ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
ᠪᠥᠬᠦ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠤᠭ᠎ᠠ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 9.8%᠎ᠪᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2025-04-08

   3 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠦ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ [1] 14315 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 1273 ᠨᠡᠮᠡᠭᠳᠡᠵᠦ᠂ 9.8% ᠨᠡᠮᠡᠭᠳᠡᠪᠡ᠃ ᠡᠭᠦᠨ᠎ᠳᠤ᠂ ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠢᠭᠡᠴᠡ 4075 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 543 ᠨᠡᠮᠡᠭᠳᠡᠵᠦ᠂ 15.4%᠎ᠪᠠᠷ ᠨᠡᠮᠡᠭᠳᠡᠵᠦ᠂ ᠪᠦᠬᠦ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠤᠭ᠎ᠠ ᠬᠡᠮᠵᠢᠶ᠎ᠡ ᠵᠢ ᠳᠠᠶ᠋ᠢᠴᠢᠯᠠᠨ 4.2 ᠵᠠᠭᠤᠨ᠎ᠤ ᠴᠡᠭ ᠨᠡᠮᠡᠭᠳᠡᠭᠦᠯᠵᠦ᠂ ᠳᠠᠶ᠋ᠢᠴᠢᠯᠠᠬᠤ ᠦᠢ᠍ᠯᠡᠳᠦᠯ ᠵᠶ᠋ᠠᠷ ᠬᠠᠮᠤᠭ᠎ᠤᠨ ᠶᠡᠭᠡ ᠪᠠᠶ᠋ᠢᠨ᠎ᠠ; ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠬᠤᠨᠤᠭᠯᠠᠬᠤ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ ᠨᠢᠭᠡᠴᠡ 948 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 152 ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠬᠠᠮᠤᠭ᠎ᠤᠨ ᠲᠦᠷᠭᠡᠨ ᠪᠠᠶ᠋ᠢᠨ᠎ᠠ; ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠨᠢᠭᠡᠴᠡ 2115 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 231 ᠨᠡᠮᠡᠭᠳᠡᠵᠦ᠂ 12.3%᠎ᠪᠠᠷ ᠨᠡᠮᠡᠭᠳᠡᠪᠡ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠢᠭᠡᠴᠡ 4168 ᠪᠣᠯᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 146 ᠨᠡᠮᠡᠭᠳᠡᠵᠦ᠂ 7.4%᠎ᠪᠠᠷ ᠨᠡᠮᠡᠭᠳᠡᠪᠡ; ᠬᠢᠷᠢ ᠬᠡᠮ᠎ᠲᠠᠢ ᠪᠠᠷᠢᠯᠭ᠎ᠠ ᠵᠢᠨ ᠦᠢ᠍ᠯᠡᠰ᠎ᠤᠨ ᠨᠢᠭᠡᠴᠡ 1461 ᠪᠣᠯᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 144 ᠨᠡᠮᠡᠭᠳᠡᠵᠦ᠂ 10.9%᠎ᠪᠠᠷ ᠨᠡᠮᠡᠭᠳᠡᠪᠡ; ᠨᠡᠭᠡᠭᠡᠨ ᠠᠰᠢᠭᠯᠠᠵᠤ ᠡᠵᠡᠩᠨᠡᠬᠦ ᠠᠵᠢᠯᠯᠠᠭ᠎ᠠ᠎ᠲᠠᠢ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠵᠦ ᠡᠵᠡᠩᠨᠡᠬᠦ ᠨᠢᠭᠡᠴᠡ 1548 ᠪᠣᠯᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 83 ᠪᠠᠭ᠋ᠠᠰᠴᠤ᠂ 5.1%᠎ᠪᠠᠷ ᠪᠠᠭᠤᠷᠠᠪᠠ᠃
    ᠲᠠᠶ᠋ᠢᠯᠪᠤᠷᠢ᠄ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠭᠡᠳᠡᠭ᠎ᠨᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠂ ᠬᠢᠷᠢ ᠬᠡᠮ᠎ᠲᠠᠢ ᠪᠠᠷᠢᠯᠭ᠎ᠠ ᠵᠢᠨ ᠦᠢ᠍ᠯᠡᠰ᠂ ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠬᠤᠨᠤᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠂ ᠨᠡᠭᠡᠭᠡᠨ ᠬᠥᠭᠵᠢᠭᠦᠯᠵᠦ ᠡᠵᠡᠩᠨᠡᠬᠦ ᠠᠵᠢᠯᠯᠠᠭ᠎ᠠ᠎ᠲᠠᠢ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠡᠵᠡᠩᠨᠡᠬᠦ ᠦᠢ᠍ᠯᠡᠰ᠂ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢ ᠵᠢᠭ᠋ᠠᠵᠤ ᠪᠠᠶ᠋ᠢᠨ᠎ᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠵᠢᠵᠢᠭᠯᠡᠨ ᠬᠤᠳᠠᠯᠳᠤᠬᠤ ᠦᠢ᠍ᠯᠡᠰ᠎ᠤᠨ ᠣᠯᠠᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠬᠥᠭᠵᠢᠯᠲᠡ ᠵᠢᠨ ᠪᠠᠶ᠋ᠢᠷᠢᠰᠢᠯ ᠤᠯᠠᠮ ᠰᠢᠯᠢᠳᠡᠭᠵᠢᠪᠡ
ᠰᠠᠷᠠᠩᠭᠤᠸ᠎ᠠ᠄ 1 - 2 ᠰᠠᠷ᠎ᠠ᠎ᠳᠤ ᠥᠪᠥᠷ ᠮᠣᠩᠭᠣᠯ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ ᠰᠠᠶ᠋ᠢᠨ ᠡᠬᠢᠯᠡᠯᠲᠡ᠎ᠲᠠᠢ
ᠥᠪᠥᠷ ᠮᠣᠩᠭᠣᠯ᠎ᠤᠨ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠶᠡᠷᠦᠩᠬᠡᠶ ᠬᠡᠮᠵᠢᠶ᠎ᠡ ᠳᠠᠬᠢᠨ ᠰᠢᠨ᠎ᠡ ᠳᠡᠭᠲᠡᠷ᠎ᠲᠤ ᠭᠠᠷᠪᠠ
ᠥᠪᠥᠷ ᠮᠣᠩᠭᠣᠯ᠎ᠤᠨ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠣᠯᠭᠣᠬᠤ ᠬᠡᠪᠴᠢᠶ᠎ᠡ ᠦᠷᠭᠦᠯᠵᠢᠯᠡᠨ ᠥᠷᠭᠡᠵᠢᠪᠡ
1-2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠣᠯᠪᠠ
 
            