ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠭᠤᠣᠯᠳᠠᠯᠭ᠎ᠠ᠎ᠲᠠᠢ ᠡᠭᠦᠷᠭᠡ ᠵᠢᠨ ᠬᠤᠪᠢᠶᠠᠷᠢᠯᠠᠯ᠎ᠢ ᠲᠣᠭᠲᠠᠭ᠋ᠠᠪᠠ ᠨᠠᠶ᠋ᠢᠳᠠᠪᠤᠷᠢᠵᠢᠭᠤᠯᠤᠯᠲᠠ ᠵᠢ ᠯᠠᠪᠳᠠᠭᠤᠨ ᠪᠥᠭᠡᠳ ᠬᠦᠴᠦᠲᠡᠶ᠎ᠪᠠᠷ ᠰᠠᠶ᠋ᠢᠲᠤᠷ ᠠᠳᠬᠤᠵᠤ᠂ ᠠᠵᠤ ᠠᠬᠤᠶ ᠵᠢ ᠲᠣᠭᠲᠠᠭᠤᠨ᠎ᠤ ᠳᠤᠮᠳᠠ ᠪᠠᠬᠢᠵᠢᠭᠦᠯᠦᠨ ᠬᠥᠭᠵᠢᠭᠦᠯᠵᠦ᠂ ᠯᠠᠪᠳᠠᠭᠤᠨ ᠵᠶ᠋ᠠᠷ ᠤᠷᠤᠭᠰᠢᠯᠠᠨ ᠠᠯᠤᠰ᠎ᠢ ᠵᠣᠷᠢᠬᠤ ᠬᠡᠷᠡᠭᠲᠡᠶ ᠭᠡᠵᠦ ᠱᠠᠭ᠋ᠠᠷᠳᠠᠪᠠ
ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 3 ᠰᠠᠷ᠎ᠠ ᠵᠢᠨ 15᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠭᠤᠣᠯᠳᠠᠯᠭ᠎ᠠ᠎ᠲᠠᠢ ᠡᠭᠦᠷᠭᠡ ᠵᠢᠨ ᠬᠤᠪᠢᠶᠠᠷᠢᠯᠠᠯ᠎ᠢ ᠲᠣᠭᠲᠠᠭ᠋ᠠᠵᠤ᠂ ᠯᠠᠪᠳᠠᠭᠤᠨ ᠪᠥᠭᠡᠳ ᠬᠦᠴᠦᠲᠡᠶ᠎ᠪᠠᠷ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠠᠵᠤ ᠠᠬᠤᠶ ᠵᠢ ᠲᠣᠭᠲᠠᠭᠤᠨ᠎ᠤ ᠳᠤᠮᠳᠠ ᠪᠠᠬᠢᠵᠢᠭᠦᠯᠦᠨ ᠬᠥᠭᠵᠢᠭᠦᠯᠵᠦ᠂ ᠯᠠᠪᠳᠠᠭᠤᠨ ᠵᠶ᠋ᠠᠷ ᠤᠷᠤᠭᠰᠢᠯᠠᠨ ᠠᠯᠤᠰ᠎ᠢ ᠵᠣᠷᠢᠬᠤ ᠬᠡᠷᠡᠭᠲᠡᠶ ᠭᠡᠵᠦ ᠱᠠᠭ᠋ᠠᠷᠳᠠᠪᠠ᠃
ᠬᠤᠷᠠᠯ᠎ᠠᠴᠠ ᠵᠢᠭ᠋ᠠᠬᠤ᠎ᠳᠤ᠎ᠪᠠᠨ᠂ ᠰᠠᠶᠢᠬᠠᠨ ᠥᠨᠳᠥᠷᠯᠡᠭᠰᠡᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠨᠢ ᠡᠨᠡ ᠵᠢᠯ᠎ᠤᠨ ᠵᠠᠰᠠᠭ᠎ᠤᠨ ᠣᠷᠳᠣᠨ᠎ᠤ ᠭᠤᠣᠯᠳᠠᠯᠭ᠎ᠠ᠎ᠲᠠᠢ ᠠᠵᠢᠯ᠎ᠳᠤ ᠪᠠᠶ᠋ᠢᠷᠢᠯᠠᠭᠤᠯᠤᠯᠲᠠ ᠬᠢᠪᠡ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠯᠠᠭᠤᠯᠤᠯᠲᠠ ᠵᠢ ᠪᠠᠶ᠋ᠢᠭᠤᠯᠵᠤ᠂ ᠴᠢᠨᠠᠷᠯᠢᠭ ᠬᠥᠭᠵᠢᠯᠲᠡ ᠵᠢ ᠠᠬᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠬᠠᠷᠢᠭᠤᠴᠠᠯᠭ᠎ᠠ ᠵᠢ ᠡᠭᠦᠷᠭᠡᠯᠡᠨ᠂ ᠲᠦᠷᠦ ᠵᠢᠨ ᠪᠤᠳᠤᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠵᠠᠰᠠᠭ᠎ᠤᠨ ᠣᠷᠳᠣᠨ᠎ᠤ ᠠᠷᠠᠳ ᠲᠦᠮᠡᠨ᠎ᠳᠤ ᠠᠮᠠᠯᠳᠠᠭᠰᠠᠨ ᠠᠮᠠᠯᠠᠯᠲᠠ ᠵᠢ ᠬᠥᠭᠵᠢᠯᠲᠡ ᠵᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠰᠢᠨ᠎ᠡ ᠦᠷ᠎ᠡ ᠪᠦᠲᠦᠮᠵᠢ ᠪᠣᠯᠭ᠋ᠠᠬᠤ ᠬᠡᠷᠡᠭᠲᠡᠢ ᠭᠡᠵᠡᠢ᠃ ᠬᠤᠷᠠᠯ᠎ᠠᠴᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠳᠤ ᠳᠤᠷᠠᠳᠤᠭᠰᠠᠨ 38 ᠲᠠᠯ᠎ᠠ ᠵᠢᠨ 44 ᠭᠤᠣᠯᠳᠠᠯᠭ᠎ᠠ᠎ᠲᠠᠢ ᠠᠵᠢᠯ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠣᠷᠣᠨ ᠨᠤᠲᠤᠭ᠎ᠲᠤ ᠬᠤᠪᠢᠶᠠᠨ ᠥᠭᠴᠦ᠂ ᠬᠠᠷᠢᠭᠤᠴᠠᠯᠭ᠎ᠠ ᠪᠣᠯᠤᠨ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠪᠠ᠃
ᠬᠤᠷᠠᠯ᠎ᠠᠴᠠ ᠵᠢᠭ᠋ᠠᠬᠤ᠎ᠳᠤ᠎ᠪᠠᠨ᠂ ᠡᠨᠡ ᠵᠢᠯ᠎ᠤᠨ ᠲᠦᠷᠦᠭᠦᠦ ᠬᠤᠶᠠᠷ ᠰᠠᠷ᠎ᠠ᠎ᠳᠤ ᠠᠵᠤ ᠠᠬᠤᠶ ᠵᠢᠨ ᠠᠵᠢᠯᠯᠠᠭ᠋ᠠᠨ ᠦᠷᠭᠦᠯᠵᠢᠯᠡᠨ ᠰᠡᠷᠭᠦᠵᠦ᠂ ᠬᠥᠭᠵᠢᠯᠲᠡ ᠵᠢᠨ ᠬᠥᠳᠡᠯᠭᠡᠬᠦ ᠬᠦᠴᠦᠨ ᠲᠠᠰᠤᠷᠠᠯᠲᠠ ᠦᠭᠡᠶ ᠴᠢᠩᠭ᠋ᠠᠷᠠᠭᠰᠠᠨ ᠪᠣᠯᠪᠠᠴᠤ ᠰᠡᠷᠭᠦᠭᠡᠯᠲᠡ ᠵᠢᠨ ᠠᠬᠢᠴᠠ ᠮᠥᠨ ᠬᠦ᠌ ᠲᠡᠩᠴᠡᠭᠦᠷᠢ ᠦᠭᠡᠶ ᠪᠠᠶ᠋ᠢᠵᠤ᠂ ᠦᠢ᠍ᠯᠡᠴᠢᠯᠡᠭᠡᠨ᠎ᠤ ᠦᠢ᠍ᠯᠡᠰ᠂ ᠵᠢᠵᠢᠭ ᠪᠢᠴᠢᠯ ᠠᠵᠤ ᠠᠬᠤᠶ᠋ᠢᠯᠠᠯ ᠪᠣᠯᠤᠨ ᠵᠠᠷᠢᠮ ᠣᠷᠣᠨ ᠨᠤᠲᠤᠭ᠎ᠤᠨ ᠠᠵᠤ ᠠᠬᠤᠶ ᠵᠢᠨ ᠰᠡᠷᠭᠦᠯᠲᠡ᠎ᠳᠤ ᠪᠠᠰᠠ ᠴᠦ᠍ ᠴᠥᠭᠡᠨ ᠪᠤᠰᠤ ᠬᠦᠴᠢᠷᠳᠡᠯ ᠲᠤᠯᠭ᠋ᠠᠷᠠᠵᠤ ᠪᠠᠶ᠋ᠢᠨ᠎ᠠ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠲᠣᠭᠲᠠᠭ᠋ᠠᠭᠰᠠᠨ ᠪᠦᠬᠦ ᠵᠢᠯ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠱᠠᠯᠠᠪᠳᠠᠨ ᠨᠠᠶ᠋ᠢᠳᠠᠪᠤᠷᠢᠵᠢᠭᠤᠯᠵᠤ᠂ ᠠᠵᠤ ᠠᠬᠤᠶ ᠵᠢᠨ ᠠᠵᠢᠯᠯᠠᠭ᠋ᠠᠨ᠎ᠢ ᠵᠦᠢ ᠵᠣᠬᠢᠰᠲᠠᠶ ᠬᠡᠪᠴᠢᠶᠡᠨ᠎ᠳᠤ ᠪᠠᠶ᠋ᠢᠯᠭ᠋ᠠᠬᠤ ᠵᠢ ᠪᠠᠲᠤᠯᠠᠬᠤ ᠬᠡᠷᠡᠭᠲᠡᠶ ᠭᠡᠪᠡ᠃ ᠨᠢᠭᠡ᠎ᠳᠤ᠂ ᠳᠡᠯᠡᠬᠡᠶ ᠵᠢᠨ ᠠᠵᠤ ᠠᠬᠤᠶ ᠵᠢᠨ ᠪᠠᠶ᠋ᠢᠳᠠᠯ᠎ᠤᠨ ᠬᠤᠪᠢᠷᠠᠯᠲᠠ ᠵᠢᠴᠢ ᠮᠠᠨ᠎ᠤ ᠤᠯᠤᠰ᠎ᠲᠤ ᠦᠵᠡᠭᠦᠯᠬᠦ ᠨᠥᠯᠥᠭᠡ ᠵᠢ ᠨᠢᠭᠲᠠ ᠮᠦᠷᠳᠡᠨ ᠳᠠᠭ᠋ᠠᠵᠤ᠂ ᠤᠯᠤᠰ᠎ᠤᠨ ᠳᠣᠲᠣᠭ᠋ᠠᠳᠤ ᠵᠢᠨ ᠠᠵᠤ ᠠᠬᠤᠶ ᠵᠢᠨ ᠠᠵᠢᠯᠯᠠᠭ᠋ᠠᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢᠳᠬᠠᠭᠰᠠᠨ ᠪᠠ ᠡᠷᠭᠢᠯᠲᠡ ᠵᠢᠨ ᠬᠤᠭᠤᠴᠠᠭ᠋ᠠᠨ᠎ᠤ᠎ᠬᠢ᠎ᠲᠠᠢ ᠬᠠᠷᠢᠴᠠᠭᠤᠯᠤᠭᠰᠠᠨ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ᠎ᠪᠠᠷ ᠡᠵᠡᠮᠳᠡᠵᠦ᠂ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠢ ᠭᠦᠨᠵᠡᠭᠡᠶ ᠵᠠᠳᠠᠯᠵᠤ᠂ ᠲᠦᠷᠦ ᠵᠢᠨ ᠪᠤᠳᠤᠯᠭ᠎ᠠ ᠵᠢᠨ ᠤᠷᠢᠳᠴᠢᠯᠠᠭᠰᠠᠨ ᠲᠤᠬᠢᠷᠠᠭᠤᠯᠤᠯᠳᠠ ᠪᠢᠴᠢᠯ ᠲᠤᠬᠢᠷᠠᠭᠤᠯᠤᠯᠳᠡ ᠵᠢ ᠴᠠᠭ ᠲᠤᠬᠠᠶ᠎ᠳᠤᠨᠢ ᠬᠡᠷᠡᠭᠵᠢᠭᠦᠯᠵᠦ᠂ ᠢᠯᠠᠩᠭᠤᠶ᠎ᠠ ᠠᠵᠢᠯ ᠣᠯᠭᠤᠯᠲᠠ ᠵᠢ ᠠᠬᠢᠭᠤᠯᠬᠤ᠂ ᠪᠠᠷᠠᠭ᠋ᠠᠨ᠎ᠤ ᠦᠨ᠎ᠡ ᠵᠢ ᠲᠣᠭᠲᠠᠪᠤᠷᠢᠵᠢᠭᠤᠯᠬᠤ ᠵᠡᠷᠭᠡ ᠠᠵᠢᠯ᠎ᠢ ᠰᠠᠶ᠋ᠢᠲᠤᠷ ᠬᠢᠵᠦ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠪᠤᠷᠢᠵᠢᠭᠤᠯᠤᠨ᠎ᠠ᠃ ᠲᠦᠭᠰᠢᠭᠦᠷᠢ ᠵᠢᠨ ᠲᠠᠯᠳᠠ ᠭᠡᠮ᠎ᠢ ᠰᠡᠷᠭᠡᠶ᠋ᠢᠯᠡᠨ ᠨᠠᠮᠳᠠᠭ᠋ᠠᠵᠤ᠂ ᠠᠵᠤ ᠠᠬᠤᠶ ᠵᠢᠨ ᠲᠣᠭᠲᠠᠭᠤᠨ ᠵᠶ᠋ᠠᠷ ᠰᠡᠷᠭᠦᠬᠦ ᠰᠠᠭᠤᠷᠢ ᠵᠢ ᠪᠠᠬᠢᠵᠢᠭᠦᠯᠬᠦ ᠬᠡᠷᠡᠭᠲᠡᠢ᠃ ᠬᠤᠶᠠᠷ᠎ᠲᠤ᠂ ᠨᠢᠭᠡᠨᠲᠡ ᠲᠣᠭᠲᠠᠭ᠋ᠠᠭᠰᠠᠨ ᠡᠳ᠋᠎ᠤᠨ ᠵᠠᠰᠠᠭ᠂ ᠮᠥᠩᠭᠦᠨ ᠭᠦᠢ᠍ᠯᠭᠡᠭᠡ᠂ ᠠᠵᠢᠯ ᠣᠯᠭᠤᠯᠲᠠ ᠵᠡᠷᠭᠡ ᠬᠤᠷᠸ᠎ᠠ ᠲᠦᠷᠦ ᠵᠢᠨ ᠪᠤᠳᠤᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠨ᠎ᠠ᠃ ᠬᠡᠪᠴᠢᠶ᠎ᠡ ᠵᠢ ᠥᠷᠭᠡᠳᠬᠡᠭᠰᠡᠨᠤ ᠳᠠᠷᠠᠭ᠋ᠠᠬᠢ ᠡᠳ᠋᠎ᠤᠨ ᠵᠠᠰᠠᠭ᠎ᠤᠨ ᠰᠢᠭᠤᠳ ᠬᠦᠷᠭᠡᠬᠦ ᠪᠡᠯᠡ ᠮᠥᠩᠭᠦ ᠵᠢ ᠦᠨᠳᠦᠰᠦᠨ ᠱᠠᠲᠤᠨ᠎ᠳᠠᠬᠢ ᠨᠠᠶ᠋ᠢᠳᠠᠪᠤᠷᠢᠵᠢᠭᠤᠯᠤᠯᠲᠠ ᠵᠢ ᠲᠦᠷᠭᠡᠳᠬᠡᠵᠦ᠂ ᠠᠵᠢᠯ ᠣᠯᠭᠤᠯᠲᠠ ᠵᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢ ᠪᠠᠲᠤᠯᠠᠬᠤ᠎ᠳᠤ ᠳᠣᠪᠤᠶ᠋ᠢᠯᠭ᠋ᠠᠨ ᠬᠡᠷᠡᠭᠯᠡᠬᠦ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ ᠠᠷᠪᠢᠯᠠᠨ ᠭᠠᠮᠨᠠᠬᠤ ᠵᠢ ᠪᠠᠷᠢᠮᠲᠠᠯᠠᠵᠤ᠂ ᠦᠨᠳᠦᠰᠦᠨ ᠱᠠᠲᠤᠨ᠎ᠤ ᠠᠵᠢᠯᠯᠠᠭ᠋ᠠᠨ᠎ᠤ ᠵᠠᠷᠤᠳᠠᠯ᠎ᠢ ᠪᠠᠲᠤᠯᠠᠬᠤ ᠬᠡᠷᠡᠭᠲᠡᠶ᠃ ᠵᠢᠵᠢᠭ ᠪᠢᠴᠢᠯ ᠠᠵᠤ ᠠᠬᠤᠶ᠋ᠢᠯᠠᠯ᠎ᠳᠤ ᠴᠢᠭᠯᠡᠭᠦᠯᠦᠭᠰᠡᠨ ᠭᠠᠶ᠋ᠢᠯᠢ ᠬᠥᠩᠭᠡᠯᠡᠵᠦ ᠰᠦᠢ᠍ᠳᠬᠡᠯ ᠪᠠᠭᠤᠷᠠᠭᠤᠯᠬᠤ ᠲᠦᠷᠦ ᠵᠢᠨ ᠪᠤᠳᠤᠯᠭ᠎ᠠ ᠣᠨᠴᠠᠭ᠋ᠠᠶ᠋ᠢᠯᠠᠨ ᠪᠦᠲᠦᠴᠡ ᠵᠢᠨ ᠴᠢᠨᠠᠷᠲᠠᠢ ᠭᠠᠶ᠋ᠢᠯᠢ ᠬᠥᠩᠭᠡᠯᠡᠬᠦ ᠰᠢᠨ᠎ᠡ ᠠᠷᠭ᠎ᠠ ᠬᠡᠮᠵᠢᠶ᠎ᠡ ᠵᠢᠨ ᠨᠠᠶ᠋ᠢᠳᠠᠪᠤᠷᠢᠵᠢᠭᠤᠯᠤᠯᠲᠠ ᠵᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠢ᠃ ᠦᠢ᠍ᠯᠡᠳᠬᠡᠯ᠎ᠤᠨ ᠦᠢ᠍ᠯᠡᠰ᠎ᠤᠨ ᠠᠵᠤ ᠠᠬᠤᠶ᠋ᠢᠯᠠᠯ᠎ᠤᠨ ᠰᠤᠳᠤᠯᠭ᠋ᠠᠨ᠎ᠤ ᠵᠠᠷᠤᠳᠠᠯ᠎ᠢ ᠨᠡᠮᠡᠨ ᠪᠤᠳᠤᠵᠤ ᠰᠠᠭᠤᠯᠭ᠋ᠠᠨ ᠠᠪᠬᠤ ᠬᠠᠷᠢᠴᠠᠯ᠎ᠢ ᠳᠡᠭᠡᠭᠰᠢᠯᠡᠭᠦᠯᠬᠦ ᠲᠥᠷᠥ ᠵᠢᠨ ᠪᠣᠳᠣᠯᠭ᠎ᠠ ᠵᠢ ᠱᠠᠯᠠᠪᠳᠠᠭᠤᠯᠤᠨ ᠬᠡᠷᠡᠭᠵᠢᠭᠦᠯᠵᠦ᠂ ᠳ᠋ᠦᠩᠨᠡᠨ ᠪᠤᠳᠤᠬᠤ ᠬᠤᠭᠤᠴᠠᠭ᠎ᠠ ᠵᠢ ᠪᠣᠭᠤᠨᠢᠰᠬᠠᠵᠤ᠂ ᠠᠵᠤ ᠠᠬᠤᠶ᠋ᠢᠯᠠᠯ᠎ᠤᠨ ᠲᠤᠬᠠᠶ ᠵᠢᠨ ᠵᠢᠯ᠎ᠳᠤ᠎ᠪᠠᠨ ᠠᠰᠢᠭ ᠣᠯᠬᠤ ᠵᠢ ᠪᠠᠲᠤᠯᠠᠬᠤ ᠬᠡᠷᠡᠭᠲᠡᠢ᠃ ᠬᠤᠷᠸ᠎ᠠ ᠬᠦᠰᠢᠬᠦᠷᠭᠡ ᠵᠢᠨ ᠨᠤᠷᠮ᠎ᠠ ᠵᠢ ᠦᠨᠳᠦᠰᠦᠨ᠎ᠳᠤ᠎ᠪᠠᠨ ᠲᠣᠭᠲᠠᠭᠤᠨ ᠪᠠᠶ᠋ᠢᠯᠭ᠋ᠠᠵᠤ᠂ ᠵᠠᠰᠠᠭ᠎ᠤᠨ ᠣᠷᠳᠣᠨ᠎ᠤ ᠬᠦᠰᠢᠬᠦᠷᠭᠡ ᠵᠢᠨ ᠨᠤᠷᠮ᠎ᠠ ᠵᠢ ᠵᠣᠬᠢᠬᠤ ᠬᠡᠮᠵᠢᠶ᠎ᠡ᠎ᠪᠠᠷ ᠪᠠᠭᠤᠷᠠᠭᠤᠯᠬᠤ ᠬᠡᠷᠡᠭᠲᠡᠶ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠪᠣᠳᠠᠲᠠᠶ ᠠᠷᠭ᠎ᠠ ᠬᠡᠮᠵᠢᠶ᠎ᠡ ᠵᠢ ᠱᠠᠯᠠᠪᠳᠠᠨ ᠨᠡᠶ᠋ᠢᠲᠡᠯᠡᠭᠦᠯᠵᠦ᠂ ᠵᠢᠵᠢᠭ ᠪᠢᠴᠢᠯ ᠠᠵᠤ ᠠᠬᠤᠶ᠋ᠢᠯᠠᠯ᠎ᠤᠨ ᠪᠠᠯᠠ ᠲᠣᠬᠢᠷᠠᠭᠤᠯᠬᠤ᠎ᠳᠤ ᠲᠥᠬᠦᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠵᠦ᠂ ᠶᠡᠷᠦᠩᠬᠡᠶ᠋ᠢᠯᠡᠭᠰᠡᠨ ᠪᠠᠯᠠ ᠲᠣᠬᠢᠷᠠᠭᠤᠯᠭ᠎ᠠ ᠵᠢᠨ ᠥᠪᠡᠷ᠎ᠤᠨ ᠥᠷᠲᠡᠭ᠎ᠢ ᠲᠣᠭᠲᠠᠭᠤᠨ ᠪᠠᠶ᠋ᠢᠯᠭ᠋ᠠᠬᠤ ᠵᠢᠨ ᠵᠡᠷᠭᠡ᠎ᠳᠤ ᠪᠠᠭᠤᠷᠠᠭᠤᠯᠬᠤ ᠵᠢ ᠭᠦᠢ᠍ᠴᠡᠳᠬᠡᠬᠦ ᠬᠡᠷᠡᠭᠲᠡᠢ᠃ ᠡᠳ᠋᠎ᠤᠨ ᠵᠠᠰᠠᠭ᠂ ᠮᠥᠩᠭᠦᠨ ᠭᠦᠢ᠍ᠯᠭᠡᠭᠡ ᠵᠡᠷᠭᠡ ᠵᠢᠨ ᠲᠦᠷᠦ ᠵᠢᠨ ᠪᠤᠳᠤᠯᠭ᠎ᠠ᠎ᠨᠢ ᠴᠥᠮ ᠠᠵᠢᠯ ᠣᠯᠭᠤᠯᠲᠠ ᠵᠢ ᠨᠡᠮᠡᠭᠳᠡᠭᠦᠯᠬᠦ ᠵᠢᠨ ᠲᠣᠭᠤᠷᠢᠨ᠎ᠳᠤ ᠬᠠᠮᠵᠢᠯᠴᠠᠨ ᠬᠦᠴᠦᠯᠡᠬᠦ ᠬᠡᠷᠡᠭᠲᠡᠶ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠨ ᠣᠶᠤᠲᠠᠳ᠂ ᠴᠡᠷᠢᠭ᠎ᠠᠴᠠ ᠬᠠᠯᠠᠭᠳᠠᠭᠰᠠᠳ᠂ ᠬᠥᠯᠥᠰᠥᠨ ᠠᠵᠢᠯᠴᠢᠳ ᠵᠡᠷᠭᠡ ᠭᠤᠣᠯᠳᠠᠯᠭ᠎ᠠ᠎ᠲᠠᠢ ᠬᠦᠮᠦᠰ᠎ᠤᠨ ᠠᠵᠢᠯ ᠣᠯᠭᠤᠯᠲᠠ ᠵᠢ ᠠᠬᠢᠭᠤᠯᠬᠤ ᠪᠠ ᠦᠢ᠍ᠯᠡᠴᠢᠯᠡᠬᠦ ᠵᠢ ᠴᠢᠩᠭ᠋ᠠᠳᠬᠠᠨ᠎ᠠ᠃ ᠬᠥᠳᠡᠯᠮᠦᠷᠢ ᠬᠦᠴᠦᠨ᠂ ᠴᠢᠳᠠᠪᠤᠷᠢᠲᠠᠨ᠂ ᠡᠳᠦᠷ᠎ᠤᠨ ᠬᠦᠴᠦ ᠶᠠᠪᠤᠭᠴᠢ ᠵᠡᠷᠭᠡ 《ᠭᠤᠷᠪᠠᠨ ᠵᠠᠬ᠎ᠠ ᠳᠡᠯᠭᠡᠭᠦᠷ》᠎ᠤᠨ ᠦᠢ᠍ᠯᠡᠳᠦᠯ᠎ᠢ ᠪᠠᠳᠠᠷᠠᠭᠤᠯᠵᠤ᠂ ᠠᠵᠢᠯ ᠣᠯᠭᠤᠬᠤ ᠠᠷᠭ᠎ᠠ ᠵᠠᠮ᠎ᠢ ᠥᠷᠭᠡᠳᠬᠡᠬᠦ ᠬᠡᠷᠡᠭᠲᠡᠢ᠃ ᠭᠤᠷᠪᠠ᠎ᠳᠤ᠂ ᠭᠤᠤᠯᠳᠠᠯᠭ᠎ᠠ᠎ᠲᠠᠢ ᠠᠵᠢᠯ᠎ᠢ ᠵᠠᠳᠠᠯᠤᠨ ᠨᠠᠷᠢᠯᠢᠬ᠍ᠵᠢᠭᠤᠯᠤᠨ᠎ᠠ᠃ 《ᠲᠠᠯᠪᠢᠬᠤ᠂ ᠬᠠᠮᠢᠶᠠᠷᠬᠤ᠂ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢ ᠲᠦᠷᠭᠡᠳᠬᠡᠨ ᠠᠬᠢᠭᠤᠯᠵᠤ᠂ ᠠᠵᠤ ᠠᠬᠤᠶ᠋ᠢᠯᠠᠯ᠎ᠳᠤ ᠬᠤᠯᠪᠣᠭᠳᠠᠭᠰᠠᠨ ᠬᠢᠨᠠᠨ ᠵᠥᠪᠰᠢᠶᠡᠷᠡᠯ᠎ᠤᠨ ᠭᠤᠭᠴᠤᠭ᠎ᠠ ᠵᠢ ᠪᠠᠭ᠋ᠠᠰᠬᠠᠬᠤ᠂ ᠮᠠᠲ᠋ᠧᠷᠢᠶᠠᠯ᠎ᠢ ᠪᠠᠭ᠋ᠠᠰᠬᠠᠬᠤ᠂ ᠴᠠᠭ᠎ᠤᠨ ᠬᠢᠵᠠᠭ᠋ᠠᠷ᠎ᠢ ᠪᠠᠭ᠋ᠠᠰᠬᠠᠬᠤ᠂ ᠵᠠᠷᠤᠳᠠᠯ᠎ᠢ ᠪᠠᠭ᠋ᠠᠰᠬᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠃ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠬᠤ᠂ ᠰᠢᠯᠵᠢᠭᠦᠯᠦᠨ ᠥᠭᠬᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠥᠷᠢ ᠥᠭᠴᠡᠭᠡ ᠵᠡᠷᠭᠡ ᠵᠢᠨ ᠪᠡᠯᠡ ᠮᠥᠩᠭᠦ ᠵᠢ ᠲᠦᠷᠭᠡᠪᠴᠢᠯᠡᠨ ᠪᠠᠭᠤᠯᠭ᠋ᠠᠬᠤ ᠪᠠ ᠰᠠᠶ᠋ᠢᠲᠤᠷ ᠬᠡᠷᠡᠭᠯᠡᠵᠦ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠦᠨᠳᠦᠰᠦᠨ ᠡᠮᠴᠢᠯᠡᠭᠡ ᠵᠡᠷᠭᠡ ᠬᠦᠷᠢᠶᠡᠨ᠎ᠳᠠᠬᠢ ᠳᠤᠲᠠᠭᠤᠳᠠᠯ᠎ᠢ ᠨᠥᠬᠦᠪᠦᠷᠢᠯᠡᠬᠦ ᠳᠡᠮᠵᠢᠯᠭᠡ᠎ᠪᠠᠨ ᠴᠢᠩᠭ᠋ᠠᠳᠬᠠᠨ᠎ᠠ᠃ ᠰᠢᠶᠠᠨ ᠰᠢᠶᠠᠩ᠎ᠤᠨ ᠦᠨᠳᠦᠰᠦᠨ ᠱᠠᠲᠤᠨ᠎ᠤ ᠪᠠᠭᠰᠢ ᠵᠢ ᠪᠣᠯᠪᠠᠰᠤᠷᠠᠭᠤᠯᠬᠤ ᠪᠠ ᠠᠵᠢᠯ᠎ᠤᠨ ᠪᠠᠶ᠋ᠢᠷᠢ ᠳᠡᠭᠡᠷ᠎ᠡ᠎ᠪᠠᠨ ᠰᠤᠷᠤᠯᠭ᠎ᠠ ᠵᠢᠨ ᠨᠠᠮᠲᠠᠷ ᠵᠶ᠋ᠠᠨ ᠳᠡᠭᠡᠭᠰᠢᠯᠡᠭᠦᠯᠬᠦ ᠵᠢ ᠳᠡᠮᠵᠢᠬᠦ ᠲᠦᠷᠦ ᠵᠢᠨ ᠪᠣᠳᠣᠯᠭ᠎ᠠ ᠵᠢ ᠨᠡᠶ᠋ᠢᠲᠡᠯᠡᠨ ᠬᠡᠷᠡᠭᠵᠢᠭᠦᠯᠦᠨ᠎ᠡ᠃ ᠡᠭᠦᠳᠡᠨ ᠡᠮᠨᠡᠯᠭᠡ ᠵᠢᠨ ᠵᠠᠷᠤᠳᠠᠯ᠎ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ᠂ ᠡᠭᠦᠳᠡᠨ ᠡᠮᠨᠡᠯᠭᠡ ᠵᠢᠨ ᠡᠮᠴᠢᠯᠡᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ ᠪᠠ ᠪᠠᠶ᠋ᠢᠩᠭᠤ ᠲᠣᠬᠢᠶᠠᠯᠳᠤᠳᠠᠭ ᠡᠪᠡᠳᠴᠢᠨ᠎ᠤ ᠡᠮ᠎ᠤᠨ ᠵᠦᠢ᠍ᠯ᠎ᠤᠨ ᠲᠠᠩᠰᠠ ᠲᠠᠶ᠋ᠢᠯᠬᠤ ᠬᠡᠪᠴᠢᠶ᠎ᠡ ᠵᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠵᠢ ᠱᠠᠯᠠᠪᠳᠠᠨ ᠨᠡᠶ᠋ᠢᠲᠡᠯᠡᠨ᠎ᠡ᠃ ᠭᠠᠶ᠋ᠢᠯᠢ ᠰᠦᠢ᠍ᠳᠬᠡᠯ᠎ᠢ ᠬᠠᠰᠤᠵᠤ ᠬᠥᠩᠭᠡᠯᠡᠬᠦ ᠵᠡᠷᠭᠡ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠬᠦᠴᠦᠨ᠎ᠤ ᠨᠡᠶ᠋ᠢᠭᠡᠮ ᠲᠣᠭᠤᠷᠢᠭ᠎ᠤᠨ ᠨᠠᠰᠤᠵᠢᠯ᠎ᠤᠨ ᠠᠰᠠᠷᠠᠮᠵᠢ᠂ ᠬᠡᠦᠬᠡᠳ ᠰᠠᠭ᠋ᠠᠲᠠᠭᠤᠯᠬᠤ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ ᠵᠡᠷᠭᠡ ᠵᠢ ᠬᠥᠭᠵᠢᠭᠦᠯᠬᠦ ᠵᠢ ᠳᠡᠮᠵᠢᠨ᠎ᠡ᠃ ᠲᠦᠷᠪᠡ᠎ᠳᠤ᠂ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠲᠠᠯ᠎ᠠ ᠵᠢᠨ ᠰᠢᠮᠳᠠᠭᠤᠯᠤᠨ ᠪᠠᠶ᠋ᠢᠴᠠᠭ᠋ᠠᠯᠲᠠ ᠵᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠱᠠᠭ᠋ᠠᠷᠳᠠᠯᠭ᠎ᠠ᠎ᠲᠠᠢ ᠬᠠᠷᠢᠴᠠᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠤᠨ ᠵᠶ᠋ᠠᠨ ᠬᠡᠷᠡᠭᠵᠢᠭᠦᠯᠬᠦ ᠲᠥᠰᠦᠯ᠎ᠢ ᠲᠥᠷᠭᠡᠳᠬᠡᠨ ᠲᠣᠭᠲᠠᠭ᠋ᠠᠵᠤ᠂ ᠡᠯ᠎ᠡ ᠵᠦᠢ᠍ᠯ᠎ᠤᠨ ᠠᠵᠢᠯ ᠵᠶ᠋ᠠᠨ ᠤᠷᠢᠳᠴᠢᠯᠠᠨ ᠬᠢᠬᠦ ᠬᠡᠷᠡᠭᠲᠡᠶ᠃ ᠬᠦᠷᠢᠶ᠎ᠡ ᠴᠠᠷᠠᠭ᠎ᠠ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠭᠠᠵᠠᠷ ᠣᠷᠣᠨ ᠠᠯᠤᠰᠯᠠᠭᠰᠠᠨ ᠵᠦᠢ᠍ᠯᠡᠰ᠎ᠲᠤ ᠬᠠᠷᠢᠯᠴᠠᠨ ᠬᠠᠮᠵᠢᠯᠴᠠᠬᠤ᠎ᠪᠠᠨ ᠴᠢᠩᠭ᠋ᠠᠳᠬᠠᠬᠤ ᠬᠡᠷᠡᠭᠲᠡᠶ᠃ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠪᠠᠲᠤᠯᠠᠵᠤ᠂ 《14 · 5》᠎ᠤᠨ ᠲᠥᠯᠥᠪᠵᠢᠭᠦᠯᠭᠡ ᠰᠠᠶ᠋ᠢᠨ ᠡᠬᠢᠯᠡᠯᠲᠡ᠎ᠲᠠᠢ ᠪᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