9 ᠰᠠᠷ᠎ᠠ᠎ᠶ᠋ᠢᠨ 9 ᠤ᠋ ᠡᠳᠦᠷ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠠᠯᠠᠭ᠎ᠠ ᠲᠠᠱᠢᠯᠳᠠ᠎ᠶ᠋ᠢᠨ ᠲᠠᠭᠤᠨ ᠨᠢᠵᠢᠭᠢᠨᠡᠨ᠂ ᠲᠠᠩᠭᠠᠷᠢᠭᠯᠠᠬᠤ ᠲᠠᠭᠤᠨ ᠴᠤᠤᠷᠢᠶᠠᠳᠤᠵᠤ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ ᠪᠠᠢᠭᠤᠯᠤᠭ᠍ᠳᠠᠬᠤ ᠵᠢᠴᠢ ᠲᠠᠩᠭᠠᠷᠢᠭ᠍ᠯᠠᠬᠤ ᠶᠡᠬᠡ ᠬᠤᠷᠠᠯ ᠡᠨᠳᠡ ᠶᠠᠪᠤᠭ᠍ᠳᠠᠪᠠ᠃

ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ 11 ᠰᠠᠷ᠎ᠠ᠎ᠶ᠋ᠢᠨ 9 — 21 ᠤ᠋ ᠡᠳᠦᠷ ᠪᠣᠯᠲᠠᠯ᠎ᠠ ᠭᠤᠸᠠᠩᠳᠦ᠋ᠩ᠂ ᠱᠢᠶᠠᠩᠭᠠᠩ᠂ ᠣᠣᠮᠧᠨ ᠭᠤᠷᠪᠠᠨ ᠭᠠᠵᠠᠷ᠎ᠲᠤ ᠶᠠᠪᠤᠭ᠍ᠳᠠᠨ᠎ᠠ᠂ ᠤᠷᠤᠯᠳᠤᠭᠠᠨ᠎ᠳᠤ ᠨᠡᠢᠲᠡ 34 ᠶᠡᠬᠡ ᠤᠷᠤᠯᠳᠤᠭᠠᠨ᠎ᠤ ᠲᠦᠷᠦᠯ᠂ 419 ᠪᠠᠭ᠎ᠠ ᠤᠷᠤᠯᠳᠤᠭᠠᠨ᠎ᠤ ᠵᠦᠢᠯ ᠲᠤᠬᠢᠷᠠᠭᠤᠯᠪᠠ᠃ ᠣᠳᠣᠬᠠᠨ᠎ᠳᠤ᠂ ᠲᠤᠰ ᠲᠠᠮᠢᠷ᠎ᠤᠨ ᠴᠤᠭ᠍ᠯᠠᠭᠠᠨ᠎ᠤ ᠡᠯ᠎ᠡ ᠵᠦᠢᠯ᠎ᠦᠨ ᠬᠢᠷᠢ ᠬᠡᠮ᠎ᠦᠨ ᠤᠷᠤᠯᠳᠤᠭᠠᠨ ᠶᠠᠭ ᠶᠠᠪᠤᠭ᠍ᠳᠠᠵᠤ ᠪᠤᠢ᠂ ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ ᠨᠢᠭᠡᠨᠲᠡ 18 ᠶᠡᠬᠡ ᠲᠦᠷᠦᠯ᠂ 84 ᠪᠠᠭ᠎ᠠ ᠤᠷᠤᠯᠳᠤᠭᠠᠨ᠎ᠤ ᠵᠦᠢᠯ᠎ᠤᠨ 198 ᠱᠢᠶ᠋ᠳᠪᠦᠷᠢᠲᠦ ᠤᠷᠤᠯᠳᠤᠭᠠᠨ᠎ᠤ ᠬᠢᠷᠢ ᠬᠡᠮ᠎ᠢ ᠣᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ᠎ᠦᠨ ᠳᠣᠲᠣᠷ᠎ᠠ ᠨᠠᠰᠤ᠎ᠪᠠᠷ ᠬᠠᠮᠤᠭ᠎ᠤᠨ ᠶᠡᠬᠡ ᠲᠠᠮᠢᠷᠴᠢᠨ ᠨᠢ 58 ᠨᠠᠰᠤᠲᠠᠶ᠂ ᠨᠠᠰᠤ᠎ᠪᠠᠷ ᠬᠠᠮᠤᠭ᠎ᠤᠨ ᠪᠠᠭ᠎ᠠ ᠲᠠᠮᠢᠷᠴᠢᠨ ᠨᠢ 15 ᠨᠠᠰᠤᠲᠠᠶ᠃

ᠣᠢᠯᠠᠭᠠᠭ᠍ᠰᠠᠨ᠎ᠢᠶᠠᠷ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠡᠴᠡ ᠡᠮᠦᠨ᠎ᠡ 4 ᠶᠡᠬᠡ ᠲᠥᠷᠥᠯ᠂ 21 ᠪᠠᠭ᠎ᠠ ᠤᠷᠤᠯᠳᠤᠭᠠᠨ᠎ᠤ ᠵᠦᠢᠯ᠎ᠦᠨ ᠱᠢᠶ᠋ᠳᠪᠦᠷᠢᠲᠦ ᠤᠷᠤᠯᠳᠤᠭᠠᠨ᠎ᠢ ᠶᠠᠪᠤᠬᠳᠠᠭᠤᠯᠤᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠭ᠌ᠴᠢᠳ᠎ᠦᠨ ᠪᠦᠯᠬᠦᠮ᠎ᠦᠨ ᠠᠩᠬᠠᠳᠠᠭ᠍ᠴᠢ ᠤᠷᠤᠯᠳᠤᠭᠠᠨ᠎ᠤ ᠲᠥᠷᠥᠯ ᠪᠣᠯᠬᠤ ᠣᠲᠣ ᠦᠶ᠎ᠡ᠎ᠶ᠋ᠢᠨ ᠲᠠᠪᠤᠨ ᠲᠥᠷᠥᠯ ᠤ᠋ᠨ ᠤᠷᠤᠯᠳᠤᠭᠠᠨ 9 ᠰᠠᠷ᠎ᠠ᠎ᠶ᠋ᠢᠨ 20 ᠤ᠋ ᠡᠳᠦᠷ ᠶᠠᠪᠤᠭ᠍ᠳᠠᠨ᠂ ᠯᠢᠦ ᠵᠧᠨ ᠹᠸᠩ᠂ ᠯᠢᠦ ᠵᠢᠶᠠ ᠢ᠂ ᠵᠠᠩ ᠵᠢᠩ᠂ ᠦ᠋ ᠪᠥᠸᠧ ᠴᠧᠨ ᠵᠡᠷᠭᠡ 8 ᠲᠠᠮᠢᠷᠴᠢᠨ ᠤᠷᠤᠯᠳᠤᠭᠠᠨ᠎ᠳᠤ ᠣᠷᠣᠯᠴᠠᠨ᠎ᠠ᠃