ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
1—4 ᠳ᠋ᠤᠭᠡᠷ ᠰᠠᠷ᠎ᠠ᠎ᠳᠤ ᠪᠥᠬᠥ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠬᠥᠭᠵᠢᠪᠡ
ᠨᠡᠶ᠋ᠢᠲᠡᠯᠡᠭᠰᠡᠨ ᠴᠠᠭ᠄ 2025-05-22

   ᠡᠨᠡ ᠵᠢᠯ᠎ᠠᠴᠠ ᠨᠠᠭ᠋ᠠᠰᠢ᠂ ᠬᠦᠴᠢᠷ ᠪᠡᠷᠬᠡᠰᠢᠶᠡᠯ ᠥᠷᠢᠰᠥᠯᠳᠦᠭᠡᠨ ᠣᠯᠠᠰᠢᠷᠠᠵᠤ ᠪᠠᠶ᠋ᠢᠭ᠎ᠠ ᠨᠠᠷᠢᠨ ᠪᠤᠳᠤᠯᠢᠶᠠᠨᠲᠠᠶ ᠪᠠᠶ᠋ᠢᠳᠠᠯ᠎ᠤᠨ ᠡᠮᠦᠨ᠎ᠡ᠂ ᠪᠥᠬᠥ ᠣᠷᠣᠨ ᠳᠠᠶᠠᠭ᠋ᠠᠷ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠴᠢᠩᠭ᠎ᠠ ᠡᠵᠡᠮᠳᠡᠨ᠂ ᠦᠯᠡᠳᠡᠭᠡᠯ ᠲᠥᠷᠥ ᠵᠢᠨ ᠪᠣᠳᠣᠯᠭ᠎ᠠ ᠪᠠ ᠨᠡᠮᠡᠭᠳᠡᠯ ᠲᠥᠷᠥ ᠵᠢᠨ ᠪᠣᠳᠣᠯᠭ᠎ᠠ ᠵᠢᠨ ᠦᠷ᠎ᠡ ᠨᠥᠯᠥᠭᠡ ᠵᠢ ᠬᠦᠴᠦᠯᠡᠨ ᠪᠠᠳᠠᠷᠠᠭᠤᠯᠵᠤ᠂ ᠠᠵᠤ ᠦᠢ᠍ᠯᠡᠰ᠎ᠤᠨ ᠬᠥᠭᠵᠢᠯᠲᠡ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠂ ᠬᠡᠷᠡᠭᠯᠡᠭᠡ ᠵᠢ ᠬᠥᠭᠵᠢᠭᠡᠬᠦ ᠵᠡᠷᠭᠡ ᠡᠯ᠎ᠡ ᠵᠦᠢ᠍ᠯ᠎ᠤᠨ ᠠᠵᠢᠯ᠎ᠢ ᠱᠠᠯᠠᠪᠳᠠᠨ ᠰᠠᠶ᠋ᠢᠲᠤᠷ ᠬᠢᠵᠦ᠂ ᠪᠥᠬᠥ ᠣᠷᠣᠨ᠎ᠤ ᠠᠵᠤ ᠠᠬᠤᠶ ᠵᠢᠨ ᠲᠣᠭᠲᠠᠭᠤᠨ ᠡᠷᠭᠢᠯᠲᠡ ᠵᠢ ᠪᠠᠲᠤᠯᠠᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠬᠠᠨᠳᠤᠰᠢ ᠰᠠᠶ᠋ᠢᠨ ᠪᠠᠶ᠋ᠢᠨ᠎ᠠ᠃
    ᠨᠢᠭᠡ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠵᠦ᠂ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ ᠪᠠ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ᠎ᠤᠨ ᠬᠠᠨᠳᠤᠰᠢ ᠨᠡᠯᠢᠶᠡᠳ ᠰᠠᠶ᠋ᠢᠨ ᠪᠠᠶ᠋ᠢᠨ᠎ᠠ᠃

   1—4 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ  ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.1%᠎ᠪᠠᠷ ᠨᠡᠮᠡᠭᠳᠡᠪᠡ᠃ ᠭᠤᠷᠪᠠᠨ ᠶᠡᠬᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.6%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 8.8%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 5.6%᠎ᠪᠠᠷ ᠨᠡᠮᠡᠭᠳᠡᠪᠡ᠃ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 29.3%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 23.0%᠎ᠪᠠᠷ ᠨᠡᠮᠡᠭᠳᠡᠪᠡ᠃ ᠠᠵᠤ ᠠᠬᠤᠶ ᠵᠢᠨ ᠲᠥᠷᠥᠯ ᠬᠡᠯᠪᠡᠷᠢ᠎ᠠᠴᠠ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠪᠡ; ᠬᠤᠪᠢ ᠣᠷᠣᠭᠤᠯᠬᠤ ᠳᠦᠷᠢᠮᠲᠦ ᠠᠵᠤ ᠠᠬᠤᠶ᠋ᠢᠯᠠᠯ 5.9%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ 7.8%᠎ᠪᠠᠷ ᠨᠡᠮᠡᠭᠳᠡᠪᠡ; ᠬᠤᠪᠢ ᠵᠢᠨ ᠡᠵᠡᠩᠨᠡᠯᠲᠡ ᠵᠢᠨ ᠠᠵᠤ ᠠᠬᠤᠶ᠋ᠢᠯᠠᠯ 2.6%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠣᠣᠯ ᠦᠢ᠍ᠯᠡᠳᠬᠦᠨ᠎ᠤ ᠭᠠᠷᠤᠯᠲᠠ᠎ᠠᠴᠠ ᠦᠵᠡᠪᠡᠯ᠂ ᠨᠡᠭᠦᠷᠡᠰᠦᠨ᠎ᠤ ᠭᠠᠷᠤᠯᠲᠠ 4.3 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 0.6% ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 2676.6 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 1.4%᠎ᠪᠠᠷ ᠨᠡᠮᠡᠭᠳᠡᠪᠡ᠃ ᠡᠭᠦᠨ᠎ᠳᠤ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 748.8 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 33.6%᠎ᠪᠠᠷ ᠨᠡᠮᠡᠭᠳᠡᠪᠡ; ᠲᠡᠮᠦᠷ᠎ᠤᠨ ᠬᠠᠶ᠋ᠢᠯᠤᠰᠢ 584.6 ᠲᠦᠮᠡᠨ ᠲᠣᠨ ᠪᠠᠶ᠋ᠢᠵᠤ᠂ 17.2% ᠵᠶ᠋ᠠᠷ ᠨᠡᠮᠡᠭᠳᠡᠪᠡ; ᠪᠣᠯᠣᠳ ᠮᠠᠲ᠋ᠧᠷᠢᠶᠠᠯ᠎ᠤᠨ ᠭᠠᠷᠤᠯᠲᠠ 1176.9 ᠲᠦᠮᠡᠨ ᠲᠣᠨ᠎ᠳᠤ ᠬᠦᠷᠴᠦ᠂ 5.2% ᠵᠶ᠋ᠠᠷ ᠨᠡᠮᠡᠭᠳᠡᠪᠡ; ᠮᠠᠰᠢᠨ ᠲᠡᠷᠭᠡᠨ᠎ᠤ ᠭᠠᠷᠤᠯᠲᠠ 3.9 ᠲᠦᠮᠡ᠎ᠳᠤ ᠬᠦᠷᠴᠦ᠂ 39.8%᠎ᠪᠠᠷ ᠨᠡᠮᠡᠭᠳᠡᠪᠡ᠃ 1 - 3 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 6908.0 ᠳ᠋ᠦᠩᠰᠢᠭᠤᠷ ᠲᠥᠭᠥᠷᠢᠭ᠎ᠲᠤ ᠬᠦᠷᠴᠦ᠂ ᠪᠡᠶᠡᠯᠡᠭᠦᠯᠦᠭᠰᠡᠨ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ 714.6 ᠳ᠋ᠦᠩᠰᠢᠭᠤᠷ ᠲᠥᠭᠥᠷᠢᠭ᠎ᠲᠤ ᠬᠥᠷᠪᠡ᠃
    ᠬᠣᠶᠠᠷ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠡᠷᠴᠢᠮᠲᠡᠢ ᠨᠡᠮᠡᠭᠳᠡᠪᠡ᠃

    1—4 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠠᠳᠠᠯᠢ ᠬᠤᠭᠤᠴᠠᠭ᠋ᠠᠨ᠎ᠤ᠎ᠬᠢ᠎ᠠᠴᠠ 18.8% ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠥᠭᠡᠷᠦᠮᠵᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 36.2% ᠵᠶ᠋ᠠᠷ ᠨᠡᠮᠡᠭᠳᠡᠵᠦ᠂ ᠠᠵᠤ ᠦᠢ᠍ᠯᠡᠳᠪᠦᠷᠢ ᠵᠢᠨ ᠪᠠᠯᠠ ᠣᠷᠣᠭᠤᠯᠤᠯᠲᠠ 16.8%᠎ᠪᠠᠷ ᠨᠡᠮᠡᠭᠳᠡᠵᠦ᠂ ᠬᠡᠷ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠠᠯᠠ ᠣᠷᠣᠭᠤᠯᠤᠯᠲᠠ 0.4%᠎ᠪᠠᠷ ᠪᠠᠭᠤᠷᠠᠪᠠ᠃ ᠠᠵᠤ ᠦᠢ᠍ᠯᠡᠰ ᠵᠶ᠋ᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 51.8% ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 16.8% ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 18.0% ᠨᠡᠮᠡᠭᠳᠡᠪᠡ᠃ ᠠᠷᠠᠳ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 6.3%᠎ᠪᠠᠷ ᠨᠡᠮᠡᠭᠳᠡᠪᠡ; ᠭᠡᠷ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠡᠯᠡ ᠣᠷᠣᠭᠤᠯᠤᠯᠲᠠ ᠵᠢ ᠬᠠᠰᠤᠪᠠᠯ᠂ ᠠᠷᠠᠳ᠎ᠤᠨ ᠳᠤᠮᠳᠠᠬᠢ ᠪᠡᠯᠡ ᠣᠷᠣᠭᠤᠯᠤᠯᠲᠠ 6.9% ᠨᠡᠮᠡᠭᠳᠡᠪᠡ᠃
    ᠭᠤᠷᠪᠠ᠂ ᠬᠡᠷᠡᠭᠯᠡᠭᠡᠨ᠎ᠤ ᠬᠡᠷᠡᠭᠴᠡᠭᠡ ᠦᠷᠭᠦᠯᠵᠢᠯᠡᠨ ᠢᠯᠡᠷᠡᠵᠦ᠂ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠠᠮᠢᠶ᠎ᠠ ᠪᠦᠬᠦᠢ ᠲᠠᠸᠠᠷ᠎ᠤᠨ ᠨᠡᠮᠡᠭᠳᠡᠯ ᠨᠡᠯᠢᠶᠡᠳ ᠲᠦᠷᠭᠡᠨ ᠪᠠᠶ᠋ᠢᠨ᠎ᠠ᠃

    1—4 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 1658.8 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 6.9%᠎ᠪᠠᠷ ᠨᠡᠮᠡᠭᠳᠡᠪᠡ᠃ ᠡᠵᠡᠩᠨᠡᠯᠲᠡ ᠵᠢᠨ ᠨᠢᠭᠡᠴᠢ ᠵᠢᠨ ᠪᠠᠶ᠋ᠢᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 6.8% ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 7.5% ᠨᠡᠮᠡᠭᠳᠡᠪᠡ᠃ ᠬᠡᠷᠡᠭᠯᠡᠭᠡᠨ᠎ᠤ ᠲᠥᠷᠥᠯ ᠵᠶ᠋ᠠᠷ ᠬᠤᠪᠢᠶᠠᠪᠠᠯ᠂ ᠢᠳᠡᠭᠡᠨ ᠤᠮᠳᠠᠭ᠋ᠠᠨ᠎ᠤ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 3.7%᠎ᠪᠠᠷ ᠨᠡᠮᠡᠭᠳᠡᠵᠦ᠂ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ 7.4%᠎ᠪᠠᠷ ᠨᠡᠮᠡᠭᠳᠡᠪᠡ᠃ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠣᠯᠵᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ᠎ᠤ ᠲᠥᠷᠥᠯ᠂ ᠬᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠥᠷᠥᠯ᠂ ᠴᠢᠮᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠣᠰ ᠲᠣᠰ 20.5%᠂ 30.4% ᠪᠠ 86.3%᠎ᠪᠠᠷ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 68.4% ᠨᠡᠮᠡᠭᠳᠡᠪᠡ᠃
