ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
ᠥᠪᠥᠷ ᠮᠣᠩᠭᠣᠯ᠎ᠤᠨ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠣᠯᠭᠣᠬᠤ ᠬᠡᠪᠴᠢᠶ᠎ᠡ ᠦᠷᠭᠦᠯᠵᠢᠯᠡᠨ ᠥᠷᠭᠡᠵᠢᠪᠡ
ᠨᠡᠶ᠋ᠢᠲᠡᠯᠡᠭᠰᠡᠨ ᠴᠠᠭ᠄ 2025-04-01

   ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠮᠥᠨ᠃ ᠲᠠᠪᠤᠨ ᠵᠢᠯ᠎ᠤᠨ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠶ᠋ᠢᠯᠳᠤᠬᠤ ᠪᠣᠳᠣᠯᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠵᠢᠯ ᠣᠯᠭᠣᠯᠲᠠ ᠵᠢ ᠥᠷᠭᠡᠳᠬᠡᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠨᠠᠩ ᠴᠢᠨᠠᠷ ᠰᠠᠶ᠋ᠢᠲᠠᠶ ᠭᠦᠢ᠍ᠴᠡᠳ ᠠᠵᠢᠯ ᠣᠯᠭᠣᠯᠲᠠ ᠵᠢ ᠠᠬᠢᠭᠤᠯᠪᠠ᠃ ᠪᠥᠬᠥ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠠᠴᠠ ᠦᠵᠡᠪᠡᠯ᠂ 2019 - 2023 ᠣᠨ᠎ᠳᠤ ᠪᠥᠬᠥ ᠣᠷᠣᠨ᠎ᠤ ᠠᠵᠢᠯ ᠣᠯᠭᠣᠯᠲᠠ ᠵᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠠᠵᠢᠯ ᠣᠯᠭᠣᠯᠲᠠ ᠵᠢᠨ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠨ᠂ ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠠᠵᠤ ᠠᠬᠤᠶ ᠨᠡᠶ᠋ᠢᠭᠡᠮ᠎ᠤᠨ ᠲᠣᠭᠲᠠᠭᠤᠨ᠎ᠤ ᠶᠡᠬᠡ ᠲᠠᠯ᠎ᠠ ᠵᠢ ᠬᠠᠮᠠᠭ᠋ᠠᠯᠠᠬᠤ᠎ᠳᠤ ᠰᠠᠶ᠋ᠢᠨ ᠰᠠᠭᠤᠷᠢ ᠲᠠᠯᠪᠢᠵᠠᠢ᠃
    ᠨᠢᠭᠡ᠂ ᠠᠵᠢᠯ ᠣᠯᠭᠣᠯᠲᠠ ᠵᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠥᠷᠭᠡᠵᠢᠪᠡ 
    ᠠᠵᠤ ᠠᠬᠤᠶ ᠵᠢᠨ ᠲᠦᠷᠭᠡᠨ ᠬᠥᠭᠵᠢᠬᠦ ᠪᠠ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠳᠠᠭ᠋ᠠᠯᠳᠤᠨ᠂ ᠠᠵᠤ ᠠᠬᠤᠶ᠋ᠢᠯᠠᠯ᠎ᠤᠨ ᠲᠣᠭ᠎ᠠ ᠬᠡᠮᠵᠢᠶ᠎ᠡ ᠲᠠᠰᠤᠷᠠᠯᠲᠠ ᠤᠢ᠍ᠭᠡᠢ ᠨᠡᠮᠡᠭᠳᠡᠵᠦ᠂ ᠪᠦᠬᠦ ᠣᠷᠣᠨ᠎ᠤ ᠠᠵᠢᠯ ᠣᠯᠭᠣᠬᠤ ᠬᠡᠪᠴᠢᠶ᠎ᠡ ᠦᠷᠭᠦᠯᠵᠢᠯᠡᠨ ᠥᠷᠭᠡᠳᠪᠡ᠃ 2023 ᠣᠨ᠎ᠤ ᠰᠡᠭᠦᠯᠴᠢ ᠪᠣᠯᠬᠤ᠎ᠳᠤ᠂ ᠪᠥᠬᠥ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ 549.0 ᠲᠦᠮᠡᠨ ᠬᠥᠮᠦᠨ ᠪᠣᠯᠵᠣ᠂ 2018 ᠣᠨ᠎ᠤ ᠰᠡᠭᠦᠯᠴᠢ (2018 ᠣᠨ᠎ᠤ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠣᠨ)᠎ᠠᠴᠠ 71.5 ᠲᠦᠮᠡᠨ ᠬᠥᠮᠦᠨ ᠨᠡᠮᠡᠭᠳᠡᠵᠦ᠂ 15.0% ᠵᠶ᠋ᠠᠷ ᠨᠡᠮᠡᠭᠳᠡᠪᠡ᠃ ᠡᠭᠦᠨ᠎ᠳᠤ ᠬᠣᠶᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠡᠷᠭᠢᠯᠡᠭᠰᠡᠳ 168.4 ᠲᠦᠮᠡᠨ ᠬᠥᠮᠦᠨ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠡᠷᠭᠢᠯᠡᠭᠰᠡᠳ 380.6 ᠲᠦᠮᠡᠨ ᠬᠥᠮᠦᠨ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 22.8 ᠲᠦᠮᠡᠨ ᠬᠥᠮᠦᠨ ᠪᠠ 48.7 ᠲᠦᠮᠡᠨ ᠬᠥᠮᠦᠨ ᠨᠡᠮᠡᠭᠳᠡᠵᠦ᠂ ᠲᠣᠰ ᠲᠣᠰ 15.6% ᠪᠠ 14.7%᠎ᠪᠠᠷ ᠨᠡᠮᠡᠭᠳᠡᠪᠡ᠃ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠠᠵᠢᠯ ᠣᠯᠭᠣᠯᠲᠠ ᠵᠢᠨ ᠬᠠᠷᠢᠴᠠᠯ 30.67᠄ 69.33 ᠪᠣᠯᠵᠣ᠂ 2018 ᠣᠨ᠎ᠤ ᠡᠴᠦᠰ᠎ᠲᠠᠢ ᠦᠨᠳᠦᠰᠦᠨ᠎ᠳᠡᠭᠡᠨ ᠲᠡᠩᠴᠡᠪᠡ᠃
    ᠬᠣᠶᠠᠷ᠂ ᠬᠣᠶᠠᠳᠤᠭ᠋ᠠᠷ ᠠᠵᠤ ᠦᠢ᠍ᠯᠡᠰ᠎ᠤᠨ ᠠᠵᠢᠯ ᠣᠯᠭᠣᠯᠲᠠ ᠵᠢᠨ 《ᠰᠠᠭᠤᠷᠢ ᠴᠢᠯᠠᠭᠤ》 ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠡᠬᠢᠵᠢᠭᠦᠯᠪᠡ
    ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢ᠂ ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠠᠵᠤ ᠦᠢ᠍ᠯᠡᠰ᠎ᠤᠨ ᠲᠠᠰ ᠳᠡᠪᠰᠢᠵᠦ ᠬᠡᠯᠪᠡᠷᠢ᠎ᠪᠠᠨ ᠬᠤᠪᠢᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠡᠷᠢᠭᠦᠨ᠎ᠤ ᠦᠢ᠍ᠯᠡᠳᠬᠦ ᠦᠢ᠍ᠯᠡᠰ᠎ᠢ ᠪᠣᠶ᠋ᠢᠵᠢᠭᠤᠯᠤᠨ ᠬᠥᠭᠵᠢᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠦᠷᠭᠦᠯᠵᠢᠯᠡᠨ ᠪᠤᠵᠠᠭ᠋ᠠᠶ᠋ᠢᠷᠠᠭᠤᠯᠵᠤ᠂ ᠠᠵᠢᠯ ᠲᠥᠷᠥᠯ᠎ᠤᠨ ᠠᠵᠢᠯ ᠣᠯᠭᠣᠯᠲᠠ ᠵᠢᠨ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠬᠡᠪᠡ᠃ 2023 ᠣᠨ᠎ᠤ ᠡᠴᠦᠰ᠎ᠲᠤ᠂ ᠪᠥᠬᠥ ᠣᠷᠣᠨ᠎ᠤ ᠦᠢ᠍ᠯᠡᠳᠬᠦ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ᠎ᠳᠤ ᠠᠵᠢᠯᠯᠠᠵᠤ ᠪᠠᠶ᠋ᠢᠭ᠎ᠠ ᠬᠥᠮᠦᠨ 83.1 ᠲᠦᠮᠡ ᠪᠠᠶ᠋ᠢᠵᠤ᠂ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ᠎ᠳᠤ ᠠᠵᠢᠯᠯᠠᠵᠤ ᠪᠠᠶ᠋ᠢᠭ᠎ᠠ ᠬᠥᠮᠦᠨ᠎ᠤ 15.1% ᠵᠢ ᠡᠵᠡᠯᠡᠵᠦ᠂ ᠡᠯ᠎ᠡ ᠠᠵᠢᠯ ᠲᠥᠷᠥᠯ᠎ᠤᠨ ᠲᠡᠷᠢᠭᠦᠨ᠎ᠳᠤ ᠣᠷᠣᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠴᠢᠬᠤᠯᠠ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠪᠠ᠃ ᠪᠠᠷᠢᠯᠭ᠎ᠠ ᠵᠢᠨ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ 42.6 ᠲᠦᠮᠡᠨ ᠬᠥᠮᠦᠨ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 7.9 ᠲᠦᠮᠡᠨ ᠬᠥᠮᠦᠨ ᠨᠡᠮᠡᠭᠳᠡᠵᠦ᠂ 22.8%᠎ᠪᠠᠷ ᠨᠡᠮᠡᠭᠳᠡᠪᠡ᠃ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ  ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠴᠢ᠎ᠨᠢ 19.3 ᠲᠦᠮᠡᠨ ᠬᠥᠮᠦᠨ᠂ ᠠᠭᠤᠷᠬᠠᠶ ᠮᠠᠯᠲᠠᠬᠤ  ᠦᠢ᠍ᠯᠡᠰ᠎ᠨᠢ 25.8 ᠲᠦᠮᠡᠨ ᠬᠥᠮᠦᠨ ᠪᠠᠶ᠋ᠢᠵᠤ᠂ ᠲᠣᠰ ᠲᠣᠰ 2018 ᠣᠨ᠎ᠤ ᠡᠴᠦᠰ᠎ᠤᠨ᠎ᠬᠢ᠎ᠠᠴᠠ 0.6 ᠲᠦᠮᠡᠨ ᠬᠥᠮᠦᠨ ᠪᠠ 0.04 ᠲᠦᠮᠡᠨ ᠬᠥᠮᠦᠨ ᠨᠡᠮᠡᠭᠳᠡᠪᠡ᠃
    ᠭᠤᠷᠪᠠ᠂ ᠰᠢᠨ᠎ᠡ᠎ᠪᠠᠷ ᠮᠠᠨᠳᠤᠭᠰᠠᠨ ᠦᠢ᠍ᠯᠡᠴᠢᠯᠡᠭᠡᠨ᠎ᠤ ᠦᠢ᠍ᠯᠡᠰ ᠲᠦᠷᠭᠡᠨ ᠬᠥᠭᠵᠢᠪᠡ
    ᠦᠢ᠍ᠯᠡᠴᠢᠯᠡᠭᠡᠨ᠎ᠤ ᠦᠢ᠍ᠯᠡᠰ᠎ᠤᠨ ᠰᠢᠨ᠎ᠡ ᠠᠵᠤ ᠠᠬᠤᠶ᠂ ᠰᠢᠨ᠎ᠡ ᠬᠥᠳᠡᠯᠭᠡᠭᠴᠢ ᠡᠨᠧᠷᠭᠢ ᠵᠢᠨ ᠦᠷᠭᠦᠯᠵᠢᠯᠡᠨ ᠬᠦᠴᠦᠯᠡᠬᠦ ᠵᠢ ᠳᠠᠭ᠋ᠠᠯᠳᠤᠨ᠂ ᠪᠥᠬᠥ ᠣᠷᠣᠨ᠎ᠤ ᠰᠢᠨ᠎ᠡ᠎ᠪᠠᠷ ᠪᠣᠶ ᠪᠣᠯᠤᠭᠰᠠᠨ ᠦᠢ᠍ᠯᠡᠴᠢᠯᠡᠭᠡᠨ᠎ᠤ ᠦᠢ᠍ᠯᠡᠰ᠎ᠤᠨ ᠠᠵᠢᠯ ᠣᠯᠭᠣᠬᠤ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠬᠤᠪᠢ ᠵᠢᠨ ᠵᠢᠩ᠎ᠨᠢ ᠲᠣᠭᠲᠠᠭᠤᠨ ᠵᠶ᠋ᠠᠷ ᠳᠡᠭᠡᠭᠰᠢᠯᠡᠨ᠂ ᠪᠦᠲᠦᠴᠡ᠎ᠨᠢ ᠢᠯᠡᠳᠲᠡ ᠰᠢᠯᠢᠳᠡᠭᠵᠢᠵᠦ᠂ ᠪᠥᠬᠥ ᠣᠷᠣᠨ᠎ᠤ ᠠᠵᠤ ᠠᠬᠤᠶ ᠵᠢᠨ ᠨᠡᠮᠡᠭᠳᠡᠯ᠎ᠢ ᠳᠠᠶ᠋ᠢᠴᠢᠯᠠᠨ᠂ ᠠᠵᠢᠯ ᠣᠯᠤᠭᠰᠠᠳ᠎ᠢ ᠰᠢᠩᠭᠡᠭᠡᠨ ᠠᠪᠬᠤ ᠴᠢᠬᠤᠯᠠ ᠬᠦᠴᠦᠨ ᠪᠣᠯᠤᠭᠰᠠᠨ ᠪᠠᠶ᠋ᠢᠨ᠎ᠠ᠃ 2023 ᠣᠨ᠎ᠤ ᠡᠴᠦᠰ᠎ᠲᠤ᠂ ᠲᠦᠷᠢᠶᠡᠰᠦᠯᠡᠯ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠮᠡᠳᠡᠭᠡ ᠵᠠᠩᠭᠢ ᠵᠢᠨ ᠳᠠᠮᠵᠢᠭᠤᠯᠭ᠎ᠠ ᠵᠢᠨ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠮᠥᠩᠭᠥ ᠭᠦᠢ᠍ᠯᠭᠡᠭᠡᠨ᠎ᠤ ᠦᠢ᠍ᠯᠡᠰ ᠵᠶ᠋ᠠᠷ ᠭᠤᠤᠯ ᠪᠣᠯᠭ᠋ᠠᠭᠰᠠᠨ ᠰᠢᠨ᠎ᠡ᠎ᠪᠠᠷ ᠬᠥᠭᠵᠢᠭᠰᠡᠨ ᠦᠢ᠍ᠯᠡᠴᠢᠯᠡᠭᠡᠨ᠎ᠤ ᠦᠢ᠍ᠯᠡᠰ᠎ᠤᠨ ᠠᠵᠢᠯ ᠡᠷᠭᠢᠯᠡᠭᠰᠡᠳ 89.7 ᠲᠦᠮᠡ᠎ᠳᠤ ᠬᠦᠷᠴᠦ᠂ ᠪᠥᠬᠥ ᠣᠷᠣᠨ᠎ᠤ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠡᠷᠭᠢᠯᠡᠭᠰᠡᠳ᠎ᠤᠨ 16.3% ᠵᠢ ᠡᠵᠡᠯᠡᠵᠦ᠂ 2018 ᠣᠨ᠎ᠤ ᠡᠴᠦᠰ᠎ᠤᠨ᠎ᠬᠢ᠎ᠠᠴᠠ 7.0% ᠵᠶ᠋ᠠᠷ ᠨᠡᠮᠡᠭᠳᠡᠪᠡ᠃ ᠡᠭᠦᠨ᠎ᠳᠤ᠂ ᠲᠦᠷᠢᠶᠡᠰᠦᠯᠡᠯ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ 34.8 ᠲᠦᠮᠡᠨ ᠬᠥᠮᠦᠨ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 9.8 ᠲᠦᠮᠡᠨ ᠬᠥᠮᠦᠨ ᠨᠡᠮᠡᠭᠳᠡᠵᠦ᠂ 39.1%᠎ᠪᠠᠷ ᠨᠡᠮᠡᠭᠳᠡᠪᠡ; ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠴᠢ 18.5 ᠲᠦᠮᠡᠨ ᠬᠥᠮᠦᠨ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 