ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠠᠵᠢᠯ ᠣᠯᠭᠣᠯᠲᠠ ᠵᠢ ᠠᠬᠢᠭᠤᠯᠬᠤ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠣᠳᠣᠯᠭ᠎ᠠ ᠵᠢ ᠪᠠᠷᠢᠮᠲᠠᠯᠠᠨ᠂ ᠡᠮᠡᠭᠲᠡᠶ᠋ᠢᠴᠦᠳ᠎ᠤᠨ ᠠᠵᠢᠯ ᠣᠯᠵᠤ ᠦᠢ᠍ᠯᠡᠰ ᠪᠦᠳᠦᠭᠡᠬᠦ ᠠᠵᠢᠯ᠎ᠢ ᠦᠷᠭᠦᠯᠵᠢᠯᠡᠨ ᠠᠬᠢᠭᠤᠯᠵᠤ᠂ ᠡᠮᠡᠭᠲᠡᠶ᠋ᠢᠴᠦᠳ᠎ᠤᠨ ᠠᠵᠢᠯ ᠣᠯᠭᠣᠯᠲᠠ ᠵᠢᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠪᠥᠬᠥ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ 2019 - 2023 ᠣᠨ᠎ᠳᠤ ᠪᠥᠬᠥ ᠣᠷᠣᠨ᠎ᠤ ᠡᠮᠡᠭᠲᠡᠶ᠋ᠢᠴᠦᠳ᠎ᠤᠨ ᠠᠵᠢᠯ ᠣᠯᠭᠣᠯᠲᠠ ᠵᠢᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠡᠮᠡᠭᠲᠡᠶ᠋ᠢᠴᠦᠳ᠎ᠤᠨ ᠠᠵᠢᠯ ᠣᠯᠤᠭᠰᠠᠳ᠎ᠤᠨ ᠡᠵᠡᠯᠡᠬᠦ ᠬᠠᠷᠢᠴᠠᠯ ᠲᠣᠭᠲᠠᠭᠤᠨ ᠵᠶ᠋ᠠᠷ ᠳᠡᠭᠡᠭᠰᠢᠯᠡᠨ᠂ ᠠᠵᠢᠯ ᠣᠯᠭᠣᠯᠲᠠ ᠵᠢᠨ ᠴᠢᠨᠠᠷ᠎ᠤᠨ ᠢᠯᠭ᠋ᠠᠯ᠎ᠤᠨ ᠵᠥᠷᠢᠶ᠎ᠡ ᠲᠠᠰᠤᠷᠠᠯᠲᠠ ᠥᠬᠡᠶ ᠪᠠᠭ᠋ᠠᠰᠴᠤ᠂ ᠠᠵᠢᠯ ᠣᠯᠭᠣᠯᠲᠠ ᠵᠢᠨ ᠪᠦᠲᠦᠴᠡ ᠤᠯᠠᠮ ᠰᠢᠯᠢᠳᠡᠭᠵᠢᠪᠡ᠃
2023 ᠣᠨ᠎ᠤ ᠰᠡᠭᠦᠯᠴᠢ᠎ᠪᠠᠷ᠂ ᠪᠥᠬᠥ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠡᠷᠭᠢᠯᠡᠭᠰᠡᠳ 549.0 ᠲᠦᠮᠡᠨ ᠬᠥᠮᠦᠨ ᠪᠣᠯᠪᠠ᠂ ᠡᠭᠦᠨ᠎ᠳᠤ ᠡᠮᠡᠭᠲᠡᠶ ᠠᠵᠢᠯ ᠡᠷᠭᠢᠯᠡᠭᠰᠡᠳ 212.5 