    ᠳᠥᠷᠪᠡ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠬᠠᠩᠰᠢ ᠵᠢᠨ ᠪᠠᠭᠤᠷᠠᠯᠲᠠ ᠵᠢᠨ ᠬᠡᠮᠵᠢᠶ᠎ᠡ ᠪᠠᠭ᠋ᠠᠰᠴᠠᠶ᠃

    4 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ (CPI) ᠠᠳᠠᠯᠢ ᠬᠤᠭᠤᠴᠠᠭ᠋ᠠᠨ᠎ᠤ᠎ᠬᠢ᠎ᠠᠴᠠ 0.4%᠎ᠪᠠᠷ ᠪᠠᠭᠤᠷᠠᠪᠠ᠂ ᠡᠭᠦᠨ᠎ᠳᠤ ᠬᠣᠲᠠ ᠵᠢᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ 0.5%᠎ᠪᠠᠷ ᠪᠠᠭᠤᠷᠠᠵᠤ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ 0.2% ᠵᠶ᠋ᠠᠷ ᠪᠠᠭᠤᠷᠠᠪᠠ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭ᠋ᠠᠨ ᠠᠷᠢᠬᠢ ᠲᠠᠮᠠᠬᠢᠨ᠎ᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 0.9%᠎ᠪᠠᠷ ᠪᠠᠭᠤᠷᠠᠵᠤ᠂ ᠬᠤᠪᠴᠠᠰᠤ ᠬᠤᠨᠠᠷ᠎ᠤᠨ ᠦᠨ᠎ᠡ ᠬᠠᠩᠰᠢ 0.9%᠎ᠪᠠᠷ ᠥᠰᠴᠦ᠂ ᠣᠷᠣᠨ ᠰᠠᠭᠤᠴᠠ ᠵᠢᠨ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠲᠠᠢ ᠲᠡᠩᠴᠡᠵᠦ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 0.9%᠎ᠪᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠣᠯᠪᠣᠭ᠋ᠠᠨ᠎ᠤ ᠦᠨ᠎ᠡ ᠬᠠᠩᠰᠢ 4.3%᠎ᠪᠠᠷ ᠪᠠᠭᠤᠷᠠᠵᠤ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠎ᠤᠨ ᠦᠨ᠎ᠡ ᠬᠠᠩᠰᠢ 0.1%᠎ᠪᠠᠷ ᠥᠰᠴᠦ᠂ ᠡᠮ ᠡᠮᠨᠡᠯᠭᠡ ᠡᠷᠡᠭᠦᠯᠵᠢᠯ᠎ᠤᠨ ᠦᠨ᠎ᠡ ᠬᠠᠩᠰᠢ 1.0%᠎ᠪᠠᠷ ᠥᠰᠴᠦ᠂ ᠪᠤᠰᠤᠳ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 8.1%᠎ᠪᠠᠷ ᠥᠰᠴᠡᠶ᠃ 1—4 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 0.5%᠎ᠪᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 5.5%᠎ᠪᠠᠷ ᠪᠠᠭᠤᠷᠠᠵᠤ᠂ ᠨᠢᠭᠡᠳᠦᠭᠡᠷ ᠤᠯᠠᠷᠢᠯ᠎ᠤᠨ᠎ᠬᠢ᠎ᠠᠴᠠ 0.2 ᠵᠠᠭᠤᠨ᠎ᠤ ᠬᠤᠪᠢ ᠵᠢᠨ ᠴᠡᠭ ᠪᠠᠭ᠋ᠠᠰᠴᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 4.8%᠎ᠪᠠᠷ ᠪᠠᠭᠤᠷᠠᠪᠠ᠃
    ᠶᠡᠷᠦᠩᠬᠡᠶ᠎ᠳᠤᠨᠢ ᠠᠪᠴᠤ ᠦᠵᠡᠪᠡᠯ᠂ ᠡᠯ᠎ᠡ ᠵᠦᠢ᠍ᠯ᠎ᠤᠨ ᠬᠣᠷᠸ᠎ᠠ ᠲᠥᠷᠥ ᠵᠢᠨ ᠪᠣᠳᠣᠯᠭ᠎ᠠ ᠵᠢᠨ ᠦᠷᠭᠦᠯᠵᠢᠯᠡᠨ ᠬᠦᠴᠦᠯᠡᠬᠦ ᠵᠢ ᠳᠠᠭ᠋ᠠᠯᠳᠤᠨ᠂ ᠪᠦᠬᠦ ᠣᠷᠣᠨ᠎ᠤ ᠠᠵᠤ ᠠᠬᠤᠶ ᠦᠷᠭᠦᠯᠵᠢᠯᠡᠨ ᠲᠣᠭᠲᠠᠭᠤᠨ ᠪᠥᠭᠡᠳ ᠰᠠᠶ᠋ᠢᠨ ᠰᠠᠶ᠋ᠢᠬᠠᠨ ᠬᠥᠭᠵᠢᠯᠲᠡ ᠵᠢᠨ ᠬᠠᠨᠳᠤᠰᠢ᠎ᠪᠠᠨ ᠪᠠᠲᠤᠯᠠᠪᠠ᠃ ᠭᠡᠪᠡᠴᠦ ᠣᠳᠣᠬᠠᠨ᠎ᠤ ᠭᠠᠳᠠᠭ᠋ᠠᠳᠤ ᠣᠷᠴᠢᠨ ᠨᠡᠩ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠤᠯᠵᠤ᠂ ᠠᠵᠤ ᠠᠬᠤᠢ ᠦᠷᠭᠦᠯᠵᠢᠯᠡᠨ ᠳᠡᠭᠡᠭᠰᠢᠯᠡᠵᠦ ᠪᠠᠶ᠋ᠢᠭ᠎ᠠ ᠪᠠᠶ᠋ᠢᠳᠠᠯ ᠮᠥᠨ ᠯᠡ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠬᠤ ᠵᠢ ᠴᠤ᠌ ᠣᠯᠵᠤ ᠬᠠᠷᠠᠬᠤ ᠬᠡᠷᠡᠭᠲᠡᠢ᠃ ᠲᠠᠷᠠᠭ᠋ᠠᠴᠢ ᠵᠢᠨ ᠱᠠᠲᠤᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠤ ᠠᠬᠤᠶ᠋ᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠎ᠪᠠᠷ ᠬᠦᠴᠦᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠢᠭᠡᠨᠲᠡ ᠲᠣᠭᠲᠠᠭ᠋ᠠᠭᠰᠠᠨ ᠪᠠᠶ᠋ᠢᠷᠢᠯᠠᠭᠤᠯᠤᠯᠲᠠ ᠶᠣᠰᠣᠭ᠋ᠠᠷ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠲᠣᠭᠲᠠᠯ ᠬᠦᠴᠦᠨ ᠵᠶ᠋ᠠᠨ ᠪᠠᠲᠤᠯᠠᠵᠤ᠂ ᠬᠤᠪᠢᠷᠠᠯᠲᠠ ᠵᠢ ᠢᠳᠡᠪᠬᠢᠲᠡᠶ ᠠᠷᠭ᠋ᠠᠴᠠᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠤᠪᠢᠷᠠᠭᠤᠯᠵᠤ᠂ ᠠᠵᠤ ᠠᠬᠤᠶ ᠵᠢᠨ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
1 —5 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠨᠡᠮᠡᠭᠳᠡᠪᠡ
2024 ᠣᠨ᠎ᠳᠤ ᠥᠪᠥᠷ ᠮᠣᠩᠭᠣᠯ᠎ᠤᠨ ᠬᠣᠲᠠ ᠪᠠᠯᠭ᠋ᠠᠰᠤᠨ᠎ᠤ ᠨᠢᠭᠡᠴᠡ᠎ᠳᠤ ᠠᠵᠢᠯ ᠣᠯᠤᠭᠰᠠᠳ᠎ᠤᠨ ᠳᠤᠮᠳᠠᠴᠢ ᠴᠠᠯᠢᠩ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠪᠡ
《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠦᠷ᠎ᠡ ᠪᠦᠲᠦᠮᠵᠢ
ᠪᠡᠯᠡ ᠮᠥᠩᠭᠥᠨ ᠎ᠤ ᠳᠡᠮᠵᠢᠯᠭᠡ ᠬᠠᠩᠭ᠋ᠠᠵᠤ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠨ᠎ᠡ
ᠠᠵᠢᠯ ᠣᠯᠭᠣᠯᠲᠠ ᠵᠢ ᠠᠬᠢᠭᠤᠯᠵᠤ ᠬᠦᠴᠦᠷᠬᠡᠭᠵᠢᠭᠦᠯᠬᠦ ᠵᠢ ᠪᠠᠲᠤᠯᠠᠵᠤ ᠠᠷᠠᠳ ᠢᠷᠭᠡᠳ᠎ᠤᠨ ᠵᠣᠯ ᠵᠢᠷᠭ᠋ᠠᠯ᠎ᠢ ᠪᠦᠲᠦᠭᠡᠶ᠎ᠡ
 
            