5.7 ᠲᠦᠮᠡᠨ ᠬᠥᠮᠦᠨ ᠨᠡᠮᠡᠭᠳᠡᠵᠦ᠂ 44.3%᠎ᠪᠠᠷ ᠨᠡᠮᠡᠭᠳᠡᠪᠡ; ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ 9.8 ᠲᠦᠮᠡᠨ ᠬᠥᠮᠦᠨ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 2.1 ᠲᠦᠮᠡᠨ ᠬᠥᠮᠦᠨ ᠨᠡᠮᠡᠭᠳᠡᠵᠦ᠂ 27.2% ᠵᠶ᠋ᠠᠷ ᠨᠡᠮᠡᠭᠳᠡᠪᠡ᠃ ᠰᠢᠨ᠎ᠡ᠎ᠪᠠᠷ ᠮᠠᠨᠳᠤᠭᠰᠠᠨ ᠦᠢ᠍ᠯᠡᠴᠢᠯᠡᠭᠡᠨ᠎ᠤ ᠦᠢ᠍ᠯᠡᠰ ᠠᠵᠢᠯ ᠣᠯᠭᠣᠯᠲᠠ ᠵᠢ ᠥᠷᠭᠡᠳᠬᠡᠬᠦ᠎ᠳᠤ ᠰᠢᠨ᠎ᠡ ᠠᠵᠠ ᠲᠣᠬᠢᠶᠠᠯ ᠬᠠᠩᠭ᠋ᠠᠪᠠ᠃
    ᠳᠥᠷᠪᠡ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠬᠣᠲᠠ ᠵᠢᠨ ᠰᠦᠷᠦᠭᠵᠢᠯ᠎ᠤᠨ ᠠᠵᠢᠯ ᠣᠯᠭᠣᠯᠲᠠ ᠵᠢᠨ ᠲᠠᠲᠠᠬᠤ ᠬᠦᠴᠦᠨ ᠲᠠᠰᠤᠷᠠᠯᠲᠠ ᠥᠬᠡᠶ ᠳᠡᠭᠡᠭᠰᠢᠯᠡᠪᠡ
    ᠬᠥᠬᠡᠬᠣᠲᠠ ᠪᠤᠭᠤᠲᠤ ᠣᠷᠳᠣᠰ ᠦᠬᠠᠶ ᠵᠢᠨ ᠬᠣᠲᠠ ᠵᠢᠨ ᠪᠥᠭᠡᠮᠨᠡᠷᠡᠯ᠎ᠤᠨ ᠣᠷᠣᠨ ᠪᠦᠰᠡ ᠵᠢᠨ ᠬᠠᠮᠵᠢᠯᠴᠠᠨ ᠬᠣᠯᠪᠣᠭ᠋ᠠᠯᠠᠨ ᠬᠥᠭᠵᠢᠬᠦ ᠵᠢ ᠳᠠᠭ᠋ᠠᠯᠳᠤᠨ᠂ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠲᠣᠬᠢᠷᠠᠭᠤᠯᠤᠯᠲᠠ ᠪᠠ ᠦᠢ᠍ᠯᠡᠳᠪᠦᠷᠢᠯᠡᠯ᠎ᠤᠨ ᠬᠦᠴᠦᠨ᠎ᠤ ᠣᠷᠣᠨ ᠵᠠᠶ ᠵᠢᠨ ᠪᠠᠶ᠋ᠢᠷᠢᠰᠢᠭᠤᠯᠤᠯ ᠲᠠᠰᠤᠷᠠᠯᠲᠠ ᠥᠬᠡᠶ ᠰᠢᠯᠢᠳᠡᠭᠵᠢᠵᠦ᠂ ᠣᠷᠣᠨ ᠪᠦᠰᠡ ᠵᠢᠨ ᠰᠢᠨ᠎ᠡ ᠵᠢ ᠡᠭᠦᠳᠬᠦ ᠴᠢᠳᠠᠪᠤᠷᠢ ᠪᠠ ᠥᠷᠢᠰᠦᠯᠳᠦᠬᠦ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ 2023 ᠣᠨ᠎ᠤ ᠡᠴᠦᠰ᠎ᠲᠤ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠣᠷᠣᠨ᠎ᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠡᠷᠭᠢᠯᠡᠭᠰᠡᠳ 292.6 ᠲᠦᠮᠡᠨ ᠬᠥᠮᠦᠨ ᠪᠣᠯᠵᠣ᠂ ᠪᠥᠬᠥ ᠣᠷᠣᠨ᠎ᠤ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠡᠷᠭᠢᠯᠡᠭᠰᠡᠳ᠎ᠤᠨ 53.3% ᠵᠢ ᠡᠵᠡᠯᠡᠵᠦ᠂ ᠠᠵᠢᠯ ᠣᠯᠭᠣᠯᠲᠠ ᠵᠢᠨ ᠬᠡᠪᠴᠢᠶ᠎ᠡ᠎ᠨᠢ 2018 ᠣᠨ᠎ᠤ ᠡᠴᠦᠰ᠎ᠤᠨ᠎ᠬᠢ᠎ᠠᠴᠠ 75.6 ᠲᠦᠮᠡᠨ ᠬᠥᠮᠦᠨ ᠨᠡᠮᠡᠭᠳᠡᠵᠦ᠂ 34.8%᠎ᠪᠠᠷ ᠨᠡᠮᠡᠭᠳᠡᠪᠡ᠃ ᠡᠭᠦᠨ᠎ᠳᠤ᠂ ᠬᠥᠬᠡᠬᠣᠲᠠ ᠵᠢᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ 107.4 ᠲᠦᠮᠡᠨ ᠬᠥᠮᠦᠨ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 39.1 ᠲᠦᠮᠡᠨ ᠬᠥᠮᠦᠨ ᠨᠡᠮᠡᠭᠳᠡᠵᠦ᠂ 57.2% ᠵᠶ᠋ᠠᠷ ᠨᠡᠮᠡᠭᠳᠡᠨ᠂ ᠠᠵᠢᠯ ᠣᠯᠭᠣᠯᠲᠠ ᠵᠢᠨ ᠶᠡᠷᠦᠩᠬᠡᠶ ᠬᠡᠮᠵᠢᠶ᠎ᠡ ᠪᠠ ᠨᠡᠮᠡᠭᠳᠡᠯ᠎ᠤᠨ ᠬᠤᠷᠳᠤᠴᠠ᠎ᠨᠢ ᠴᠥᠮ ᠡᠯ᠎ᠡ ᠠᠶ᠋ᠢᠮᠠᠭ ᠬᠣᠲᠠ ᠵᠢᠨ ᠲᠡᠷᠢᠭᠦᠨ᠎ᠳᠤ ᠣᠷᠣᠪᠠ᠃ ᠵᠡᠭᠦᠨ ᠬᠡᠰᠡᠭ᠎ᠤᠨ ᠭᠠᠵᠠᠷ ᠣᠷᠣᠨ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠬᠥᠮᠦᠨ᠎ᠤ ᠨᠢᠭᠡᠴᠡ ᠵᠢᠨ ᠠᠵᠢᠯ ᠡᠷᠭᠢᠯᠡᠭᠰᠡᠳ ᠲᠣᠰ ᠲᠣᠰ 184.9 ᠲᠦᠮᠡᠨ ᠬᠥᠮᠦᠨ ᠪᠠ 55.7 ᠲᠦᠮᠡᠨ ᠬᠥᠮᠦᠨ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 10.4 ᠲᠦᠮᠡᠨ ᠬᠥᠮᠦᠨ ᠪᠠ 7.9 ᠲᠦᠮᠡᠨ ᠬᠥᠮᠦᠨ ᠨᠡᠮᠡᠭᠳᠡᠪᠡ᠃

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
1-2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠣᠯᠪᠠ
ᠥᠪᠥᠷ ᠮᠣᠩᠭᠣᠯ᠎ᠤᠨ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠨᠢᠭᠡᠴᠡ ᠵᠢᠨ ᠠᠵᠢᠯ ᠣᠯᠤᠭᠰᠠᠳ᠎ᠤᠨ ᠡᠵᠡᠯᠡᠬᠦ ᠬᠠᠷᠢᠴᠠᠯ ᠳᠡᠭᠡᠭᠰᠢᠯᠡᠪᠡ
ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠬᠥᠭᠵᠢᠪᠡ
ᠪᠥᠬᠥ ᠣᠷᠣᠨ᠎ᠤ 《ᠳᠥᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 9.6% ᠎ᠪᠠᠷ ᠨᠡᠮᠡᠭᠳᠡᠪᠡ
1—4 ᠳ᠋ᠤᠭᠡᠷ ᠰᠠᠷ᠎ᠠ᠎ᠳᠤ ᠪᠥᠬᠥ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠬᠥᠭᠵᠢᠪᠡ
 
            