᠡᠪᠡᠯ᠂ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ ᠭᠣᠣᠯᠳᠠᠭᠤ ᠭᠤᠷᠪᠠᠳᠤᠭ᠋ᠠᠷ ᠠᠵᠤ ᠦᠢ᠍ᠯᠡᠰ᠎ᠲᠤ ᠲᠥᠪᠯᠡᠷᠡᠵᠦ᠂ ᠨᠡᠶ᠋ᠢᠲᠡ 15.6 ᠲᠦᠮᠡᠨ ᠡᠷᠦᠬᠡ ᠪᠠᠶ᠋ᠢᠵᠤ᠂ ᠡᠵᠡᠯᠡᠬᠦ ᠬᠠᠷᠢᠴᠠᠯ᠎ᠨᠢ 78.3% ᠪᠣᠯᠤᠨ᠎ᠠ; ᠬᠣᠶᠠᠳᠤᠭ᠋ᠠᠷ ᠠᠵᠤ ᠦᠢ᠍ᠯᠡᠰ 4.3 ᠲᠦᠮᠡᠨ ᠡᠷᠦᠬᠡ᠎ᠳᠤ ᠬᠦᠷᠴᠦ᠂ 21.7% ᠵᠢ ᠡᠵᠡᠯᠡᠪᠡ᠃ ᠰᠢᠨ᠎ᠡ᠎ᠪᠠᠷ ᠪᠠᠶ᠋ᠢᠭᠤᠯᠤᠭᠳᠠᠭᠰᠠᠨ ᠭᠤᠷᠪᠠᠳᠤᠭ᠋ᠠᠷ ᠠᠵᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ ᠵᠢᠯ ᠳᠤᠮᠳᠠᠴᠢ᠎ᠪᠠᠷ 14.7%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠡᠮᠡᠭᠳᠡᠯ᠎ᠤᠨ ᠬᠤᠷᠳᠤᠴᠠ᠎ᠠᠴᠠ 2.0 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃
    ᠬᠣᠶᠠᠷ᠂ ᠬᠥᠬᠡᠬᠣᠲᠠ ᠪᠤᠭᠤᠲᠤ ᠣᠷᠳᠣᠰ ᠭᠠᠵᠠᠷ ᠣᠷᠣᠨ᠎ᠤ ᠲᠥᠪᠯᠡᠷᠡᠭᠰᠡᠨ ᠦᠢ᠍ᠯᠡᠳᠦᠯ᠎ᠢ ᠪᠠᠳᠠᠷᠠᠭᠤᠯᠵᠤ᠂ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ ᠪᠥᠬᠥ ᠣᠷᠣᠨ᠎ᠤ ᠲᠠᠪᠤᠨ ᠬᠤᠪᠢ ᠰᠢᠬᠠᠮ᠎ᠢ ᠡᠵᠡᠯᠡᠪᠡ᠃ ᠬᠥᠬᠡᠬᠣᠲᠠ ᠪᠤᠭᠤᠲᠤ ᠣᠷᠳᠣᠰ᠎ᠤᠨ ᠭᠠᠵᠠᠷ ᠣᠷᠣᠨ᠎ᠤ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠢ ᠲᠠᠲᠠᠬᠤ ᠬᠦᠴᠦᠨ ᠨᠡᠯᠢᠶᠡᠳ ᠶᠡᠬᠡ ᠪᠠᠶ᠋ᠢᠨ᠎ᠠ᠃ 2019 - 2023 ᠣᠨ᠎ᠳᠤ᠂ ᠬᠥᠬᠡᠬᠣᠲᠠ᠂ ᠪᠤᠭᠤᠲᠤ ᠬᠣᠲᠠ ᠪᠠ ᠣᠷᠳᠣᠰ ᠬᠣᠲᠠ ᠵᠢᠨ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ ᠨᠡᠯᠢᠶᠡᠳ ᠣᠯᠠᠨ ᠪᠠᠶ᠋ᠢᠵᠤ᠂ ᠲᠣᠰ ᠲᠣᠰ 4.2 ᠲᠦᠮᠡᠨ ᠡᠷᠦᠬᠡ᠂ 2.8 ᠲᠦᠮᠡᠨ ᠡᠷᠦᠬᠡ ᠪᠠ 2.7 ᠲᠦᠮᠡᠨ ᠡᠷᠦᠬᠡ ᠪᠠᠶ᠋ᠢᠵᠤ᠂ ᠪᠥᠬᠥ ᠣᠷᠣᠨ᠎ᠤ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ ᠴᠥᠮ 10%᠎ᠠᠴᠠ ᠳᠡᠭᠡᠭᠰᠢ ᠪᠠᠶ᠋ᠢᠵᠤ᠂ ᠨᠡᠶ᠋ᠢᠲᠡ 49.1% ᠵᠢ ᠡᠵᠡᠯᠡᠵᠦ᠂ ᠳᠥᠷᠪᠡᠳᠦᠭᠡᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠠᠴᠠ 6.5 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ; ᠬᠢᠩᠭ᠋ᠠᠨ ᠠᠶ᠋ᠢᠮᠠᠭ᠂ ᠦᠬᠠᠶ ᠬᠣᠲᠠ᠂ ᠠᠯᠠᠱ᠌ᠠ ᠠᠶ᠋ᠢᠮᠠᠭ᠎ᠤᠨ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ ᠨᠡᠯᠢᠶᠡᠳ ᠴᠥᠭᠡᠨ ᠪᠠᠶ᠋ᠢᠵᠤ᠂ ᠴᠥᠮ 1 ᠲᠦᠮᠡᠨ ᠡᠷᠦᠬᠡ᠎ᠠᠴᠠ ᠳᠣᠷᠣᠭᠰᠢ ᠪᠠᠶ᠋ᠢᠵᠤ᠂ ᠪᠥᠬᠥ ᠣᠷᠣᠨ᠎ᠤ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ ᠨᠡᠶ᠋ᠢᠲᠡ 8.6% ᠪᠠᠶ᠋ᠢᠵᠤ᠂ ᠳᠥᠷᠪᠡᠳᠦᠭᠡᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠠᠴᠠ 0.7 ᠵᠠᠭᠤᠨ᠎ᠤ ᠬᠤᠪᠢ ᠵᠢᠨ ᠴᠡᠭ ᠪᠠᠭᠤᠷᠠᠪᠠ᠃
    ᠭᠤᠷᠪᠠ᠂ ᠠᠵᠢᠯ ᠲᠥᠷᠥᠯ᠎ᠤᠨ ᠣᠨᠴᠠᠯᠢᠭ ᠵᠶ᠋ᠠᠷ ᠢᠯᠡᠷᠬᠡᠶ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠡᠵᠡᠯᠡᠬᠦ ᠬᠠᠷᠢᠴᠠᠯ ᠲᠡᠷᠢᠭᠦᠨ ᠪᠠᠶ᠋ᠢᠷᠢᠨ᠎ᠳᠤ ᠪᠠᠢ᠌ᠨ᠎ᠠ᠃ ᠪᠦᠬᠦ ᠣᠷᠣᠨ᠎ᠤ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ ᠭᠣᠣᠯᠳᠠᠭᠤ ᠤᠯᠠᠮᠵᠢᠯᠠᠯᠲᠤ ᠠᠵᠢᠯ ᠲᠥᠷᠥᠯ᠎ᠳᠤ ᠲᠥᠪᠯᠡᠷᠡᠵᠦ ᠪᠠᠶ᠋ᠢᠨ᠎ᠠ᠃ 2019 - 2023 ᠣᠨ

᠎ᠳᠤ᠂ ᠰᠢᠨ᠎ᠡ᠎ᠪᠠᠷ ᠪᠠᠶ᠋ᠢᠭᠤᠯᠤᠭᠰᠠᠨ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ ᠲᠣᠰ ᠲᠣᠰ 6.7 ᠲᠦᠮᠡᠨ ᠡᠷᠦᠬᠡ᠂ 3.1 ᠲᠦᠮᠡᠨ ᠡᠷᠦᠬᠡ ᠪᠠ 3.0 ᠲᠦᠮᠡᠨ ᠡᠷᠦᠬᠡ ᠪᠠᠶ᠋ᠢᠵᠤ᠂ ᠲᠣᠰ ᠲᠣᠰ ᠪᠥᠬᠥ ᠣᠷᠣᠨ᠎ᠤ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ ᠵᠢᠨ 33.6%᠂ 15.5% ᠪᠠ 14.9% ᠵᠢ ᠡᠵᠡᠯᠡᠪᠡ᠃ ᠠᠭᠤᠷᠬᠠᠶ ᠮᠠᠯᠲᠠᠬᠤ ᠦᠢ᠍ᠯᠡᠰ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭ᠋ᠠᠰᠤᠨ ᠠᠵᠤ ᠠᠬᠤᠶ᠂ ᠮᠥᠩᠭᠥᠨ ᠭᠦᠢ᠍ᠯᠭᠡᠭᠡᠨ᠎ᠤ ᠦᠢ᠍ᠯᠡᠰ ᠵᠡᠷᠭᠡ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ ᠬᠡᠳᠦ ᠴᠥᠭᠡᠨ ᠪᠠᠶ᠋ᠢᠵᠤ᠂ ᠨᠡᠶ᠋ᠢᠲᠡ 0.2 ᠲᠦᠮᠡᠨ ᠡᠷᠦᠬᠡ ᠪᠠᠶ᠋ᠢᠵᠤ᠂ ᠡᠵᠡᠯᠡᠬᠦ ᠬᠠᠷᠢᠴᠠᠯ᠎ᠨᠢ 0.9% ᠪᠣᠯᠤᠨ᠎ᠠ᠃
    ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠬᠥᠮᠦᠨ᠎ᠤ ᠲᠣᠭ᠎ᠠ ᠨᠡᠯᠢᠶᠡᠳ ᠲᠦᠷᠭᠡᠨ ᠨᠡᠮᠡᠭᠳᠡᠵᠦ᠂ ᠵᠢᠯ ᠳᠤᠮᠳᠠᠴᠢ᠎ᠪᠠᠷ ᠲᠣᠰ ᠲᠣᠰ 26.9%᠂ 25.6% ᠪᠠ 23.4% ᠨᠡᠮᠡᠭᠳᠡᠪᠡ᠃ ᠠᠭᠤᠷᠬᠠᠶ ᠮᠠᠯᠲᠠᠬᠤ ᠦᠢ᠍ᠯᠡᠰ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠲᠣᠭ᠎ᠠ ᠬᠡᠮᠵᠢᠶ᠎ᠡ ᠵᠢᠨ ᠨᠡᠮᠡᠭᠳᠡᠯ᠎ᠤᠨ ᠬᠤᠷᠳᠤᠴᠠ ᠨᠡᠯᠢᠶᠡᠳ ᠤᠳᠠᠭ᠋ᠠᠨ ᠪᠠᠶ᠋ᠢᠵᠤ᠂ ᠵᠢᠯ ᠪᠦᠷᠢ ᠳᠤᠮᠳᠠᠴᠢ᠎ᠪᠠᠷ ᠲᠣᠰ ᠲᠣᠰ 3.0%᠂ 1.7%᠎ᠪᠠᠷ ᠨᠡᠮᠡᠭᠳᠡᠭᠰᠡᠨ ᠪᠠ 0.6%᠎ᠪᠠᠷ ᠪᠠᠭᠤᠷᠠᠪᠠ᠃
    ᠳᠥᠷᠪᠡ᠂ ᠬᠤᠪᠢ ᠡᠵᠡᠮᠳᠡᠭᠰᠡᠨ ᠲᠥᠷᠥᠯ ᠬᠡᠯᠪᠡᠷᠢ ᠲᠥᠪᠯᠡᠷᠡᠵᠦ᠂ ᠬᠤᠪᠢ ᠬᠥᠮᠦᠨ᠎ᠤ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠡᠮᠡᠭᠳᠡᠯ᠎ᠤᠨ ᠬᠤᠷᠳᠤᠴᠠ ᠲᠡᠷᠢᠭᠦᠯᠡᠪᠡ᠃ ᠬᠤᠪᠢ ᠬᠥᠮᠦᠨ᠎ᠤ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠴᠡᠴᠡᠭᠯᠡᠯ ᠬᠥᠭᠵᠢᠯ᠎ᠨᠢ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠨᠡᠮᠡᠭᠳᠡᠭᠦᠯᠬᠦ᠎ᠳᠤ ᠬᠦᠴᠦᠨ ᠨᠡᠮᠡᠷᠢᠯᠡᠪᠡ᠃ ᠰᠢᠨ᠎ᠡ᠎ᠪᠠᠷ ᠪᠠᠶ᠋ᠢᠭᠤᠯᠤᠭᠳᠠᠭᠰᠠᠨ ᠬᠤᠪᠢ ᠬᠥᠮᠦᠨ᠎ᠤ ᠬᠤᠪᠢ ᠡᠵᠡᠮᠳᠡᠭᠰᠡᠨ ᠠᠵᠤ ᠠᠬᠤᠶ᠋ᠢᠯᠠᠯ ᠦᠳᠲᠡᠷ ᠲᠦᠷᠭᠡᠨ ᠬᠥᠭᠵᠢᠵᠦ᠂ ᠲᠣᠭ᠎ᠠ ᠬᠡᠮᠵᠢᠶᠡᠨ᠎ᠤ ᠡᠵᠡᠯᠡᠬᠦ ᠬᠠᠷᠢᠴᠠᠯ᠎ᠨᠢ 98.8%᠎ᠳᠤ ᠬᠦᠷᠴᠡᠶ᠃ 2019-2023 ᠣᠨ᠎ᠳᠤ᠂ ᠪᠥᠬᠥ ᠣᠷᠣᠨ᠎ᠤ ᠰᠢᠨ᠎ᠡ᠎ᠪᠠᠷ ᠪᠠᠶ᠋ᠢᠭᠤᠯᠤᠭᠳᠠᠭᠰᠠᠨ ᠬᠤᠪᠢ ᠬᠥᠮᠦᠨ᠎ᠤ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ ᠲᠣᠰ ᠲᠣᠰ 3.0 ᠲᠦᠮᠡᠨ ᠡᠷᠦᠬᠡ᠂ 3.4 ᠲᠦᠮᠡᠨ ᠡᠷᠦᠬᠡ᠂ 4.1 ᠲᠦᠮᠡᠨ ᠡᠷᠦᠬᠡ᠂ 4.3 ᠲᠦᠮᠡᠨ ᠡᠷᠦᠬᠡ᠂ 4.9 ᠲᠦᠮᠡᠨ ᠡᠷᠦᠬᠡ ᠪᠠᠶ᠋ᠢᠵᠤ᠂ ᠨᠡᠶ᠋ᠢᠲᠡ 19.7 ᠲᠦᠮᠡᠨ ᠡᠷᠦᠬᠡ ᠪᠣᠯᠵᠣ᠂ ᠵᠢᠯ ᠳᠤᠮᠳᠠᠴᠢ᠎ᠪᠠᠷ 14.5%᠎ᠪᠠᠷ ᠨᠡᠮᠡᠭᠳᠡᠨ᠂ ᠪᠥᠬᠥ ᠣᠷᠣᠨ᠎ᠤ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠵᠢᠯ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ 0.2 ᠵᠠᠭᠤᠨ᠎ᠤ ᠬᠤᠪᠢ ᠵᠢᠨ ᠴᠡᠭ ᠥᠨᠳᠥᠷ ᠪᠣᠯᠵᠠᠶ᠃
    ᠰᠢᠨ᠎ᠡ᠎ᠪᠠᠷ ᠪᠠᠶ᠋ᠢᠭᠤᠯᠤᠭᠰᠠᠨ ᠬᠤᠪᠢ ᠬᠥᠮᠦᠨ᠎ᠤ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠣᠨᠴᠠᠯᠢᠭ᠎ᠨᠢ ᠰᠢᠨ᠎ᠡ᠎ᠪᠠᠷ ᠪᠠᠶ᠋ᠢᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠣᠨᠴᠠᠯᠢᠭ᠎ᠯᠤᠭ᠎ᠠ ᠦᠨᠳᠦᠰᠦᠨ᠎ᠳᠡᠭᠡᠨ ᠨᠢᠭᠡᠳᠦᠯᠲᠡᠶ ᠪᠠᠶ᠋ᠢᠵᠤ᠂ ᠭᠤᠤᠯᠳᠠᠭᠤ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠪᠠᠷᠢᠯᠭ᠎ᠠ ᠵᠢᠨ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠢᠯ ᠲᠥᠷᠥᠯ᠎ᠳᠤ ᠲᠥᠪᠯᠡᠷᠡᠵᠦ᠂ ᠭᠤᠤᠯᠳᠠᠭᠤ ᠬᠥᠬᠡᠬᠣᠲᠠ᠂ ᠪᠤᠭᠤᠲᠤ ᠬᠣᠲᠠ ᠪᠣᠯᠤᠨ ᠣᠷᠳᠣᠰ ᠬᠣᠲᠠ᠎ᠳᠤ ᠲᠠᠷᠬᠠᠵᠤ ᠪᠣᠶ᠃

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠣᠯᠭᠣᠬᠤ ᠬᠡᠪᠴᠢᠶ᠎ᠡ ᠦᠷᠭᠦᠯᠵᠢᠯᠡᠨ ᠥᠷᠭᠡᠵᠢᠪᠡ
1-2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠣᠯᠪᠠ
ᠥᠪᠥᠷ ᠮᠣᠩᠭᠣᠯ᠎ᠤᠨ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠨᠢᠭᠡᠴᠡ ᠵᠢᠨ ᠠᠵᠢᠯ ᠣᠯᠤᠭᠰᠠᠳ᠎ᠤᠨ ᠡᠵᠡᠯᠡᠬᠦ ᠬᠠᠷᠢᠴᠠᠯ ᠳᠡᠭᠡᠭᠰᠢᠯᠡᠪᠡ
ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠬᠥᠭᠵᠢᠪᠡ
ᠪᠥᠬᠥ ᠣᠷᠣᠨ᠎ᠤ 《ᠳᠥᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 9.6% ᠎ᠪᠠᠷ ᠨᠡᠮᠡᠭᠳᠡᠪᠡ
 
            