ᠲᠦᠮᠡᠨ ᠬᠥᠮᠦᠨ ᠪᠠᠶ᠋ᠢᠵᠤ᠂ ᠪᠥᠬᠥ ᠠᠵᠢᠯ ᠡᠷᠭᠢᠯᠡᠭᠰᠡᠳ᠎ᠤᠨ 38.7% ᠵᠢ ᠡᠵᠡᠯᠡᠵᠦ᠂ 2018 ᠣᠨ᠎ᠤ ᠰᠡᠭᠦᠯᠴᠢ (2018 ᠣᠨ᠎ᠳᠤ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠣᠨ)᠎ᠠᠴᠠ 30.0 ᠲᠦᠮᠡᠨ ᠬᠥᠮᠦᠨ ᠨᠡᠮᠡᠭᠳᠡᠨ᠂ 16.5%᠎ᠪᠠᠷ ᠨᠡᠮᠡᠭᠳᠡᠵᠦ᠂ ᠡᠵᠡᠯᠡᠬᠦ ᠬᠠᠷᠢᠴᠠᠯ᠎ᠨᠢ 0.5 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠬᠣᠶᠠᠳᠤᠭ᠋ᠠᠷ ᠠᠵᠤ ᠦᠢ᠍ᠯᠡᠰ᠎ᠤᠨ ᠡᠮᠡᠭᠲᠡᠶ ᠠᠵᠢᠯᠯᠠᠭᠴᠢᠳ 38.7 ᠲᠦᠮᠡ ᠪᠣᠯᠵᠣ᠂ ᠬᠣᠶᠠᠳᠤᠭ᠋ᠠᠷ ᠠᠵᠤ ᠦᠢ᠍ᠯᠡᠰ᠎ᠤᠨ ᠠᠵᠢᠯᠯᠠᠭᠴᠢᠳ᠎ᠤᠨ 23.0%᠎ᠢ ᠡᠵᠡᠯᠡᠪᠡ; ᠭᠤᠷᠪᠠᠳᠤᠭ᠋ᠠᠷ ᠠᠵᠤ ᠦᠢ᠍ᠯᠡᠰ᠎ᠤᠨ ᠡᠮᠡᠭᠲᠡᠶ ᠠᠵᠢᠯᠯᠠᠭᠴᠢ 173.7 ᠲᠦᠮᠡᠨ ᠬᠥᠮᠦᠨ ᠪᠠᠶ᠋ᠢᠵᠤ᠂ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭᠴᠢᠳ᠎ᠤᠨ 45.6% ᠵᠢ ᠡᠵᠡᠯᠡᠪᠡ᠃ 2018 ᠣᠨ᠎ᠤ ᠡᠴᠦᠰ᠎ᠲᠠᠢ ᠬᠠᠷᠢᠴᠠᠭᠤᠯᠪᠠᠯ᠂ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠡᠮᠡᠭᠲᠡᠶ ᠠᠵᠢᠯᠲᠠᠨ᠎ᠤ ᠲᠣᠭ᠎ᠠ ᠲᠣᠰ ᠲᠣᠰ 4.8 ᠲᠦᠮᠡ ᠪᠠ 25.2 ᠲᠦᠮᠡ ᠨᠡᠮᠡᠭᠳᠡᠵᠡᠶ᠃
2023 ᠣᠨ᠎ᠤ ᠡᠴᠦᠰ᠎ᠲᠤ᠂ ᠪᠥᠬᠥ ᠣᠷᠣᠨ᠎ᠤ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠮᠡᠭᠲᠡᠶ ᠠᠵᠢᠯᠲᠠᠨ᠎ᠤ ᠬᠠᠷᠢᠴᠠᠯ᠎ᠨᠢ 18.2᠄ 81.8 ᠪᠠᠶ᠋ᠢᠵᠤ᠂ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠪᠥᠬᠥ ᠠᠵᠢᠯᠲᠠᠨ
30.7᠄ 69.3 ᠪᠠᠶ᠋ᠢᠬᠤ᠎ᠲᠠᠢ ᠬᠠᠷᠢᠴᠠᠭᠤᠯᠪᠠᠯ᠂ ᠪᠥᠬᠥ ᠣᠷᠣᠨ᠎ᠤ ᠡᠮᠡᠭᠲᠡᠶ᠋ᠢᠴᠦᠳ᠎ᠤᠨ ᠭᠤᠷᠪᠠᠳᠤᠭ᠋ᠠᠷ ᠠᠵᠤ ᠦᠢ᠍ᠯᠡᠰ᠎ᠲᠤ ᠠᠵᠢᠯ ᠣᠯᠤᠭᠰᠠᠨ ᠪᠠᠶ᠋ᠢᠳᠠᠯ ᠨᠠᠩ ᠲᠥᠪᠯᠡᠷᠡᠩᠭᠦᠶ ᠪᠣᠯᠵᠠᠶ᠃ ᠡᠮᠡᠭᠲᠡᠶ ᠠᠵᠢᠯᠲᠠᠨ᠎ᠤ ᠠᠵᠢᠯ ᠣᠯᠭᠣᠯᠲᠠ ᠵᠢᠨ ᠠᠵᠢᠯ ᠲᠥᠷᠥᠯ᠎ᠠᠴᠠ ᠦᠵᠡᠪᠡᠯ᠂ ᠡᠮᠡᠭᠲᠡᠶ ᠠᠵᠢᠯᠲᠠᠨ᠎ᠤ ᠡᠵᠡᠯᠡᠬᠦ ᠬᠠᠷᠢᠴᠠᠯ ᠨᠡᠯᠢᠶᠡᠳ ᠶᠡᠬᠡ ᠠᠵᠢᠯ ᠲᠥᠷᠥᠯ᠎ᠳᠤ ᠭᠤᠤᠯᠳᠠᠭᠤ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠂ ᠡᠮᠡᠭᠲᠡᠶ ᠠᠵᠢᠯᠲᠠᠨ᠎ᠤ ᠡᠵᠡᠯᠡᠬᠦ ᠬᠠᠷᠢᠴᠠᠯ ᠲᠣᠰ ᠲᠣᠰ 68.8%᠂ 68.0%᠂ 57.9% ᠪᠠ 57.8% ᠪᠠᠶ᠋ᠢᠵᠤ᠂ ᠴᠥᠮ ᠬᠠᠭ᠋ᠠᠰ ᠲᠣᠭ᠎ᠠ ᠵᠢ ᠳᠠᠪᠠᠵᠤ᠂ ᠡᠮᠡᠭᠲᠡᠶ ᠠᠵᠢᠯᠲᠠᠨ᠎ᠤ ᠠᠵᠢᠯ ᠣᠯᠭᠣᠯᠲᠠ᠎ᠨᠢ ᠦᠢ᠍ᠯᠡᠴᠢᠯᠡᠭᠡᠨ᠎ᠤ ᠬᠦᠷᠢᠶᠡᠨ᠎ᠳᠤ ᠨᠠᠩ ᠢᠯᠡᠭᠦᠦ ᠬᠡᠯᠪᠡᠶ᠋ᠢᠵᠦ ᠪᠠᠶ᠋ᠢᠨ᠎ᠠ᠃ ᠠᠵᠢᠯ ᠣᠯᠭᠣᠯᠲᠠ ᠵᠢᠨ ᠭᠠᠵᠠᠷ ᠣᠷᠣᠨ᠎ᠤ ᠲᠠᠷᠬᠠᠯᠲᠠ᠎ᠠᠴᠠ ᠦᠵᠡᠪᠡᠯ᠂ ᠪᠥᠬᠥ ᠣᠷᠣᠨ᠎ᠤ ᠬᠠᠭ᠋ᠠᠰ᠎ᠠᠴᠠ ᠳᠡᠭᠡᠭᠰᠢᠬᠢ ᠲᠣᠭ᠋ᠠᠨ᠎ᠤ ᠡᠮᠡᠭᠲᠡᠶ ᠠᠵᠢᠯᠲᠠᠨ ᠳᠤᠮᠳᠠ ᠬᠡᠰᠡᠭ᠎ᠤᠨ ᠭᠠᠵᠠᠷ ᠣᠷᠣᠨ᠎ᠳᠤ ᠲᠠᠷᠬᠠᠵᠤ ᠪᠠᠶ᠋ᠢᠨ᠎ᠠ᠂ 2023 ᠣᠨ᠎ᠤ ᠡᠴᠦᠰ᠎ᠲᠤ᠂ ᠬᠥᠬᠡᠬᠣᠲᠠ ᠪᠤᠭᠤᠲᠤ ᠣᠷᠳᠣᠰ ᠦᠬᠠᠶ ᠣᠷᠣᠨ᠎ᠤ ᠡᠮᠡᠭᠲᠡᠶ ᠠᠵᠢᠯᠲᠠᠨ 111.3 ᠲᠦᠮᠡ ᠪᠣᠯᠵᠣ᠂ ᠪᠥᠬᠥ ᠡᠮᠡᠭᠲᠡᠶ ᠠᠵᠢᠯᠲᠠᠨ᠎ᠤ 52.4% ᠵᠢ ᠡᠵᠡᠯᠡᠵᠦ᠂ 2018 ᠣᠨ᠎ᠤ ᠡᠴᠦᠰ᠎ᠤᠨ᠎ᠬᠢ᠎ᠠᠴᠠ 31.2 ᠲᠦᠮᠡ ᠨᠡᠮᠡᠭᠳᠡᠵᠡᠶ; ᠵᠡᠭᠦᠨ ᠬᠡᠰᠡᠭ᠎ᠤᠨ ᠭᠠᠵᠠᠷ ᠣᠷᠣᠨ᠎ᠤ ᠠᠵᠢᠯ ᠣᠯᠭᠣᠯᠲᠠ ᠵᠢᠨ ᠬᠡᠪᠴᠢᠶ᠎ᠡ ᠬᠠᠷᠢᠴᠠᠩᠭᠤᠶ ᠲᠣᠭᠲᠠᠭᠤᠨ ᠪᠣᠯᠪᠠᠴᠤ ᠡᠮᠡᠭᠲᠡᠶ ᠠᠵᠢᠯᠲᠠᠨ ᠨᠡᠯᠢᠶᠡᠳ ᠥᠨᠳᠥᠷ ᠪᠠᠶ᠋ᠢᠨ᠎ᠠ᠃ ᠡᠭᠦᠨ᠎ᠳᠤ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ ᠪᠠ ᠬᠥᠯᠥᠨ ᠪᠣᠶ᠋ᠢᠷ ᠬᠣᠲᠠ ᠵᠢᠨ ᠡᠮᠡᠭᠲᠡᠶ ᠠᠵᠢᠯᠯᠠᠭᠰᠠᠳ᠎ᠤᠨ ᠲᠤᠬᠠᠶ ᠵᠢᠨ ᠭᠠᠵᠠᠷ᠎ᠤᠨ ᠪᠥᠬᠥ ᠠᠵᠢᠯᠯᠠᠭᠰᠠᠳ᠎ᠲᠤ ᠡᠵᠡᠯᠡᠬᠦ ᠬᠤᠪᠢ ᠵᠢᠨ ᠵᠢᠩ᠎ᠨᠢ ᠲᠣᠰ ᠲᠣᠰ 43.3%᠂ 42.0%᠂ 41.5% ᠪᠠ 40.3% ᠪᠠᠶ᠋ᠢᠵᠤ᠂ ᠴᠥᠮ ᠪᠥᠬᠥ ᠣᠷᠣᠨ᠎ᠤ ᠳᠤᠮᠳᠠᠴᠢ ᠬᠢᠷᠢ ᠲᠦᠪᠰᠢᠨ᠎ᠠᠴᠠ ᠳᠠᠪᠠᠪᠠ; ᠪᠠᠷᠠᠭᠤᠨ ᠬᠡᠰᠡᠭ᠎ᠤᠨ ᠭᠠᠵᠠᠷ ᠣᠷᠣᠨ᠎ᠤ ᠡᠮᠡᠭᠲᠡᠶ ᠠᠵᠢᠯᠲᠠᠨ᠎ᠤ ᠨᠡᠮᠡᠭᠳᠡᠯ᠎ᠤᠨ ᠬᠤᠷᠳᠤᠴᠠ ᠨᠡᠯᠢᠶᠡᠳ ᠲᠦᠷᠭᠡᠨ ᠪᠠᠶ᠋ᠢᠵᠤ᠂ ᠪᠠᠶᠠᠨᠨᠠᠭᠤᠷ ᠬᠣᠲᠠ᠂ ᠠᠯᠠᠱ᠌ᠠ ᠠᠶ᠋ᠢᠮᠠᠭ ᠪᠠ ᠦᠬᠠᠶ ᠬᠣᠲᠠ ᠵᠢᠨ ᠡᠮᠡᠭᠲᠡᠶ ᠠᠵᠢᠯᠲᠠᠨ᠎ᠤ ᠨᠡᠮᠡᠭᠳᠡᠯ᠎ᠤᠨ ᠬᠤᠷᠳᠤᠴᠠ ᠲᠣᠰ ᠲᠣᠰ 2018 ᠣᠨ᠎ᠤ ᠡᠴᠦᠰ᠎ᠤᠨ᠎ᠬᠢ᠎ᠠᠴᠠ 27.2%᠂ 25.8% ᠪᠠ 22.2% ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠴᠥᠮ ᠪᠥᠬᠥ ᠣᠷᠣᠨ᠎ᠤ ᠳᠤᠮᠳᠠᠴᠢ ᠬᠢᠷᠢ ᠲᠦᠪᠰᠢᠨ᠎ᠠᠴᠠ ᠲᠦᠷᠭᠡᠨ ᠪᠣᠯᠪᠠ᠃